《ᠪᠠᠶᠠᠨᠴᠠᠭᠠᠨ》ᠬᠤᠨᠳᠠᠭᠠᠲᠦ ᠨᠠᠶ᠋ᠮᠠᠨ ᠮᠤᠵᠢ ᠣᠷᠤᠨ ᠤ ᠮᠤᠩᠭ᠋ᠤᠯ ᠤᠷᠲᠦ ᠶᠢᠨ ᠳᠠᠭᠤᠤ ᠶᠢᠨ ᠰᠢᠳᠪᠦᠷᠢᠳᠤ ᠤᠷᠤᠯᠳᠤᠭᠠᠨ ᠰᠢᠶ᠋ᠳᠪᠦᠷᠢᠲᠦ ᠤᠷᠤᠯᠳᠤᠭᠠᠨ ᠪᠠ ᠱᠠᠩᠨᠠᠯ ᠤᠯᠭᠤᠬᠤ ᠶᠤᠰᠤᠯᠠᠯ 2016-09-01 08:57

    ᠰᠢᠨᠬᠤᠧᠠ ᠮᠤᠩᠭᠤᠯ ᠨᠧᠲ ᠤᠯᠠᠭᠠᠨᠬᠠᠳᠠ ᠶᠢᠨ 8 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ (ᠬ᠂ ᠦᠵᠡᠰᠭᠦᠯᠡᠩ᠂ ᠪᠠᠢ ᠯᠢᠩ ᠳ᠋ᠢ) 《ᠪᠠᠶᠠᠨᠴᠠᠭᠠᠨ》ᠬᠤᠨᠳᠠᠭᠠᠲᠦ ᠨᠠᠶ᠋ᠮᠠᠨ ᠮᠤᠵᠢ ᠤᠷᠤᠨ ᠤ ᠮᠤᠩᠭᠤᠯ ᠤᠷᠲᠦ ᠶᠢᠨ ᠳᠠᠭᠤᠤ ᠶᠢᠨ ᠤᠷᠤᠯᠳᠤᠭᠠᠨ ᠪᠠ ᠵᠤᠤ ᠤᠳᠠ ᠠᠷᠠᠳ ᠤᠨ ᠳᠠᠭᠤᠤ ᠶᠢᠨ ᠤᠷᠤᠯᠳᠤᠭᠠᠨ ᠤ ᠰᠢᠶ᠋ᠳᠪᠦᠷᠢᠲᠦ ᠤᠷᠤᠯᠳᠤᠭᠠᠨ ᠪᠠ ᠱᠠᠩᠨᠠᠯ ᠤᠯᠭᠤᠬᠤ ᠶᠤᠰᠤᠯᠠᠯ 5 ᠤ ᠤᠷᠤᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠳ᠋ᠤ ᠪᠤᠯᠵᠦ ᠥᠩᠭᠡᠷᠡᠯ᠎ᠡ᠃

    ᠰᠢᠭᠦᠭ᠍ᠴᠢ ᠶᠢᠨ ᠲᠥᠪ ᠭᠤᠤᠯᠴᠢ ᠣᠨᠤᠭ᠎ᠠ ᠥᠭ᠍ᠭᠦᠯᠲᠡ᠂ ᠳᠠᠭᠤᠴᠢᠳ ᠤᠨ ᠬᠤᠷᠴᠠ ᠰᠢᠷᠦᠭᠦᠨ ᠲᠡᠮᠡᠴᠡᠭᠡᠨ ᠢᠶᠡᠷ ᠤᠷᠲᠦ ᠶᠢᠨ ᠳᠠᠭᠤᠤ ᠶᠢᠨ ᠪᠠᠭ ᠲᠤ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠪᠡᠷ ᠨᠤᠲᠤᠭ ᠲᠠᠢ ᠴᠤᠪᠤᠭᠤᠯᠢᠭ《ᠬᠢᠰᠬᠢᠳᠡᠯ ᠰᠠᠶᠢᠲᠤ》 ᠳᠠᠭᠤᠤ ᠪᠡᠷ ᠢᠶᠡᠨ᠂ ᠵᠤᠤ ᠤᠳᠠ ᠠᠷᠠᠳ ᠤᠨ ᠳᠠᠭᠤᠤ ᠶᠢᠨ ᠪᠠᠭ ᠲᠤ ᠥᠪᠦᠷ ᠮᠤᠩᠭᠤᠯ ᠤᠨ ᠦᠨᠳᠤᠰᠦᠲᠡᠨ ᠤ ᠳᠠᠭᠤᠤ ᠪᠦᠵᠢᠭ᠌ ᠵᠥᠴᠦᠭᠡ  ᠶᠢᠨ ᠬᠦᠷᠢᠶᠡᠯᠩ ᠤᠨ ᠳᠠᠭᠤᠴᠢᠨ ᠡᠷᠳᠡᠨᠢᠠᠠᠭᠤᠯᠠ《ᠪᠦᠮᠪᠦᠢ ᠶᠢᠨ ᠰᠢᠯᠢ》ᠳᠠᠭᠤᠤ ᠪᠡᠷ ᠢᠶᠡᠨ ᠲᠡᠷᠢᠭᠦᠨ ᠨᠡᠷᠡᠰ ᠲᠥ ᠲᠤᠳᠤᠷᠠᠪᠠ᠃

    ᠳᠤᠰ ᠤᠳᠠᠭᠠᠨ ᠤ ᠤᠷᠤᠯᠳᠤᠭᠠᠨ ᠨᠢ ᠮᠤᠩᠭᠤᠯ ᠰᠤᠶᠤᠯ ᠤᠷᠠᠯᠢᠭ ᠢᠶᠡᠨ ᠤᠯᠠᠮᠵᠢᠯᠠᠨ ᠬᠦᠭ᠍ᠵᠢᠭᠦᠯᠵᠦ᠂ ᠠᠷᠠᠳ ᠤᠨ ᠳᠠᠭᠤᠴᠢᠳ ᠢᠶᠡᠨ ᠤᠷᠮᠠᠰᠢᠭᠤᠯᠤᠨ ᠵᠤᠷᠢᠭᠵᠢᠭᠤᠯᠵᠦ᠂ ᠨᠠᠶ᠋ᠮᠠᠨ ᠮᠤᠵᠢ ᠤᠷᠤᠨ ᠤ ᠠᠵᠢᠯ ᠤᠨ ᠬᠠᠮᠵᠢᠯᠴᠠᠭ᠎ᠠ ᠶᠢ ᠤᠯᠠᠮ ᠠᠬᠢᠭᠤᠯᠵᠦ᠂ ᠮᠥᠨ ᠴᠦ ᠠᠯᠳᠠᠷᠲᠦ ᠳᠠᠭᠤᠴᠢᠨ ᠪᠠᠶᠠᠨᠴᠠᠭᠠᠨ ᠤ ᠮᠤᠩ᠋ᠭᠤᠯ ᠤᠷᠲᠦ ᠶᠢᠨ ᠳᠠᠭᠤᠤ ᠶᠢᠨ ᠦᠢᠯᠡᠰ ᠲᠥ ᠦᠵᠡᠭᠦᠯᠦᠭᠰᠡᠨ ᠭᠠᠪᠢᠶ᠎ᠠ ᠵᠢᠳᠬᠦᠯ ᠢ ᠳᠤᠷᠠᠰᠬᠠᠨ ᠲᠡᠮᠳᠡᠭᠯᠡᠬᠦ ᠵᠤᠷᠢᠯᠭ᠎ᠠ ᠲᠠᠢ ᠶᠠᠪᠤᠭᠳᠠᠭᠰᠠᠨ ᠶᠤᠮ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
010070230030000000000000011120691119490210