蒙古文网站Logo
ᠰᠢᠨᠬᠤᠸᠠ ᠮᠤᠩᠭ᠋ᠤᠯ ᠨᠧᠲ

ᠮᠤᠩᠭᠤᠯᠴᠤᠳ ᠤᠨ ᠮᠢᠩᠭ᠎ᠠ ᠭᠠᠷᠤᠢ ᠵᠢᠯ ᠤᠨ ᠳᠡᠤᠬᠡ ᠶᠢ ᠮᠢᠩᠭᠠᠨ ᠵᠢᠷᠤᠭ ᠢᠶᠡᠷ ᠢᠯᠡᠷᠡᠬᠦᠯᠦᠭᠰᠡᠨ《ᠮᠤᠩᠭᠤᠯ ᠦᠨᠳᠦᠰᠦᠳᠡᠨ ᠤ ᠨᠡᠪᠳᠡᠷᠬᠡᠢ ᠳᠡᠤᠬᠡ》ᠨᠤᠮ

2016-10-13 15:15

    ᠰᠢᠨᠬᠤᠧᠠ ᠮᠤᠩᠭᠤᠯ ᠨᠧᠲ   ᠬᠦᠬᠡᠬᠤᠳᠠ ᠶᠢᠨ 10 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠬᠡ (ᠪᠤᠯᠤᠷᠴᠡᠴᠡᠭ᠂ ᠰᠢᠭᠤᠷᠭᠠᠨ) ᠮᠤᠩᠭᠤᠯ ᠳᠡᠤᠬᠡ ᠶᠢᠨ ᠠᠬᠠᠮᠠᠳ ᠡᠷᠳᠡᠮᠳᠡᠨ ᠯᠢᠦ ᠵᠢᠨ ᠰᠦᠧᠧ ᠡᠷᠬᠢᠯᠡᠨ ᠨᠠᠶᠢᠷᠠᠭᠤᠯᠵᠤ᠂ ᠮᠤᠩᠭᠤᠯ ᠦᠨᠳᠦᠰᠦᠳᠡᠨ ᠤ ᠠᠯᠳᠠᠷᠳᠤ ᠵᠢᠷᠤᠭᠴᠢᠨ ᠷᠡᠰᠢ ᠵᠢᠷᠤᠭ ᠢ ᠵᠢᠷᠤᠭᠰᠠᠨ《ᠮᠤᠩᠭᠤᠯ ᠦᠨᠳᠦᠰᠦᠳᠡᠨ ᠤ ᠨᠡᠪᠳᠡᠷᠬᠡᠢ ᠳᠡᠤᠬᠡ》ᠬᠡᠮᠡᠬᠦ ᠵᠢᠷᠤᠭᠴᠢᠯᠠᠭᠰᠠᠨ ᠳᠡᠪᠳᠡᠷ 2004 ᠤᠨ ᠳᠤ ᠦᠪᠦᠷ ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶᠠᠨ ᠡᠴᠡ ᠬᠢᠳᠠᠳ ᠢᠶᠡᠷ ᠬᠡᠪᠯᠡᠭᠳᠡᠨ᠂ ᠠᠬ᠎ᠠ ᠳᠡᠬᠦᠦ ᠦᠨᠳᠦᠰᠦᠳᠡᠨ ᠨᠤᠬᠦᠳ ᠤᠨ ᠦᠰᠪᠦᠷᠢ ᠶᠢᠨ ᠤᠩᠰᠢᠭᠴᠢᠳ ᠤᠨ ᠠᠯᠠᠭᠠᠨ ᠳᠤ ᠳᠠᠯᠪᠢᠭᠳᠠᠭᠰᠠᠨ ᠪᠢᠯᠡ᠃ ᠮᠤᠩᠭᠤᠯᠴᠤᠳ ᠤᠨ ᠮᠢᠩᠭ᠎ᠠ ᠭᠠᠷᠤᠢ ᠵᠢᠯ ᠤᠨ ᠳᠡᠤᠬᠡ ᠶᠢ ᠮᠢᠩᠭᠠᠨ ᠵᠢᠷᠤᠭ ᠲᠤ ᠪᠠᠭᠳᠠᠭᠠᠨ ᠢᠯᠡᠷᠡᠬᠦᠯᠦᠭᠰᠡᠨ ᠬᠡᠮᠡᠨ ᠳᠤᠬᠠᠢ ᠶᠢᠨ ᠦᠶ᠎ᠡ ᠳᠤ ᠨᠡᠷ᠎ᠡ ᠠᠯᠳᠠᠷᠰᠢᠭᠰᠠᠨ ᠡᠨᠡ ᠵᠢᠷᠤᠭᠴᠢᠯᠠᠭᠰᠠᠨ ᠨᠤᠮ ᠰᠠᠶ‍ᠢᠬᠠᠨ ᠮᠦᠨ ᠦᠪᠦᠷ ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶᠠᠨ ᠡᠴᠡ ᠮᠤᠩᠭᠤᠯ ᠢᠶᠡᠷ ᠬᠡᠪᠯᠡᠭᠳᠡᠨ ᠵᠠᠯᠠᠭᠤᠴᠤᠳ ᠪᠠᠭᠠᠴᠤᠳ ᠤᠨ ᠠᠯᠠᠭᠠᠨ ᠳᠤ ᠳᠠᠯᠪᠢᠭᠳᠠᠯ᠎ᠠ᠃

    ᠪᠦᠬᠦ ᠨᠤᠮ ᠳᠡᠬᠡᠳᠦ᠂ ᠳᠤᠮᠳᠠᠳᠤ᠂ ᠳᠤᠤᠷᠠᠳᠤ ᠭᠤᠷᠪᠠᠨ ᠪᠤᠳᠢ ᠳᠦᠷᠪᠡᠨ ᠪᠦᠯᠦᠭ ᠲᠤ ᠬᠤᠪᠢᠶᠠᠭᠳᠠᠵᠠᠢ᠃ ᠨᠢᠬᠡᠳᠦᠬᠡᠷ ᠪᠦᠯᠦᠭ ᠲᠤ ᠮᠤᠩᠭᠤᠯ ᠬᠠᠭᠠᠨᠳᠤ ᠤᠯᠤᠰ ᠤᠨ ᠪᠠᠶᠢᠭᠤᠯᠤᠭᠳᠠᠭᠰᠠᠨ ᠪᠠ ᠵᠠᠳᠠᠷᠠᠭᠰᠠᠨ︔ ᠬᠤᠶᠠᠳᠤᠭᠠᠷ ᠪᠦᠯᠦᠭ ᠲᠤ ᠶᠤᠧᠠᠨ ᠤᠯᠤᠰ ᠤᠨ ᠪᠠᠶᠢᠭᠤᠯᠤᠭᠳᠠᠭᠰᠠᠨ ᠪᠠ ᠮᠤᠩᠭᠤᠯ ᠤᠨ ᠹᠧᠤᠳᠠᠯ ᠤᠨ ᠪᠠᠶᠢᠭᠤᠯᠤᠯ ᠤᠨ ᠪᠦᠷᠢᠯᠳᠦᠭᠰᠡᠨ ᠪᠠ ᠳᠤᠭᠳᠠᠨᠢᠭᠰᠠᠨ︔ ᠭᠤᠷᠪᠠᠳᠤᠭᠠᠷ ᠪᠦᠯᠦᠭ ᠲᠤ ᠶᠤᠧᠠᠨ ᠤᠯᠤᠰ ᠤᠨ ᠬᠠᠭᠠᠨ ᠳᠦᠷᠦ ᠶᠢᠨ ᠤᠮᠠᠷᠠᠰᠢ ᠤᠬᠤᠷᠢᠭᠰᠠᠨ ᠤ ᠳᠠᠷᠠᠭᠠᠬᠢ ᠮᠤᠩᠭᠤᠯᠴᠤᠳ ᠤᠨ ᠪᠠᠶᠢᠳᠠᠯ︔ ᠳᠦᠷᠪᠡᠳᠦᠬᠡᠷ ᠪᠦᠯᠦᠭ ᠲᠤ ᠴᠢᠩ ᠳᠦᠷᠦ ᠶᠢᠨ ᠨᠤᠶᠠᠷᠬᠠᠯ ᠤᠨ ᠦᠶ᠎ᠡ ᠳᠡᠬᠢ ᠮᠤᠩᠭᠤᠯᠴᠤᠳ ᠤᠨ ᠪᠠᠶᠢᠳᠠᠯ ᠢ ᠳᠤᠰ ᠳᠤᠰ ᠬᠦᠤᠷᠨᠢᠨ ᠳᠤᠭᠠᠴᠢᠪᠠ᠃ ᠳᠡᠤᠬᠡ ᠶᠢᠨ ᠶᠠᠪᠤᠴᠠ ᠶᠢ ᠪᠦᠯᠦᠭ᠂ ᠬᠡᠰᠡᠭ ᠬᠤᠪᠢᠶᠠᠨ ᠬᠦᠤᠷᠨᠢᠨ ᠳᠤᠭᠠᠴᠢᠬᠤ ᠳᠤ ᠪᠡᠨ ᠦᠯᠢᠬᠡᠷ ᠤᠴᠢᠷ ᠶᠠᠪᠤᠳᠠᠯ ᠢᠶᠡᠷ ᠳᠡᠤᠬᠡ ᠶᠢ ᠬᠡᠯᠬᠢᠨ᠂ ᠳᠡᠤᠬᠡ ᠶᠢᠨ ᠬᠡᠷᠡᠭ ᠤᠴᠢᠷ ᠢ ᠬᠦᠤᠷᠨᠢᠨ ᠳᠤᠭᠠᠴᠢᠬᠤ ᠳᠤᠮᠳᠠ ᠳᠡᠤᠬᠡ ᠶᠢᠨ ᠮᠡᠳᠡᠯᠬᠡ ᠤᠯᠠᠮᠵᠢᠯᠠᠬᠤ ᠶᠢ ᠬᠢᠴᠢᠶᠡᠭᠰᠡᠨ ᠪᠠᠶᠢᠨ᠎ᠠ᠃

    ᠳᠤᠮᠳᠠᠳᠤ ᠶᠢᠨ ᠦᠨᠳᠦᠰᠦᠳᠡᠨ ᠤ ᠬᠦᠭᠵᠢᠯ ᠤᠨ ᠳᠡᠤᠬᠡᠨ ᠳᠡᠬᠡᠷ᠎ᠡ ᠮᠤᠩᠭᠤᠯ ᠦᠨᠳᠦᠰᠦᠳᠡᠨ ᠤ ᠪᠠᠭᠠᠳᠤᠷ ᠬᠦᠮᠦᠰ ᠮᠠᠰᠢ ᠤᠯᠠᠨ ᠴᠤᠯᠭᠤᠷᠠᠨ ᠭᠠᠷᠴᠤ᠂ ᠡᠬᠡ ᠤᠯᠤᠰ ᠤᠨ ᠨᠢᠬᠡᠳᠦᠯ ᠪᠠ ᠬᠦᠭᠵᠢᠯ ᠪᠠᠳᠠᠷᠠᠯ ᠳᠤ ᠦᠪᠡᠷ ᠦᠪᠡᠷ ᠤᠨ ᠢᠶᠡᠨ ᠬᠤᠪᠢ ᠨᠡᠮᠡᠷᠢ ᠪᠡᠨ ᠦᠵᠡᠬᠦᠯᠦᠭᠰᠡᠨ ᠪᠠᠶᠢᠳᠠᠭ᠃ ᠡᠶᠢᠮᠤ ᠡᠴᠡ᠂ ᠳᠤᠰ ᠨᠤᠮ ᠳᠤ ᠮᠤᠩᠭᠤᠯ ᠦᠨᠳᠦᠰᠦᠳᠡᠨ ᠤ ᠳᠡᠤᠬᠡᠨ ᠬᠦᠮᠦᠰ ᠤᠨ ᠳᠡᠤᠬᠡᠳᠦ ᠦᠢᠯᠡᠳᠦᠯ ᠢ ᠵᠤᠬᠢᠰᠳᠠᠢ ᠪᠡᠷ ᠳᠠᠨᠢᠯᠴᠠᠭᠤᠯᠬᠤ ᠶᠢ ᠮᠦᠨ ᠴᠤ ᠠᠩᠬᠠᠷᠴᠠᠢ᠃

    ᠵᠢᠷᠤᠭᠴᠢᠯᠠᠭᠰᠠᠨ ᠳᠡᠪᠳᠡᠷ《ᠮᠤᠩᠭᠤᠯ ᠦᠨᠳᠦᠰᠦᠳᠡᠨ ᠤ ᠨᠡᠪᠳᠡᠷᠬᠡᠢ ᠳᠡᠤᠬᠡ》 ᠳᠤ ᠤᠳᠤ ᠪᠤᠯᠳᠠᠯᠠᠬᠢ ᠤᠯᠤᠰ ᠤᠨ ᠳᠤᠳᠤᠭᠠᠳᠤ ᠭᠠᠳᠠᠭᠠᠳᠤ ᠶᠢᠨ ᠮᠤᠩᠭᠤᠯ ᠤᠨ ᠳᠡᠤᠬᠡ ᠶᠢᠨ ᠰᠤᠳᠤᠯᠭᠠᠨ ᠤ ᠬᠠᠮᠤᠭ ᠤᠨ ᠰᠢᠨ᠎ᠡ ᠦᠷ᠎ᠡ ᠪᠦᠳᠦᠬᠡᠯ ᠢ ᠰᠢᠩᠬᠡᠬᠡᠨ ᠠᠪᠴᠤ᠂ ᠮᠤᠩᠭᠤᠯ ᠦᠨᠳᠦᠰᠦᠳᠡᠨ ᠤ ᠳᠡᠤᠬᠡ ᠶᠢᠨ ᠬᠦᠭᠵᠢᠯᠳᠡ ᠶᠢᠨ ᠳᠤᠳᠤᠭᠠᠳᠤ ᠵᠢᠮ᠎ᠡ ᠶᠤᠰᠤ ᠶᠢ ᠪᠤᠰᠤᠳᠴᠢ ᠪᠡᠷ ᠪᠦᠷᠢᠨ ᠬᠦᠢᠴᠡᠳ ᠳᠤᠰᠬᠠᠨ ᠦᠵᠡᠬᠦᠯᠵᠤ᠂ ᠦᠨᠳᠦᠰᠦᠳᠡᠨ ᠤ ᠳᠡᠤᠬᠡ ᠶᠢᠨ ᠬᠡᠷᠡᠭ ᠶᠠᠪᠤᠳᠠᠯ ᠤᠨ ᠳᠠᠯ᠎ᠡ ᠪᠡᠷ ᠬᠢᠳᠠᠳ ᠬᠡᠯᠡᠨ ᠤ᠂ ᠭᠠᠳᠠᠭᠠᠳᠤ ᠬᠡᠯᠡᠨ ᠤ ᠳᠡᠤᠬᠡ ᠶᠢᠨ ᠮᠠᠲ᠋ᠧᠷᠢᠶᠠᠯ ᠢ ᠠᠰᠢᠭᠯᠠᠭᠰᠠᠨ ᠡᠴᠡ ᠭᠠᠳᠠᠨ᠎ᠠ᠂ ᠮᠤᠩᠭᠤᠯ ᠦᠨᠳᠦᠰᠦᠳᠡᠨ ᠤ ᠦᠪᠡᠷ ᠤᠨ ᠤᠯᠠᠨ ᠵᠢᠯ ᠬᠤᠷᠠᠮᠳᠤᠭᠤᠯᠤᠭᠰᠠᠨ ᠳᠡᠤᠬᠡ ᠶᠢᠨ ᠮᠠᠲ᠋ᠧᠷᠢᠶᠠᠯ ᠢ ᠬᠦᠢᠴᠡᠳ ᠠᠰᠢᠭᠯᠠᠭᠰᠠᠨ ᠪᠤᠯᠬᠤᠷ ᠳᠡᠤᠬᠡ ᠶᠢᠨ ᠦᠨ᠎ᠡ ᠦᠷᠳᠡᠭ ᠮᠠᠰᠢ ᠦᠨᠳᠦᠷ ᠪᠤᠯᠵᠠᠢ᠃ ᠮᠦᠨ ᠬᠡᠯᠪᠡᠷᠢ ᠶᠠᠩᠵᠤ ᠶᠢᠨ ᠳᠤᠬᠢᠷᠠᠭᠤᠯᠤᠯᠳᠠ᠂ ᠳᠡᠤᠬᠡ ᠶᠢᠨ ᠵᠢᠱᠢᠶ᠎ᠡ ᠮᠠᠲ᠋ᠧᠷᠢᠶᠠᠯ ᠤᠨ ᠬᠡᠷᠡᠭᠯᠡᠯᠳᠡ᠂ ᠠᠭᠤᠯᠭ᠎ᠠ ᠶᠢᠨ ᠬᠦᠤᠷᠨᠢᠯᠳᠡ᠂ ᠵᠢᠷᠤᠭ ᠳᠦᠷᠢ ᠶᠢᠨ ᠤᠷᠠᠯᠠᠯᠳᠠ ᠵᠡᠷᠬᠡ ᠤᠯᠠᠨ ᠳᠠᠯ᠎ᠠ ᠪᠡᠷ ᠴᠦᠮ ᠮᠤᠩᠭᠤᠯ ᠦᠨᠳᠦᠰᠦᠳᠡᠨ ᠤ ᠳᠡᠤᠬᠡ ᠶᠢᠨ ᠬᠦᠭᠵᠢᠯᠳᠡ ᠶᠢᠨ ᠪᠤᠳᠠᠳᠠᠢ ᠤᠨᠴᠠᠯᠢᠭ ᠢ ᠢᠯᠡᠳᠳᠡ ᠳᠤᠰᠬᠠᠵᠤ ᠴᠢᠳᠠᠭᠰᠠᠨ ᠡᠴᠡ ᠠᠭᠤᠯᠭ᠎ᠠ ᠬᠡᠯᠪᠡᠷᠢ ᠨᠢᠬᠡᠳᠦᠯᠳᠡᠢ᠂ ᠦᠰᠦᠭ ᠵᠢᠷᠤᠭ ᠤᠶᠠᠯᠳᠤᠩᠭᠤᠢ᠂ ᠤᠩᠰᠢᠬᠤ ᠳᠤ ᠤᠶᠢᠯᠠᠭᠠᠮᠵᠢᠳᠠᠢ ᠪᠤᠯᠤᠭᠰᠠᠨ ᠪᠠᠢᠢᠨ᠎ᠠ᠃

    ᠳᠤᠰ ᠨᠤᠮ ᠤᠨ ᠬᠡᠪᠯᠡᠭᠳᠡᠭᠰᠡᠨ ᠨᠢ ᠰᠤᠶᠤᠯ ᠬᠠᠨᠳᠢᠪᠯᠠᠯ᠂ ᠡᠷᠳᠡᠮ ᠰᠢᠨᠵᠢᠯᠡᠬᠡᠨ ᠪᠠ ᠦᠨᠳᠦᠰᠦᠳᠡᠨ ᠤ ᠳᠡᠤᠬᠡ ᠶᠢᠨ ᠮᠡᠳᠡᠯᠬᠡ ᠶᠢ ᠦᠷᠬᠡᠨ ᠳᠡᠯᠬᠡᠷᠡᠩᠬᠦᠢ ᠳᠦᠬᠡᠮᠡᠯᠵᠢᠬᠦᠯᠬᠦ ᠳᠤ ᠪᠦᠷ ᠴᠤ ᠴᠢᠬᠤᠯᠠ ᠠᠴᠢ ᠬᠤᠯᠪᠤᠭᠳᠠᠯ ᠲᠠᠢ ᠪᠠᠶᠢᠭ᠎ᠠ ᠨᠢ ᠳᠠᠮᠵᠢᠭ ᠦᠬᠡᠢ ᠶᠤᠮ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119710128