蒙古文网站Logo
ᠰᠢᠨᠬᠤᠸᠠ ᠮᠤᠩᠭ᠋ᠤᠯ ᠨᠧᠲ

ᠴᠠᠭᠠᠨ ᠰᠠᠷ᠎ᠠ ᠶᠢᠨ ᠵᠦᠭᠡᠭᠡᠪᠦᠷᠢ ᠶᠢᠨ ᠠᠩᠬᠠᠨ ᠤ ᠡᠳᠤᠷ ᠤᠨ ᠭᠠᠯᠳᠤ ᠶᠢᠨ ᠲᠠᠰᠤᠯᠪᠦᠷᠢ ᠶᠢ 1 ᠰᠠᠷ᠎ᠠ ᠶᠢᠨ 3 ᠤ ᠡᠳᠤᠷ ᠡᠴᠡ ᠡᠬᠢᠯᠡᠨ ᠬᠤᠳᠠᠯᠳᠤᠨ᠎ᠠ

2017-12-25 11:47

    ᠲᠡᠮᠦᠷ ᠵᠠᠮ ᠤᠨ ᠰᠠᠯᠠᠭ᠎ᠠ ᠮᠦᠴᠢᠷ ᠤᠶᠢᠷ᠎ᠠ ᠳᠤ ᠴᠠᠭᠠᠨ ᠰᠠᠷ᠎ᠠ ᠶᠢᠨ ᠵᠦᠭᠡᠬᠡᠪᠦᠷᠢ ᠶᠢᠨ ᠭᠠᠯᠳᠤ ᠶᠢᠨ ᠲᠠᠰᠤᠯᠪᠦᠷᠢ ᠶᠢ ᠤᠷᠢᠳᠴᠢᠯᠠᠨ ᠬᠤᠳᠠᠯᠳᠤᠬᠤ ᠴᠠᠭ ᠤᠨ ᠬᠦᠰᠦᠨᠦᠭ᠍ᠳᠤ ᠶᠢ ᠨᠡᠶᠢᠳᠡᠯᠡᠪᠡ᠃ 2018 ᠤᠨ ᠤ ᠴᠠᠭᠠᠨ ᠰᠠᠷ᠎ᠠ ᠶᠢᠨ ᠵᠦᠭᠡᠭᠡᠪᠦᠷᠢ ᠶᠢᠨ ᠠᠩᠬᠠᠨ ᠤ ᠡᠳᠤᠷ ᠤᠨ ᠭᠠᠯᠳᠤ ᠶᠢᠨ ᠲᠠᠰᠤᠯᠪᠦᠷᠢ ᠢᠢ ᠢᠷᠡᠬᠦ ᠵᠢᠯ ᠤᠨ 1 ᠰᠠᠷ᠎ᠠ ᠶᠢᠨ 3 ᠤ ᠡᠳᠤᠷ ᠡᠴᠡ ᠡᠬᠢᠯᠡᠨ ᠬᠤᠳᠠᠯᠳᠤᠵᠤ᠂ ᠪᠢᠳᠡᠬᠦᠨ ᠤ ᠡᠳᠤᠷ ᠤᠨ ᠲᠠᠰᠤᠯᠪᠦᠷᠢ ᠶᠢ 1 ᠰᠠᠷ᠎ᠠ ᠶᠢᠨ 17 ᠤ ᠡᠳᠤᠷ  ᠬᠤᠳᠠᠯᠳᠤᠨ᠎ᠠ᠃ ᠡᠬᠦᠨ ᠤ ᠬᠠᠮᠳᠤ᠂ ᠡᠪᠤᠯ ᠤᠨ ᠠᠮᠠᠷᠠᠯᠳᠠ ᠶᠢᠨ ᠰᠤᠷᠤᠭᠴᠢᠳ ᠤᠨ ᠲᠠᠰᠤᠯᠪᠦᠷᠢ᠂ ᠬᠦᠯᠦᠰᠦᠨ ᠠᠵᠢᠯᠴᠢᠳ ᠤᠨ ᠴᠠᠭᠠᠨ ᠰᠠᠷ᠎ᠠ ᠳᠤ ᠪᠤᠴᠠᠬᠤ ᠲᠠᠰᠤᠯᠪᠦᠷᠢ ᠢᠢ ᠴᠤ ᠨᠢᠬᠡᠨᠳᠡ ᠬᠤᠳᠠᠯᠳᠤᠵᠤ ᠡᠬᠢᠯᠡᠪᠡ᠃ ᠨᠧᠲ᠂ ᠭᠠᠷ ᠤᠳᠠᠰᠤ᠂ ᠭᠠᠯᠳᠤ ᠲᠡᠷᠬᠡ ᠶᠢᠨ ᠦᠷᠳᠡᠬᠡᠨ ᠤ ᠲᠠᠰᠤᠯᠪᠦᠷᠢ ᠬᠤᠳᠠᠯᠳᠤᠬᠤ ᠴᠤᠩᠬᠤ᠂ ᠲᠦᠯᠦᠭᠡᠯᠡᠨ ᠬᠤᠳᠠᠯᠳᠤᠬᠤ ᠴᠢᠭ ᠵᠡᠷᠬᠡ ᠤᠯᠠᠨ ᠵᠦᠢᠯ ᠤᠨ ᠠᠷᠭ᠎ᠠ ᠪᠡᠷ ᠲᠠᠰᠤᠯᠪᠦᠷᠢ ᠬᠤᠳᠠᠯᠳᠤᠨ ᠠᠪᠴᠤ ᠪᠤᠯᠤᠨ᠎ᠠ᠃

    ᠤᠶᠢᠯᠠᠭᠠᠭᠰᠠᠨ ᠢᠶᠡᠷ᠂ ᠵᠢᠯ ᠪᠦᠷᠢ ᠶᠢᠨ ᠴᠠᠭᠠᠨ ᠰᠠᠷ᠎ᠠ ᠶᠢᠨ ᠵᠦᠭᠡᠭᠡᠪᠦᠷᠢ ᠶᠢᠨ ᠴᠠᠭ ᠨᠢ ᠴᠠᠭᠠᠨ ᠰᠠᠷ᠎ᠠ ᠶᠢᠨ ᠪᠠᠶᠠᠷ ᠡᠴᠡ ᠡᠮᠦᠨᠡᠬᠢ 15 ᠡᠳᠤᠷ᠂ ᠪᠠᠶᠠᠷ ᠤᠨ ᠲᠠᠷᠠᠭᠠᠬᠢ 25 ᠡᠳᠤᠷ᠂ ᠨᠡᠶᠢᠳᠡ 40 ᠡᠳᠤᠷ ᠪᠤᠯᠤᠨ᠎ᠠ᠃ ᠢᠷᠡᠬᠦ ᠵᠢᠯ ᠤᠨ 2 ᠰᠠᠷ᠎ᠠ ᠶᠢᠨ 16 ᠤ ᠡᠳᠤᠷ ᠪᠤᠯ ᠴᠠᠭᠠᠨ ᠰᠠᠷ᠎ᠠ ᠶᠢᠨ ᠰᠢᠨ᠎ᠡ ᠶᠢᠨ ᠨᠢᠬᠡᠨ᠂ ᠡᠬᠦᠨ ᠡᠴᠡ ᠦᠵᠡᠬᠦ ᠳᠤ 2 ᠰᠠᠷ᠎ᠠ ᠶᠢᠨ 1 ᠤ ᠡᠳᠤᠷ ᠡᠴᠡ 3 ᠰᠠᠷ᠎ᠠ ᠶᠢᠨ 12 ᠤᠨ ᠡᠳᠤᠷ ᠪᠤᠯᠳᠠᠯᠠᠬᠢ ᠨᠢ 2018 ᠤᠨ ᠤ ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭ᠎ᠠ ᠪᠤᠯᠤᠨ᠎ᠠ᠃ 

ᠢᠷᠡᠯᠳᠡ᠄ ᠰᠢᠨ ᠵᠢᠩ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122162727