ᠰᠢᠨᠬᠤᠧᠠ ᠮᠤᠩ᠋ᠭᠤᠯ ᠨᠧᠲ ᠤᠨ ᠬᠠᠤᠯᠢ ᠲᠤᠭᠳᠠᠭᠠᠮᠵᠢ ᠶᠢ ᠰᠤᠷᠳᠠᠯᠴᠢᠯᠠᠬᠤ ᠠᠶᠠᠨ ᠵᠠᠷᠤᠳ ᠬᠤᠰᠢᠭᠤᠨ ᠳᠤ ᠬᠦᠷᠦᠯ᠎ᠡ 2016-09-01 09:22

    ᠰᠢᠨᠬᠤᠸᠠ ᠮᠤᠩᠭ᠋ᠤᠯ ᠨᠧᠲ ᠲᠦᠩᠯᠢᠶᠤᠤ ᠶᠢᠨ 7 ᠰᠠᠷ᠎ᠠ ᠶᠢᠨ 3 ᠤ ᠡᠳᠤᠷ ᠤᠨ ᠴᠠᠬᠢᠯᠭᠠᠨ ᠮᠡᠳᠡᠬᠡ ᠰᠢᠨᠬᠤᠸᠠ ᠮᠤᠩᠭ᠋ᠤᠯ ᠨᠧᠲ ᠤᠨ ᠬᠦᠳᠡᠬᠡ ᠤᠷᠤᠨ ᠨᠤᠳᠤᠭ ᠲᠤ ᠬᠠᠤᠯᠢ ᠲᠤᠭᠳᠠᠭᠠᠮᠵᠢ ᠶᠢ ᠰᠤᠷᠳᠠᠯᠴᠢᠯᠠᠬᠤ ᠠᠶᠠᠨ ᠦᠷᠬᠦᠯᠵᠢᠯᠡᠵᠤ ᠪᠠᠶᠢᠨ᠎ᠠ᠃ 7 ᠰᠠᠷ᠎ᠠ ᠶᠢᠨ 31 ᠤ ᠡᠳᠤᠷ᠂ ᠰᠢᠨᠬᠤᠸᠠ ᠮᠤᠩᠭ᠋ᠤᠯ ᠨᠧᠲ ᠪᠤᠯᠤᠨ ᠦᠪᠦᠷ ᠮᠤᠩᠭ᠋ᠤᠯ ᠤᠨ ᠵᠠᠷᠤᠳ ᠬᠤᠰᠢᠭᠤᠨ ᠤ ᠤᠬᠠᠭᠤᠯᠬᠤ ᠬᠡᠯᠳᠡᠰ ᠤᠨ ᠬᠠᠮᠳᠤᠷᠠᠨ ᠵᠤᠬᠢᠶᠠᠨ ᠪᠠᠶᠢᠭᠤᠯᠤᠭᠰᠠᠨ ᠬᠠᠤᠯᠢ ᠲᠦᠭᠡᠮᠡᠯᠵᠢᠬᠦᠯᠬᠦ ᠠᠵᠢᠯᠯᠠᠭ᠎ᠠ ᠦᠪᠦᠷ ᠮᠤᠩᠭ᠋ᠤᠯ ᠤᠨ ᠳᠦᠩᠯᠢᠶᠤᠤ ᠬᠤᠳᠠ ᠶᠢᠨ ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤᠨ ᠤ ᠲᠦᠷᠪᠡᠯᠵᠢ ᠭᠠᠴᠠᠭᠠᠨ ᠳᠤ ᠪᠤᠯᠤᠯ᠎ᠠ᠃

    ᠰᠢᠨᠬᠤᠸᠠ ᠮᠤᠩᠭ᠋ᠤᠯ ᠨᠧᠲ 《ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭ᠋ᠤᠯ ᠦᠬᠡ ᠬᠡᠯᠡ ᠦᠰᠦᠭ ᠪᠢᠴᠢᠭ᠌ ᠤᠨ ᠠᠵᠢᠯ ᠤᠨ ᠲᠦᠷᠢᠮ 》᠂ 《ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ  ᠤ ᠬᠠᠤᠯᠢ》ᠵᠡᠷᠬᠡ ᠬᠠᠤᠯᠢ ᠲᠦᠷᠢᠮ ᠤᠨ ᠨᠤᠮ ᠤᠳ ᠢ ᠲᠦᠷᠪᠡᠯᠵᠢ ᠭᠠᠴᠠᠭᠠᠨ ᠤ ᠨᠤᠮ ᠤᠨ ᠦᠷᠦᠬᠡᠨ ᠳᠤ ᠪᠡᠯᠡᠭᠯᠡᠬᠦ ᠶᠢᠨ ᠬᠠᠮᠳᠤ ᠮᠠᠯᠴᠢᠨ ᠠᠷᠠᠳ ᠲᠤ ᠤᠬᠠᠭᠤᠯᠤᠨ ᠲᠠᠶᠢᠯᠪᠦᠷᠢᠯᠠᠭᠰᠠᠨ ᠪᠠᠶᠢᠨ᠎ᠠ᠃

    《ᠦᠨᠦᠳᠤᠷ ᠰᠢᠨᠬᠤᠸᠠ ᠮᠤᠩᠭ᠋ᠤᠯ ᠨᠧᠲ ᠲᠦᠷᠪᠡᠯᠵᠢ ᠭᠠᠴᠠᠭᠠᠨ ᠳᠤ ᠬᠠᠤᠯᠢ ᠲᠤᠭᠳᠠᠭᠠᠮᠵᠢ ᠶᠢᠨ ᠨᠤᠮ ᠬᠦᠷᠭᠡᠭ᠍ᠰᠡᠨ ᠨᠢ ᠮᠠᠯᠴᠢᠨ ᠲᠦᠮᠡᠨ ᠳᠤ ᠬᠠᠤᠯᠢ ᠶᠤᠰᠤᠭᠠᠷ ᠡᠷᠬᠡ ᠠᠰᠢᠭ ᠢᠶᠡᠨ ᠬᠠᠮᠠᠭᠠᠯᠠᠬᠤ ᠮᠡᠳᠡᠯᠭᠡ ᠶᠢ ᠤᠶᠢᠯᠠᠭᠠᠭᠤᠯᠵᠤ᠂ ᠮᠠᠯᠵᠢᠬᠤ ᠤᠷᠤᠨ ᠳᠤ ᠲᠦᠬᠦᠮ ᠨᠦᠬᠦᠴᠡᠯ ᠦᠵᠡᠬᠦᠯᠤᠭ᠍ᠰᠠᠨ ᠮᠠᠰᠢ ᠪᠠᠶᠠᠷᠯᠠᠭᠤᠰᠢᠳᠠᠢ ᠤᠢᠴᠢᠷ ᠪᠤᠯᠤᠯ᠎ᠠ》ᠬᠡᠵᠤ ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤᠨ ᠤ ᠰᠤᠶᠤᠯ ᠤᠨ ᠦᠷᠳᠡᠬᠡᠨ ᠤ ᠲᠠᠷᠤᠭ᠎ᠠ ᠪᠦᠷᠢᠨᠳᠦ ᠶᠠᠷᠢᠯ᠎ᠠ᠃

    (ᠰᠢᠨᠬᠤᠸᠠ ᠮᠤᠩᠭ᠋ᠤᠯ ᠨᠸᠲ ᠤᠨ ᠪᠠᠢ ᠯᠢᠩ ᠳ᠋ᠢ᠂ ᠬ• ᠦᠵᠡᠰᠭᠦᠯᠡᠩ᠂ ᠲᠦᠩᠭ᠍ᠯᠢᠶᠤᠤ ᠷᠠᠳᠢᠤ᠋ ᠲᠸᠯᠸᠢᠰ ᠬᠤᠷᠢᠶᠠᠨ ᠤ ᠰᠤᠷᠪᠤᠯᠵᠢᠯᠠᠭᠴᠢ ᠨᠠᠪᠴᠢ᠂ ᠵᠠᠷᠤᠳ ᠬᠤᠰᠢᠭᠤᠨ ᠤ ᠲᠸᠯᠧᠢᠰ ᠬᠤᠷᠢᠶᠠᠨ ᠤ ᠰᠤᠷᠪᠤᠯᠵᠢᠯᠠᠭᠴᠢ ᠲᠠᠯᠠᠢ ᠨᠠᠷ ᠮᠡᠲᠡᠭᠡᠯᠡᠪᠡ)

ᠢᠷᠡᠯᠳᠡ᠄ ᠰᠢᠨᠬᠤᠸᠠ ᠮᠤᠩᠭ᠋ᠤᠯ ᠨᠸᠲ  ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691119490207