蒙古文网站Logo
ᠰᠢᠨᠬᠤᠸᠠ ᠮᠤᠩᠭ᠋ᠤᠯ ᠨᠧᠲ

ᠰᠢᠨ᠎ᠡ ᠤᠨ ᠤ ᠠᠮᠠᠷᠠᠯᠳᠠ ᠶᠢᠨ ᠬᠤᠭᠤᠴᠠᠭᠠᠨ ᠳᠤ ᠤᠯᠤᠰ ᠲᠠᠶᠠᠭᠠᠷ ᠲᠤ ᠤᠯᠤᠰ ᠤᠨ ᠲᠤᠳᠤᠭᠠᠳᠤ ᠶᠢᠨ ᠵᠢᠭᠤᠯᠴᠢᠳ ᠢ ᠲᠠᠪᠬᠤᠷᠳᠠᠭᠰᠠᠨ ᠲᠤᠭ᠎ᠠ ᠪᠡᠷ 1.33 ᠳ᠋ᠦᠩᠰᠢᠭᠤᠷ ᠬᠦᠯᠢᠶᠡᠨ ᠠᠪᠤᠪᠠ

2018-01-02 16:13

2018 ᠤᠨ ᠤ 1 ᠰᠠᠷ᠎ᠠ ᠶᠢᠨ 1 ᠤ ᠡᠳᠤᠷ᠂ ᠵᠢᠭᠤᠯᠴᠢᠳ ᠱᠠᠨᠳ᠋ᠦ᠋ᠩ ᠤᠨ ᠯᠢᠨ ᠢ ᠬᠤᠳᠠ ᠶᠢᠨ ᠠᠶᠠᠯᠠᠯ ᠵᠢᠭᠤᠯᠴᠢᠯᠠᠯ ᠤᠨ ᠪᠦᠰᠡ ᠪᠡᠷ ᠵᠤᠭᠠᠴᠠᠵᠤ ᠪᠤᠢ

    ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠶᠢᠨ ᠲᠤᠭ᠎ᠠ ᠪᠦᠷᠢᠳᠬᠡᠯ ᠤᠨ ᠲᠦᠪ ᠤᠨ ᠶᠡᠷᠦᠩᠬᠡᠶᠢᠯᠡᠭᠰᠡᠨ ᠲᠤᠭᠠᠴᠠᠭᠠᠯᠠᠯ ᠢ ᠦᠨᠳᠤᠰᠦᠯᠡᠪᠡᠯ᠂ ᠰᠢᠨ᠎ᠡ ᠤᠨ ᠤ ᠠᠮᠠᠷᠠᠯᠳᠠ ᠶᠢᠨ ᠬᠤᠭᠤᠴᠠᠭᠠᠨ ᠳᠤ ᠤᠯᠤᠰ ᠲᠠᠶᠠᠭᠠᠷ ᠲᠤ ᠤᠯᠤᠰ ᠤᠨ ᠲᠤᠳᠤᠭᠠᠳᠤ ᠶᠢᠨ ᠵᠢᠭᠤᠯᠴᠢᠳ ᠢ ᠲᠠᠪᠬᠤᠷᠳᠠᠭᠰᠠᠨ ᠲᠤᠭ᠎ᠠ ᠪᠡᠷ 1.33 ᠳ᠋ᠦᠩᠰᠢᠭᠤᠷ ᠬᠦᠯᠢᠶᠡᠨ ᠠᠪᠴᠠᠢ᠂ ᠡᠨᠡ ᠨᠢ ᠦᠩᠬᠡᠷᠡᠭᠰᠡᠨ ᠤᠨ ᠤ ᠮᠦᠨ ᠦᠶ᠎ᠡ ᠡᠴᠡ 11.08% ᠪᠡᠷ ᠨᠡᠮᠡᠭᠳᠡᠪᠡ᠃ ᠤᠯᠤᠰ ᠤᠨ ᠲᠤᠳᠤᠭᠠᠳᠤ ᠶᠢᠨ ᠠᠶᠠᠯᠠᠯ ᠵᠢᠭᠤᠯᠴᠢᠯᠠᠯ ᠤᠨ ᠤᠷᠤᠯᠭ᠎ᠠ 755 ᠳ᠋ᠦᠩᠰᠢᠭᠤᠷ ᠲᠦᠭᠦᠷᠢᠭ᠌ ᠲᠤ ᠬᠦᠷᠴᠦ᠂ ᠦᠩᠬᠡᠷᠡᠭᠰᠡᠨ ᠤᠨ ᠤ ᠮᠦᠨ ᠦᠶ᠎ᠡ ᠡᠴᠡ 11.22% ᠨᠡᠮᠡᠭᠳᠡᠵᠡᠢ᠃

2018 ᠤᠨ ᠤ 1 ᠰᠠᠷ᠎ᠠ ᠶᠢᠨ 1 ᠤ ᠡᠳᠤᠷ᠂ ᠬᠦᠢᠶᠠᠩ ᠬᠤᠳᠠ ᠶᠢᠨ ᠬᠤᠸᠠᠰᠢ ᠲᠤᠭᠤᠷᠢᠭ ᠤᠨ ᠦᠵᠡᠮᠦᠷᠢ ᠶᠢᠨ ᠪᠦᠰᠡ ᠳᠤ ᠵᠢᠭᠤᠯᠴᠢᠳ ᠵᠢᠷᠤᠭ ᠠᠪᠬᠠᠭᠤᠯᠵᠤ ᠲᠤᠷᠠᠰᠬᠠᠯ ᠦᠯᠡᠳᠡᠬᠡᠵᠤ ᠪᠤᠢ

2017 ᠤᠨ ᠤ 12 ᠰᠠᠷ᠎ᠠ ᠶᠢᠨ 31 ᠤ ᠡᠳᠤᠷ᠂ ᠵᠢᠭᠤᠯᠴᠢᠳ ᠾᠧᠪᠧᠢ ᠮᠤᠵᠢ ᠶᠢᠨ ᠬᠠᠨ ᠳ᠋ᠠᠨ ᠬᠤᠳᠠ ᠶᠢᠨ ᠹᠧᠩ ᠹᠧᠩ ᠲᠤᠭᠤᠷᠢᠭ ᠤᠨ ᠰᠢᠶᠠᠩ ᠲᠠᠩ ᠱᠦᠢ ᠪᠠᠯᠭᠠᠰᠤᠨ ᠤ ᠳ᠋ᠦᠩ ᠾᠧ ᠲᠤᠰᠬᠤᠨ ᠢᠶᠡᠷ ᠵᠤᠭᠠᠴᠠᠵᠤ ᠪᠤᠢ

2018 ᠤᠨ ᠤ 1 ᠰᠠᠷ᠎ᠠ ᠶᠢᠨ 1 ᠤ ᠡᠳᠤᠷ᠂ ᠵᠢᠭᠤᠯᠴᠢᠳ ᠬᠠᠶᠢᠨᠠᠨ ᠮᠤᠵᠢ ᠶᠢᠨ ᠰᠠᠨᠶᠠ ᠬᠤᠳᠠ ᠶᠢᠨ ᠨᠠᠨᠱᠠᠨ ᠰᠤᠶᠤᠯ ᠤᠨ ᠵᠢᠭᠤᠯᠴᠢᠯᠠᠯ ᠤᠨ ᠪᠦᠰᠡ ᠪᠡᠷ ᠵᠤᠭᠠᠴᠠᠵᠤ ᠪᠤᠢ

 

2018 ᠤᠨ ᠤ 1 ᠰᠠᠷ᠎ᠠ ᠶᠢᠨ 1 ᠤ ᠡᠳᠤᠷ᠂ ᠵᠢᠭᠤᠯᠴᠢᠳ ᠭᠠᠨᠰᠦ ᠮᠤᠵᠢ ᠶᠢᠨ ᠶᠦᠩᠵᠢᠩ ᠰᠢᠶᠠᠨ ᠤ ᠹᠧᠩ ᠬᠤᠸᠠᠩ ᠯᠢᠩ ᠴᠠᠨᠠᠴᠢᠯᠠᠬᠤ ᠲᠠᠯᠠᠪᠤᠷ ᠲᠤ ᠲᠤᠭᠯᠠᠵᠤ ᠪᠤᠢ

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122199263