ᠪᠡᠭᠡᠵᠢᠩ ᠤ᠋ᠨ ᠨᠠᠭᠠᠳᠤᠮ 2016-11-10 12:51

    ᠪᠡᠭᠡᠵᠢᠩ ᠤ᠋ᠨ ᠨᠠᠭᠠᠳᠤᠮ -- ᠬᠤᠳᠠ ᠶᠢᠨ ᠦᠨᠳᠦᠰᠦᠲᠡᠨ ᠤ ᠰᠤᠶᠤᠯ ᠤᠨ ᠬᠦᠭ᠍ᠵᠢᠯᠲᠡ ᠶᠢᠨ ᠱᠠᠭᠠᠷᠳᠠᠯᠭ᠎ᠠ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠤᠯᠤᠨ ᠨᠡᠶᠢᠰᠯᠡᠯ ᠬᠤᠳᠠ ᠶᠢᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠵᠤᠷᠢᠯᠭ᠎ᠠ ᠪᠡᠷ 1981 ᠤᠨ ᠳᠤ ᠪᠡᠬᠡᠵᠢᠩ ᠳᠤ ᠪᠠᠶᠢᠭ᠎ᠠ ᠬᠡᠰᠡᠭ ᠮᠤᠩᠭ᠋ᠤᠯ ᠦᠨᠳᠦᠰᠦᠲᠡᠨ ᠤ ᠲᠠᠷᠤᠭ᠎ᠠ᠂ ᠪᠠᠭᠰᠢ᠂ ᠴᠡᠷᠢᠭ ᠨᠠᠷ ᠤᠨ ᠵᠤᠬᠢᠶᠠᠨ ᠪᠠᠶᠢᠭᠤᠯᠤᠭᠰᠠᠨ 《ᠪᠡᠭᠡᠵᠢᠩ ᠤᠨ ᠮᠤᠩᠭ᠋ᠤᠯ ᠦᠨᠳᠦᠰᠦᠲᠡᠨ ᠤ ᠨᠠᠭᠠᠳᠤᠮ》 ᠤᠳᠤ ᠪᠤᠯᠳᠠᠯ᠎ᠠ 35 ᠳ᠋ᠤᠭᠠᠷ ᠤᠳᠠᠭ᠎ᠠ ᠪᠡᠨ ᠠᠮᠵᠢᠯᠲᠠ ᠲᠠᠢ ᠬᠢᠯ᠎ᠠ᠃ ᠨᠠᠮ ᠪᠤᠯᠤᠨ ᠤᠯᠤᠰ ᠤᠨ ᠤᠳᠤᠷᠢᠳᠤᠯᠭ᠎ᠠ ᠤᠯᠠᠭᠠᠨᠬᠦᠦ᠂ ᠠᠷᠪᠠᠳᠤᠭᠠᠷ ᠲᠦᠷᠢ ᠶᠢᠨ ᠪᠠᠨᠴᠢᠨ᠂ ᠪᠦᠬᠡ᠂ ᠶᠠᠩ ᠵᠢᠩ ᠿᠧᠨ ᠪᠤᠯᠤᠨ ᠤᠯᠤᠰ ᠤᠨ ᠦᠨᠳᠦᠰᠦᠲᠡᠨ ᠤ ᠵᠦᠪᠯᠡᠯ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ᠂ ᠪᠡᠭᠡᠵᠢᠩ ᠬᠤᠳᠠ ᠶᠢᠨ ᠤᠳᠤᠷᠢᠳᠤᠯᠭ᠎ᠠ ᠨᠠᠷ ᠵᠢᠴᠢ ᠪᠡᠬᠡᠵᠢᠩ ᠤᠨ ᠬᠤᠯᠪᠤᠭᠳᠠᠯ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠤᠯᠠᠨ ᠤᠳᠠᠭ᠎ᠠ ᠪᠡᠬᠡᠵᠢᠩ ᠤᠨ ᠨᠠᠭᠠᠳᠤᠮ ᠳᠤ ᠤᠷᠤᠯᠴᠠᠵᠠᠢ᠃ ᠨᠠᠭᠠᠳᠤᠮ ᠳᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠬᠦᠳᠡᠯᠬᠡᠬᠡᠨ ᠪᠦᠬᠡ ᠪᠠᠷᠢᠯᠳᠤᠬᠤ᠂ ᠰᠤᠷ ᠬᠠᠷᠪᠤᠬᠤ᠂ ᠡᠯ᠎ᠡ ᠲᠦᠷᠦᠯ ᠤᠨ ᠪᠦᠮᠪᠦᠬᠡᠨ ᠤ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠠᠳᠠ᠂ ᠬᠡᠦᠬᠡᠳ ᠪᠠᠭᠠᠴᠤᠳ ᠤᠨ ᠮᠤᠩᠭ᠋ᠤᠯ ᠬᠡᠯᠡᠨ ᠤ ᠶᠠᠷᠢᠯᠴᠠᠭ᠎ᠠ ᠵᠡᠷᠬᠡ ᠤᠷᠤᠯᠳᠤᠭᠠᠨ ᠤ ᠲᠦᠷᠦᠯ ᠲᠤᠬᠢᠷᠠᠭᠤᠯᠵᠤ᠂ ᠬᠤᠳᠠ ᠶᠢᠨ ᠦᠨᠳᠦᠰᠦᠲᠡᠨ ᠤ ᠪᠠᠶᠠᠷ ᠤᠨ ᠡᠳᠤᠷ ᠤᠨ ᠨᠡᠷ᠎ᠡ ᠲᠡᠮᠳᠡᠭ ᠪᠤᠯᠤᠭᠰᠠᠨ ᠪᠠᠶᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
010070230030000000000000011120691119883963