ᠬᠠᠲᠤᠨ ᠭᠤᠤᠯ ᠤᠨ ᠰᠠᠨ ᠱᠸᠩ ᠭᠦᠩ ᠤᠰᠤᠨ ᠠᠰᠢᠭᠯᠠᠯᠲᠠ ᠶᠢᠨ ᠬᠠᠰᠢᠯᠭ᠎ᠠ ᠶᠢ ᠠᠭᠠᠷ ᠡᠴᠡ ᠵᠢᠷᠤᠭᠯᠠᠪᠠ 2016-03-09 10:22

    3 ᠰᠠᠷ᠎ᠠ ᠶᠢᠨ 7 ᠤ ᠡᠲᠦᠷ ᠤᠨ 10᠄ 00 ᠴᠠᠭ ᠪᠤᠯᠲᠠᠯ᠎ᠠ ᠬᠠᠲᠤᠨ ᠭᠤᠤᠯ ᠤᠨ ᠦᠪᠦᠷ ᠮᠤᠩᠭ᠋ᠤᠯ ᠳ᠋ᠡᠬᠢ ᠬᠡᠰᠡᠭ ᠤᠨ ᠭᠡᠰᠦᠭᠰᠡᠨ ᠤᠷᠲᠤ 130 ᠺᠢᠯᠤᠮᠸ᠋ᠲ᠋ᠷ ᠲᠤ ᠬᠦᠷᠪᠡ᠃ 3 ᠰᠠᠷ᠎ᠠ ᠶᠢᠨ 5 ᠤ ᠡᠲᠦᠷ᠂ ᠰᠢᠨᠬᠤᠸᠠ ᠨᠸᠲ ᠤᠨ ᠦᠪᠦᠷ ᠮᠤᠩᠭ᠋ᠤᠯ ᠰᠤᠪᠠᠭ ᠤᠨ ᠤᠲᠤᠷᠢᠲᠤᠯᠭ᠎ᠠ ᠪᠡᠷ ᠨᠢᠰᠦᠭᠴᠢ ᠪᠡᠷ ᠵᠢᠷᠤᠭᠯᠠᠬᠤ ᠮᠡᠳᠡᠭᠡᠯᠡᠯ ᠤᠨ ᠪᠠᠭ ᠤᠨ ᠬᠢᠨ ᠰᠠᠨ ᠱᠸᠩ ᠭᠦᠩ ᠤᠰᠤᠨ ᠠᠰᠢᠭᠯᠠᠯᠲᠠ ᠶᠢᠨ ᠬᠠᠰᠢᠯᠭ᠎ᠠ ᠳ᠋ᠤ ᠬᠦᠷᠴᠦ᠂ ᠪᠤᠷᠤᠲᠤᠬᠤᠢ ᠶᠢᠨ ᠲᠠᠯ᠎ᠠ ᠶᠢᠨ ᠤᠷᠢᠬᠠᠨ ᠬᠠᠪᠤᠷ ᠤᠨ ᠦᠩᠭᠡ ᠦᠵᠡᠮᠵᠢ ᠶᠢ ᠵᠢᠷᠤᠭᠯᠠᠯ᠎ᠠ᠃ ᠰᠠᠨ ᠱᠸᠩ ᠭᠦᠩ ᠤᠰᠤᠨ ᠠᠰᠢᠭᠯᠠᠯᠲᠠ ᠶᠢᠨ ᠬᠠᠰᠢᠯᠭ᠎ᠠ ᠨᠢ ᠬᠠᠲᠤᠨ ᠭᠤᠤᠯ ᠤᠨ ᠲᠡᠭᠡᠳᠦ ᠲᠤᠮᠲᠠ ᠤᠷᠤᠰᠬᠠᠯ ᠤᠨ ᠬᠡᠰᠡᠭ ᠲᠤ ᠪᠠᠢᠢᠷᠢᠯᠠᠵᠤ᠂ ᠰᠢᠨ᠎ᠡ ᠲᠤᠮᠲᠠᠲᠤ ᠤᠯᠤᠰ ᠪᠠᠢᠢᠭᠤᠯᠤᠭᠲᠠᠭᠰᠠᠨ ᠤ ᠲᠠᠷᠠᠭᠠᠬᠢ ᠬᠠᠲᠤᠨ ᠭᠤᠤᠯ ᠤᠨ ᠲᠡᠭᠡᠳᠦ ᠤᠷᠤᠰᠬᠠᠯ ᠤᠨ ᠬᠡᠰᠡᠭ ᠲᠤ ᠪᠠᠢᠢᠭᠤᠯᠤᠭᠰᠠᠨ ᠭᠤᠤᠯᠲᠠᠯᠭ᠎ᠠ ᠲᠠᠢ ᠤᠰᠤᠨ ᠠᠰᠢᠭᠯᠠᠯᠲᠠ ᠶᠢᠨ ᠢᠨᠵᠸᠨ᠋ᠸᠷᠢᠩ ᠤᠨ ᠨᠢᠭᠡ ᠪᠤᠯᠤᠨ᠎ᠠ᠂ ᠮᠦᠨ ᠴᠤ ᠦᠪᠦᠷ ᠮᠤᠩᠭ᠋ᠤᠯ ᠤᠨ ᠪᠤᠷᠤᠲᠤᠬᠤᠢ ᠤᠰᠤᠯᠯᠠᠲᠠ ᠶᠢᠨ ᠤᠷᠤᠨ ᠤ ᠴᠢᠬᠤᠯᠠ ᠤᠰᠤ ᠤᠷᠤᠭᠤᠯᠬᠤ ᠢᠨᠵᠸᠨ᠋ᠸᠷᠢᠩ ᠪᠤᠯᠤᠨ᠎ᠠ᠃ ᠪᠦᠬᠦ ᠤᠷᠲᠤ ᠨᠢ 309 ᠮᠸᠲ᠋ᠷ ᠂ 《ᠲᠦᠮᠡᠨ ᠭᠠᠵᠠᠷ ᠤᠨ ᠬᠠᠲᠤᠨ ᠭᠤᠤᠯ ᠤᠨ ᠲᠦᠷᠦᠭᠦᠦ ᠬᠠᠰᠢᠯᠭ᠎ᠠ》ᠭᠡᠲᠡᠭ᠃ ᠲᠤᠰ ᠬᠠᠰᠢᠯᠭ᠎ᠠ ᠶᠢ ᠪᠠᠢᠢᠭᠤᠯᠤᠭᠰᠠᠨ ᠡᠴᠡ ᠨᠠᠰᠢᠬᠢ 55 ᠵᠢᠯ ᠳ᠋ᠤ ᠲᠠᠷᠢᠶᠠᠯᠠᠩ ᠤᠨ ᠤᠰᠤᠯᠠᠯᠲᠠ᠂ ᠦᠶᠠᠷ ᠤᠨ ᠭᠠᠮᠰᠢᠭ ᠢ ᠰᠡᠷᠭᠡᠢᠢᠯᠡᠬᠦ᠂ ᠠᠵᠤ ᠦᠢᠯᠡᠳᠪᠦᠷᠢ ᠳ᠋ᠤ ᠬᠡᠷᠡᠭᠯᠡᠬᠦ ᠤᠰᠤᠨ ᠤ ᠬᠡᠷᠡᠭᠴᠡᠭᠡ ᠶᠢ ᠬᠠᠩᠭ᠋ᠠᠬᠤ᠂ ᠤᠰᠤᠨ ᠬᠦᠴᠦᠨ ᠶᠢᠡᠷ ᠴᠠᠬᠢᠯᠭᠠᠨ ᠭᠠᠷᠭᠠᠬᠤ ᠪᠠ ᠵᠠᠮ ᠬᠠᠷᠢᠯᠴᠠᠭ᠎ᠠ ᠵᠡᠷᠭᠡ ᠲᠠᠯ᠎ᠠ ᠳ᠋ᠤ ᠯᠤᠲᠤ ᠶᠡᠬᠡ ᠨᠡᠢᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠭᠠᠷᠭᠠᠵᠠᠢ᠃ ᠦᠪᠦᠷ ᠮᠤᠩᠭ᠋ᠤᠯ ᠤᠨ ᠦᠶᠡᠷ ᠰᠡᠷᠬᠡᠢᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠡᠴᠡ ᠤᠢᠢᠯᠠᠭᠠᠭᠰᠠᠨ ᠶᠢᠡᠷ᠂ᠵᠢᠱᠢᠬᠦ ᠪᠠᠷ 3 ᠰᠠᠷ᠎ᠠ ᠶᠢᠨ 10 ᠤ ᠡᠲᠦᠷ ᠬᠠᠲᠤᠨ ᠭᠤᠤᠯ ᠰᠠᠨ ᠱᠸᠩ ᠭᠦᠩ ᠤᠰᠤᠨ ᠠᠰᠢᠭᠯᠠᠯᠲᠠ ᠶᠢᠨ ᠬᠠᠰᠢᠯᠭ᠎ᠠ ᠬᠦᠷᠲᠡᠯ᠎ᠡ ᠭᠡᠰᠬᠦ ᠪᠤᠯᠤᠨ᠎ᠠ᠃ ᠤᠢᠢᠷ᠎ᠠ ᠶᠢᠨ ᠡᠲᠦᠷ᠂ ᠦᠪᠦᠷ ᠮᠤᠩᠭ᠋ᠤᠯ ᠤᠨ ᠬᠠᠲᠤᠨ ᠭᠤᠤᠯ ᠤᠨ ᠢᠨᠵᠸᠨ᠋ᠸᠷᠢᠩ ᠤᠨ ᠬᠠᠮᠢᠶᠠᠷᠤᠯᠲᠠ ᠶᠢᠨ ᠲᠤᠪᠴᠢᠶᠠᠨ ᠤ ᠠᠵᠢᠯᠲᠠᠨ ᠡᠴᠡ ᠡᠲᠦᠷ ᠪᠦᠷᠢ ᠭᠤᠤᠯ ᠤᠨ ᠲᠠᠯᠠᠩ ᠶᠢᠡᠷ ᠪᠠᠢᠢᠴᠠᠭᠠᠵᠤ᠂ ᠴᠠᠭ ᠠᠭᠤᠷ᠂ ᠤᠰᠤᠨ ᠵᠦᠢ ᠵᠡᠷᠭᠡ ᠬᠠᠮᠢᠶ᠎ᠠ ᠲᠠᠢ ᠰᠠᠯᠠᠭ᠎ᠠ ᠮᠦᠴᠢᠷ ᠪᠦᠬᠦ ᠬᠦᠴᠦᠨ ᠶᠢᠡᠷ ᠶᠢᠡᠨ ᠬᠠᠮᠵᠢᠯᠴᠠᠵᠤ᠂ ᠬᠠᠲᠤᠨ ᠭᠤᠤᠯ ᠤᠨ ᠰᠦᠩ ᠬᠠᠯᠢᠶ᠎ᠠ ᠶᠢ ᠰᠡᠷᠭᠡᠢᠢᠯᠡᠵᠦ ᠪᠠᠢᠢᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691118275868