ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠢᠷᠭᠤᠲᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠠᠨ ᠤ ᠨᠠᠭᠠᠲᠤᠮ ᠰᠤᠶᠤᠯ ᠤᠨ ᠨᠠᠢᠢᠷ ᠨᠢᠵᠢᠭᠡᠷ ᠪᠤᠯᠤᠯ᠎ᠠ 2016-06-03 15:56

    ᠰᠢᠨᠬᠤᠸᠠ ᠮᠤᠩᠭ᠋ᠤᠯ ᠨᠸᠲ  ᠬᠦᠬᠡᠬᠤᠲᠠ ᠶᠢᠨ 5 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠳᠡᠭᠡ ( ᠬ·ᠦᠵᠡᠰᠭᠦᠯᠡᠩ)ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠢᠷᠭᠤᠲᠤᠭᠠᠷ ᠬᠤᠭᠤᠴᠠᠭᠠ ᠤ ᠨᠠᠭᠠᠲᠤᠮ ᠰᠤᠶᠤᠯ ᠤᠨ ᠨᠠᠢᠢᠷ 5 ᠰᠠᠷ᠎ᠠ ᠶᠢᠨ 25 ᠤ ᠡᠲᠦᠷ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠪᠠᠶ᠎ᠠ ᠲᠠᠮᠢᠷ ᠤᠨ ᠲᠠᠯᠠᠪᠤᠷ ᠲᠤ ᠨᠢᠵᠢᠭᠡᠷ ᠰᠠᠢᠢᠬᠠᠨ ᠪᠤᠯᠤᠯ᠎ᠠ᠃

    ᠦᠨᠳᠦᠰᠦᠲᠡᠨ ᠪ ᠪᠠᠨ ᠬᠤᠪᠴᠠᠰᠤ ᠵᠠᠰᠠᠯ ᠶᠢᠡᠷ ᠭᠤᠶᠤᠭᠰᠠᠨ ᠡᠯ᠎ᠡ ᠰᠠᠯᠪᠤᠷᠢ ᠨᠢᠭᠡᠴᠡ ᠶᠢᠨ ᠲᠦᠯᠦᠭᠡᠯᠡᠭᠴᠢ ᠶᠢᠨ ᠠᠩᠬᠢ ᠡᠬᠢᠯᠡᠯᠲᠡ ᠶᠢᠨ ᠶᠤᠰᠤᠯᠠᠯ ᠳ᠋ᠤ ᠤᠷᠤᠯᠴᠠᠭᠰᠠᠨ ᠪᠠᠶᠢᠨ᠎ᠠ᠃ ᠰᠠᠯᠪᠤᠷᠢ ᠨᠢᠭᠡᠴᠡ ᠶᠢᠨ ᠰᠢᠯᠢᠲᠡᠭ ᠲᠠᠮᠢᠷᠴᠢᠳ ᠤᠨ ᠲᠦᠯᠦᠭᠡᠯᠡᠭᠴᠢ ᠠᠷᠢᠭᠤᠨ ᠭᠠᠯ ᠲᠠᠮᠵᠢᠭᠤᠯᠭ᠎ᠠ ᠪᠡᠷ ᠲᠤᠯᠭ᠎ᠠ ᠶᠢᠨ ᠭᠠᠯ ᠶᠢᠡᠨ ᠬᠦᠭ᠍ᠵᠢᠭᠡᠨ᠂ ᠨᠠᠭᠠᠲᠤᠮ ᠰᠤᠶᠤᠯ ᠤᠨ ᠨᠠᠢᠢᠷ ᠶᠢᠡᠨᠵᠢᠩᠭᠢᠨᠢ ᠡᠬᠢᠯᠡᠭᠦᠯᠪᠡ᠃

    ᠡᠬᠢᠯᠡᠯᠲᠡ ᠶᠢᠨ ᠶᠤᠰᠤᠯᠠᠯ ᠤᠨ ᠲᠠᠷᠠᠭ᠎ᠠ ᠦᠨᠳᠦᠰᠦᠲᠡᠨ ᠤ ᠰᠤᠶᠤᠯ ᠤᠨ ᠠᠭᠤᠯᠭ᠎ᠠ ᠲᠠᠢ ᠂ ᠰᠤᠷᠤᠭᠴᠢ ᠶᠢᠨ ᠤᠷ᠎ᠠ ᠠᠪᠢᠶᠠᠰ ᠢ ᠭᠦᠢᠴᠡᠳ ᠬᠠᠷᠠᠭᠤᠯᠤᠭᠰᠠᠨ ᠤᠷᠠᠨ ᠰᠠᠢᠢᠬᠠᠨ ᠤ ᠲᠤᠭᠯᠠᠯᠲᠠ ᠶᠠᠪᠤᠭᠳᠠᠪᠠ᠃ ᠲᠤᠭᠯᠠᠯᠲᠠ  ᠳ᠋ᠦ ᠲᠤᠰ ᠰᠤᠷᠭᠠᠭᠤᠯᠢ ᠶᠢᠨ ᠤᠶᠤᠲᠠᠳ ᠤᠨ ᠦᠪᠡᠷ ᠶᠢᠡᠨ ᠤᠷᠠᠯᠠᠨ ᠲᠦᠰᠦᠪᠯᠡᠵᠦ ᠵᠤᠬᠢᠶᠠᠨ ᠪᠠᠢᠢᠭᠤᠯᠤᠬᠰᠠᠨ ᠮᠤᠩᠭ᠋ᠤᠯ ᠬᠤᠪᠴᠠᠰᠤ ᠵᠠᠰᠠᠯ ᠤᠨ ᠦᠵᠡᠭᠦᠯᠦᠯᠭᠡ ᠨᠢ ᠨᠠᠭᠠᠲᠤᠮ ᠰᠤᠶᠤᠯ ᠤᠨ ᠨᠠᠢᠢᠷ ᠤᠨ ᠭᠢᠯᠠᠰ ᠴᠢᠭ ᠪᠤᠯᠪᠠ᠃

 

 

 

 

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691118986481