《ᠰᠠᠷᠢᠭ ᠴᠠᠭᠠᠨ ᠢᠩᠬᠡ》 ᠤᠷᠳᠤᠨ ᠤ ᠬᠦᠭᠵᠢᠮ 2016-05-15 16:22

    ᠲᠡᠦᠬᠡᠨ ᠲᠡᠮᠳᠡᠭᠯᠡᠯ ᠢ ᠦᠨᠳᠦᠰᠦᠯᠡᠪᠡᠯ᠂ 《ᠰᠠᠷᠢᠭ ᠴᠠᠭᠠᠨ ᠢᠩᠬᠡ》ᠬᠡᠮᠡᠬᠦ ᠤᠷᠳᠤᠨ ᠤ ᠬᠦᠭᠵᠢᠮ ᠨᠢ ᠶᠤᠸᠠᠨ ᠤᠯᠤᠰ ᠤᠨ ᠦᠶ᠎ᠡ ᠳᠤ ᠵᠤᠬᠢᠶᠠᠭᠳᠠᠵᠤ᠂ ᠴᠠᠭᠠᠨ ᠢᠩᠬᠡ ᠪᠤᠳᠤᠭᠤ ᠪᠡᠨ ᠲᠠᠭᠠᠭᠤᠯᠤᠨ ᠭᠤᠪᠢ ᠪᠡᠷ ᠲᠠᠪᠬᠢᠵᠤ ᠪᠠᠶᠢᠭ᠎ᠠ ᠪᠠᠶᠢᠳᠠᠯ ᠢ ᠲᠤᠰᠬᠠᠵᠠᠢ᠃

    ᠮᠤᠩᠭᠤᠯ ᠦᠨᠳᠦᠰᠦᠲᠡᠨ ᠤ ᠤᠷᠳᠤᠨ ᠤ ᠬᠦᠭᠵᠢᠮ ᠪᠤᠯ ᠮᠤᠩᠭᠤᠯ ᠦᠨᠳᠦᠰᠦᠲᠡᠨ ᠤ ᠬᠦᠭᠵᠢᠮ ᠤᠨ ᠰᠤᠳᠤᠨ ᠵᠦᠢᠯ ᠪᠤᠯᠬᠤ ᠶᠤᠮ᠃ ᠡᠳᠡᠬᠡᠷ ᠬᠦᠭᠵᠢᠮ ᠢᠶᠡᠷ ᠮᠤᠩᠭᠤᠯ ᠦᠨᠳᠦᠰᠦᠲᠡᠨ ᠤ ᠲᠡᠦᠬᠡ ᠰᠤᠶᠤᠯ ᠪᠠ ᠭᠤᠤ᠎ᠠ ᠰᠠᠶᠢᠬᠠᠨ ᠤ ᠰᠤᠨᠢᠷᠬᠠᠯ ᠢ ᠲᠤᠰᠬᠠᠵᠤ ᠪᠤᠯᠬᠤ ᠶᠤᠮ᠃

    ᠦᠨᠳᠦᠰᠦᠲᠡᠨ ᠤ ᠰᠤᠶᠤᠯ ᠢᠶᠡᠨ ᠪᠠᠳᠠᠷᠠᠭᠤᠯᠬᠤ ᠶᠢᠨ ᠲᠦᠯᠦᠬᠡ᠂ ᠵᠢᠩᠭᠠᠷ ᠨᠡᠷᠡᠮᠵᠢᠳᠤ ᠮᠤᠩᠭᠤᠯ ᠦᠨᠳᠦᠰᠦᠲᠡᠨ ᠤ ᠤᠷᠳᠤᠨ ᠤ ᠬᠦᠭᠵᠢᠮ ᠤᠨ ᠪᠦᠯᠬᠦᠮ ᠤᠨ ᠲᠠᠷᠤᠭ᠎ᠠ ᠪᠤᠯᠤᠳ ᠦᠨᠳᠦᠰᠦᠲᠡᠨ ᠤ ᠪᠠᠨ ᠲᠡᠦᠬᠡ ᠰᠤᠶᠤᠯ ᠪᠤᠯᠤᠨ ᠬᠦᠭᠵᠢᠮ ᠢ ᠰᠤᠳᠤᠯᠬᠤ᠂ ᠡᠮᠬᠢᠳᠬᠡᠬᠦ ᠪᠠ ᠨᠡᠬᠡᠬᠡᠨ ᠢᠯᠡᠷᠡᠬᠦᠯᠬᠦ ᠠᠵᠢᠯ ᠢ ᠬᠡᠳᠤᠨ ᠠᠷᠪᠠᠨ ᠵᠢᠯ ᠢᠶᠡᠷ ᠴᠦᠬᠦᠷᠡᠰᠢ ᠦᠭᠡᠢ ᠬᠢᠭᠰᠡᠭᠡᠷ ᠢᠷᠡᠵᠡᠢ᠃ ᠰᠠᠨᠠᠭ᠎ᠠ ᠰᠡᠳᠬᠢᠯ ᠨᠡᠶᠢᠯᠡᠭᠰᠡᠨ ᠬᠡᠰᠡᠭ ᠤᠷᠠᠯᠢᠭᠴᠢᠨ ᠤ ᠤᠯᠠᠨ ᠵᠢᠯ ᠤᠨ ᠴᠢᠷᠮᠠᠶᠢᠯᠭ᠎ᠠ ᠪᠡᠷ ᠲᠠᠮᠵᠢᠨ᠂ ᠤᠰᠠᠳᠤᠭᠠᠳ ᠤᠯᠠᠨ ᠵᠢᠯ ᠪᠤᠯᠤᠭᠰᠠᠨ ᠮᠤᠩᠭᠤᠯ ᠦᠨᠳᠦᠰᠦᠲᠡᠨ ᠤ ᠤᠷᠳᠤᠨ ᠤ ᠬᠦᠭᠵᠢᠮ ᠢ ᠲᠠᠬᠢᠨ ᠤᠶᠠᠩᠭᠠᠯᠠᠭᠤᠯᠤᠭᠰᠠᠨ ᠪᠠᠶᠢᠨ᠎ᠠ᠃ ᠲᠤᠰ ᠬᠦᠭᠵᠢᠮ ᠤᠨ ᠪᠦᠯᠬᠦᠮ ᠨᠢ ᠤᠳᠤ ᠨᠢᠬᠡᠨᠲᠡ 100 ᠭᠠᠷᠤᠢ ᠪᠠᠳᠠᠭ ᠮᠤᠩᠭᠤᠯ ᠦᠨᠳᠦᠰᠦᠲᠡᠨ ᠤ ᠤᠷᠳᠤᠨ ᠤ ᠬᠦᠭᠵᠢᠮ ᠢ ᠬᠤᠷᠢᠶᠠᠨ ᠡᠮᠬᠢᠳᠬᠡᠭᠰᠡᠨ ᠪᠠᠶᠢᠨ᠎ᠠ᠃ 2001 ᠤᠨ ᠳᠤ ᠂ ᠲᠤᠰ ᠬᠦᠭᠵᠢᠮ ᠤᠨ ᠪᠦᠯᠬᠦᠮ ᠶᠠᠫᠤᠨ ᠳᠤ ᠬᠦᠷᠴᠦ ᠲᠤᠭᠯᠠᠯᠳᠠ ᠭᠠᠷᠭᠠᠭᠠᠳ ᠮᠦᠨ 2002 ᠤᠨ ᠳᠤ ᠡᠮᠦᠨᠡᠳᠤ ᠶᠢᠨ 38 ᠬᠤᠳᠠ ᠳᠤ ᠲᠤᠭᠯᠠᠭᠠᠳ ᠮᠠᠰᠢ ᠶᠡᠬᠡ ᠠᠮᠵᠢᠯᠲᠠ ᠤᠯᠤᠭᠰᠠᠨ ᠪᠠᠶᠢᠨ᠎ᠠ᠃ ᠵᠢᠩᠭᠠᠷ ᠨᠡᠷᠡᠮᠵᠢᠳᠤ ᠪᠦᠯᠬᠦᠮ ᠨᠢ ᠮᠤᠩᠭᠤᠯ ᠦᠨᠳᠦᠰᠦᠲᠡᠨ ᠤ ᠤᠷᠳᠤᠨ ᠤ ᠬᠦᠭᠵᠢᠮ ᠢ ᠨᠡᠬᠡᠬᠡᠨ ᠢᠯᠡᠷᠡᠬᠦᠯᠬᠦ᠂ ᠤᠬᠠᠭᠤᠯᠬᠤ ᠪᠠ ᠲᠡᠯᠬᠡᠷᠡᠬᠦᠯᠬᠦ ᠲᠠᠯ᠎ᠠ ᠪᠡᠷ ᠵᠤᠬᠢᠬᠤ ᠬᠤᠪᠢ ᠨᠡᠮᠡᠷᠢ ᠦᠵᠡᠬᠦᠯᠬᠦ ᠶᠢ ᠪᠢᠳᠡ ᠢᠳᠡᠬᠡᠵᠤ ᠪᠠᠶᠢᠨ᠎ᠠ᠃

    ᠲᠤᠰ ᠠᠭᠤᠯᠭ᠎ᠠ ᠶᠢᠨ ᠬᠡᠪᠯᠡᠯ ᠤᠨ ᠡᠷᠬᠡ ᠶᠢ ᠵᠢᠩᠭ᠋᠋ᠠᠷ ᠨᠡᠷᠡᠮᠵᠢᠳᠤ ᠮᠤᠩᠭ᠋᠋ᠤᠯ ᠦᠨᠳᠦᠰᠦᠲᠡᠨ ᠤ ᠤᠷᠳᠤᠨ ᠤ ᠬᠦᠭ᠍ᠵᠢᠮ ᠤᠨ ᠪᠦᠯᠬᠦᠮ ᠤᠨ ᠲᠠᠷᠤᠭ᠎ᠠ ᠪᠤᠯᠤᠳ ᠡᠴᠡ ᠵᠦᠪᠬᠡᠨ ᠰᠢᠨᠬᠤᠸᠠ ᠮᠤᠩᠭ᠋᠋ᠤᠯ ᠨᠧᠲ ᠲᠤ ᠤᠯᠭᠤᠭᠰᠠᠨ ᠪᠤᠯᠬᠤᠷ ᠬᠡᠯᠡᠯᠴᠡᠬᠡᠷ ᠢᠶᠡᠷ ᠲᠠᠮᠵᠢᠨ ᠡᠷᠬᠡ ᠤᠯᠭᠤᠭᠰᠠᠨ ᠦᠭᠡᠢ ᠪᠠᠶᠢᠳᠠᠯ ᠳᠤ ᠰᠢᠯᠵᠢᠬᠦᠯᠦᠨ ᠬᠡᠷᠡᠭᠯᠡᠬᠦ ᠶᠢ ᠡᠷᠡᠰ ᠬᠣᠷᠢᠭᠯᠠᠨ᠎ᠠ᠃

ᠢᠷᠡᠯᠳᠡ᠄ ᠰᠢᠨᠬᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120701118868493