蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢᠨ ᠪᠤᠰᠤ ᠡᠷᠦᠬᠡ ᠠᠮᠠ ᠶᠢᠨ ᠲᠠᠩᠰᠠ ᠲᠠᠢ ᠢᠷᠭᠡᠳ ᠤᠷᠤᠰᠢᠨ ᠰᠠᠭᠤᠬᠤ ᠦᠨᠡᠮᠯᠡᠬᠦ ᠪᠡᠷ ᠢᠶᠡᠨ ᠬᠢᠯᠢ ᠲᠠᠮᠨᠠᠬᠤ ᠵᠦᠪᠰᠢᠶᠡᠷᠡᠯ ᠠᠪᠴᠤ ᠪᠤᠯᠤᠨ᠎ᠠ

2017-12-25 16:26

    ᠲᠤᠳᠤᠭᠠᠳᠤ ᠶᠢ ᠬᠠᠮᠠᠭᠠᠯᠠᠬᠤ ᠶᠢᠨ ᠦᠬᠡᠷᠡᠴᠢᠯᠡᠯᠳᠡ ᠪᠤᠯᠤᠨ ᠢᠷᠭᠡᠳ ᠤᠨ ᠡᠳᠤᠷ ᠢᠷᠡᠬᠦᠶ᠎ᠡ ᠨᠡᠮᠡᠭᠳᠡᠵᠤ ᠪᠤᠢ ᠬᠢᠯᠢ ᠲᠠᠮᠨᠠᠬᠤ ᠵᠦᠪᠰᠢᠶᠡᠷᠡᠯ ᠬᠦᠢᠴᠡᠳᠬᠡᠬᠦ ᠱᠠᠭᠠᠷᠳᠠᠯᠭ᠎ᠠ ᠪᠡᠷ ᠤᠶᠢᠷ᠎ᠠ ᠳᠤ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠢᠯᠢ ᠲᠠᠮᠨᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠷᠤᠰᠢᠨ ᠰᠠᠭᠤᠬᠤ ᠦᠨᠡᠮᠯᠡᠬᠦ ᠪᠡᠷ ᠬᠢᠯᠢ ᠲᠠᠮᠨᠠᠬᠤ ᠵᠦᠪᠰᠢᠶᠡᠷᠡᠯ ᠤᠨ ᠪᠢᠴᠢᠭ᠌ ᠬᠦᠢᠴᠡᠳᠬᠡᠵᠤ ᠪᠤᠯᠬᠤ ᠠᠵᠢᠯ ᠢ ᠪᠦᠬᠦ ᠲᠠᠯ᠎ᠠ ᠪᠡᠷ ᠦᠷᠨᠢᠬᠦᠯᠪᠡ᠃ 12 ᠰᠠᠷ᠎ᠠ ᠶᠢᠨ 20 ᠤ ᠡᠳᠤᠷ ᠡᠴᠡ ᠡᠬᠢᠯᠡᠨ ᠬᠦᠬᠡᠬᠤᠳᠠ ᠶᠢᠨ ᠪᠤᠰᠤ ᠡᠷᠦᠬᠡ ᠠᠮᠠ ᠶᠢᠨ ᠲᠠᠩᠰᠠ ᠲᠠᠢ ᠢᠷᠭᠡᠳ ᠤᠷᠤᠰᠢᠨ ᠰᠠᠭᠤᠬᠤ ᠦᠨᠡᠮᠯᠡᠬᠦ ᠪᠡᠷ ᠢᠶᠡᠨ ᠬᠢᠯᠢ ᠲᠠᠮᠨᠠᠬᠤ ᠵᠦᠪᠰᠢᠶᠡᠷᠡᠯ ᠠᠪᠴᠤ ᠪᠤᠯᠤᠨ᠎ᠠ᠃

    ᠤᠶᠢᠯᠠᠭᠠᠭᠰᠠᠨ ᠢᠶᠡᠷ᠂ ᠬᠦᠬᠡᠬᠤᠳᠠ ᠶᠢᠨ ᠬᠠᠤᠯᠢ ᠶᠤᠰᠤᠨ ᠤ ᠪᠦᠭᠡᠳ ᠬᠦᠴᠦᠨ ᠪᠦᠬᠦᠢ ᠤᠷᠤᠰᠢᠨ ᠰᠠᠭᠤᠬᠤ ᠦᠨᠡᠮᠯᠡᠬᠦ ᠲᠠᠢ ᠢᠷᠭᠡᠳ ᠪᠡᠶ᠎ᠡ ᠶᠢᠨ ᠦᠨᠡᠮᠯᠡᠬᠦ᠂ ᠤᠷᠤᠰᠢᠨ ᠰᠠᠭᠤᠬᠤ ᠦᠨᠡᠮᠯᠡᠬᠦ ᠪᠤᠯᠤᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢᠶᠡᠨ ᠠᠪᠴᠤ ᠬᠦᠬᠡᠬᠤᠳᠠ ᠶᠢᠨ ᠬᠢᠯᠢ ᠲᠠᠮᠨᠠᠬᠤ ᠭᠠᠷᠳᠠᠮ ᠬᠦᠢᠴᠡᠳᠬᠡᠬᠦ ᠲᠢᠩᠬᠢᠮ ᠳᠤ ᠫᠠᠰᠫᠤᠷᠲ᠂ ᠰᠢᠶᠠᠩᠭ᠋ᠠᠩ ᠤᠤᠮᠧᠨ ᠳᠤ ᠵᠤᠷᠴᠢᠬᠤ ᠬᠡᠷᠡᠴᠢᠯᠡᠬᠡ᠂ ᠲᠠᠶᠢᠸᠠᠨ ᠳᠤ ᠵᠤᠷᠴᠢᠬᠤ ᠬᠡᠷᠡᠴᠢᠯᠡᠬᠡ ᠬᠦᠢᠴᠡᠳᠬᠡᠵᠤ ᠪᠤᠯᠤᠨ᠎ᠠ᠃ ᠨᠦᠬᠦᠴᠡᠯ ᠳᠤ ᠨᠡᠶᠢᠴᠡᠭᠰᠡᠨ ᠤᠷᠤᠰᠢᠨ ᠰᠠᠭᠤᠬᠤ ᠦᠨᠡᠮᠯᠡᠬᠦ ᠲᠠᠢ ᠬᠦᠮᠦᠰ ᠤᠨ ᠡᠷᠡᠮᠡᠯᠵᠡᠯᠡᠬᠦ ᠮᠠᠲ᠋ᠧᠷᠢᠶᠠᠯ ᠢ ᠬᠦᠬᠡᠬᠤᠳᠠ ᠶᠢᠨ ᠬᠢᠯᠢ ᠲᠠᠮᠨᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨ ᠬᠤᠷᠢᠶᠠᠵᠤ ᠤᠯᠤᠭᠰᠠᠨ ᠡᠳᠤᠷ ᠡᠴᠡ ᠪᠡᠨ ᠡᠬᠢᠯᠡᠨ 30 ᠡᠳᠤᠷ ᠤᠨ ᠲᠤᠳᠤᠷ᠎ᠠ ᠬᠢᠯᠢ ᠲᠠᠮᠨᠠᠬᠤ ᠵᠦᠪᠰᠢᠶᠡᠷᠡᠯ ᠤᠨ ᠪᠢᠴᠢᠭ᠌ ᠬᠦᠢᠴᠡᠳᠬᠡᠵᠤ ᠦᠭ᠍ᠬᠦᠨ᠎ᠡ᠃

    ᠤᠳᠤᠬᠠᠨ ᠳᠤ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠢᠯᠢ ᠲᠠᠮᠨᠠᠬᠤ ᠵᠦᠪᠰᠢᠶᠡᠷᠡᠯ ᠬᠦᠢᠴᠡᠳᠬᠡᠬᠦ ᠲᠢᠩᠬᠢᠮ᠂ ᠬᠤᠳᠠ ᠶᠢᠨ ᠲᠦᠷᠪᠡᠨ ᠲᠤᠭᠤᠷᠢᠭ ᠪᠤᠯᠤᠨ ᠬᠤᠳᠠ ᠶᠢᠨ ᠬᠠᠷᠢᠶ᠎ᠠ 5 ᠬᠤᠰᠢᠭᠤ ᠰᠢᠶᠠᠨ ᠤ ᠬᠢᠯᠢ ᠲᠠᠮᠨᠠᠬᠤ ᠵᠦᠪᠰᠢᠶᠡᠷᠡᠯ ᠬᠦᠢᠴᠡᠳᠬᠡᠬᠦ ᠲᠢᠩᠬᠢᠮ ᠳᠤ ᠴᠦᠮ ᠭᠠᠷᠳᠠᠮ ᠬᠦᠢᠴᠡᠳᠬᠡᠵᠤ ᠪᠤᠯᠤᠨ᠎ᠠ᠃

ᠢᠷᠡᠯᠳᠡ᠄ ᠬᠦᠬᠡᠬᠤᠳᠠ ᠶᠢᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122163710