蒙古文网站Logo
ᠰᠢᠨᠬᠤᠸᠠ ᠮᠤᠩᠭ᠋ᠤᠯ ᠨᠧᠲ

《〈ᠮᠤᠩᠭᠤᠯ ᠤᠨ ᠨᠢᠭᠤᠴᠠ ᠲᠤᠪᠴᠢᠶᠠᠨ〉 ᠤ᠋ ᠴᠤᠬᠯᠠᠭᠤᠯᠭ᠎ᠠ ᠲᠤᠯᠢᠯᠠᠭᠤᠯᠭ᠎ᠠ》 ᠨᠤᠮ ᠬᠡᠪᠯᠡᠭᠳᠡᠨ ᠤᠩᠰᠢᠬᠴᠢᠳ ᠲᠠᠢ ᠵᠤᠯᠭᠠᠯ᠎ᠠ

2017-04-13 10:50

    ᠲᠦᠷᠦᠬᠦᠬᠡᠨ᠂ ᠲᠡᠯᠡᠬᠡᠢ ᠶᠢᠨ 34 ᠤᠯᠤᠰ ᠪᠠ ᠭᠠᠵᠠᠷ ᠤᠷᠤᠨ ᠳᠤ ᠬᠡᠪᠯᠡᠭᠳᠡᠭᠰᠡᠨ 《ᠮᠤᠩᠭᠤᠯ ᠤᠨ ᠨᠢᠭᠤᠴᠠ ᠲᠤᠪᠴᠢᠶᠠᠨ》  ᠤ᠋ ᠪᠠᠶᠢᠳᠠᠯ ᠢ ᠲᠠᠨᠢᠯᠴᠠᠭᠤᠯᠤᠭᠰᠠᠨ 《〈ᠮᠤᠩᠭᠤᠯ ᠤᠨ ᠨᠢᠭᠤᠴᠠ ᠲᠤᠪᠴᠢᠶᠠᠨ〉 ᠤ᠋ ᠴᠤᠬᠯᠠᠭᠤᠯᠭ᠎ᠠ ᠲᠤᠯᠢᠯᠠᠭᠤᠯᠭ᠎ᠠ》 ᠨᠤᠮ ᠬᠡᠪᠯᠡᠭᠳᠡᠨ ᠤᠩᠰᠢᠬᠴᠢᠳ ᠲᠠᠢ ᠵᠤᠯᠭᠠᠯ᠎ᠠ᠃

    ᠲᠡᠯᠡᠬᠡᠢ ᠲᠠᠶᠠᠭᠠᠷ ᠲᠤ ᠮᠤᠩᠭᠤᠯ ᠲᠤᠯᠭᠠᠳᠠᠨ ᠤ ᠰᠦᠷ ᠬᠦᠴᠦᠨ ᠢ ᠲᠤᠩᠬᠠᠬᠯᠠᠵᠤ᠂ ᠠᠯᠳᠠᠷ ᠨᠡᠷ᠎ᠡ ᠨᠢ ᠲᠡᠯᠡᠬᠡᠢ ᠳ᠋ᠡᠬᠢᠨ᠎ᠠ ᠲᠠᠭᠤᠷᠢᠰᠤᠬᠰᠠᠨ ᠶᠡᠭᠡ ᠡᠵᠡᠨ ᠴᠢᠩᠬᠢᠰ ᠬᠠᠭᠠᠨ ᠤ ᠲᠡᠦᠬᠡ ᠨᠡᠮᠳᠡᠷ ᠢ ᠲᠡᠮᠳᠡᠭᠯᠡᠭᠰᠡᠨ 《ᠮᠤᠩᠭᠤᠯ ᠤᠨ ᠨᠢᠭᠤᠴᠠ ᠲᠤᠪᠴᠢᠶᠠᠨ》 ᠤᠯᠠᠨ ᠵᠦᠢᠯ ᠤᠨ ᠬᠠᠷᠢ ᠬᠡᠯᠡᠨ ᠳᠤ ᠤᠷᠴᠢᠭᠤᠯᠤᠬᠳᠠᠨ ᠤᠯᠠᠨ ᠲᠠᠬᠢᠨ ᠬᠡᠪᠯᠡᠭᠳᠡᠵᠤ ᠢᠷᠡᠭᠰᠡᠨ ᠶᠤᠮ᠃ ᠴᠢᠨᠦᠰ ᠴᠤᠬᠳᠤᠨᠠᠷᠠᠨ ᠭᠤᠸᠠᠢ ᠶᠢᠨ ᠴᠤᠬᠯᠠᠭᠤᠯᠤᠨ ᠬᠤᠷᠢᠶᠠᠬᠰᠨᠨ 《ᠮᠤᠩᠭᠤᠯ ᠤᠨ ᠨᠢᠭᠤᠴᠠ ᠲᠤᠪᠴᠢᠶᠠᠨ》 ᠤᠳᠤ 30 ᠭᠠᠷᠤᠢ ᠤᠯᠤᠰ ᠤᠷᠤᠨ ᠤ ᠬᠤᠷᠢᠭᠠᠳ ᠬᠡᠯᠡᠨ ᠤ᠂ 800 ᠭᠠᠷᠤᠢ ᠬᠡᠪᠯᠡᠯ ᠤᠨ 1000 ᠭᠠᠷᠤᠢ ᠲᠡᠪᠳᠡᠷ ᠲᠤ ᠬᠦᠷᠴᠡᠢ᠃ ᠲᠡᠷᠡᠪᠠᠷ᠂ ᠤᠯᠠᠨ ᠵᠢᠯ ᠤᠨ ᠲᠤᠷᠰᠢ ᠴᠤᠬᠯᠠᠭᠤᠯᠤᠨ ᠬᠤᠷᠢᠶᠠᠬᠰᠠᠨ ᠴᠤᠬᠯᠠᠭᠤᠯᠭ᠎ᠠ ᠪᠠᠨ ᠤᠯᠠᠨ ᠤ ᠬᠦᠷᠳᠡᠬᠡᠯ ᠪᠤᠯᠭᠠᠵᠤ᠂ ᠤᠬᠰᠠᠭ᠎ᠠ ᠦᠨᠳᠦᠰᠦᠳᠡᠨ ᠤ ᠪᠠᠨ ᠪᠠᠬᠠᠷᠬᠠᠯ ᠳᠤ ᠬᠡᠷᠡᠯ ᠬᠡᠬᠡ ᠨᠡᠮᠡᠷᠢᠯᠡᠬᠦ ᠬᠦᠰᠡᠯ ᠪᠤᠳᠤᠯ ᠢᠶᠠᠷ ᠬᠠᠷᠢ᠂ ᠦᠪᠡᠷ ᠤᠨ ᠬᠡᠯᠡ ᠪᠠᠷ ᠬᠡᠪᠯᠡᠭᠳᠡᠭᠰᠡᠨ 《ᠮᠤᠩᠭᠤᠯ ᠤᠨ ᠨᠢᠭᠤᠴᠠ ᠲᠤᠪᠴᠢᠶᠠᠨ》  ᠤ᠋ ᠪᠠᠷ ᠬᠡᠪᠯᠡᠯ ᠪᠠ ᠬᠤᠯᠪᠤᠬᠳᠠᠬᠤ ᠬᠤᠪᠤᠷ ᠴᠢᠬᠤᠯᠠ ᠮᠠᠲ᠋ᠧᠷᠢᠶᠠᠯ ᠢ ᠨᠢᠭᠡᠳᠬᠡᠨ ᠲᠠᠨᠢᠯᠴᠠᠭᠤᠯᠤᠬᠰᠠᠨ 《〈ᠮᠤᠩᠭᠤᠯ ᠤᠨ ᠨᠢᠭᠤᠴᠠ ᠲᠤᠪᠴᠢᠶᠠᠨ〉 ᠤ᠋ ᠴᠤᠬᠯᠠᠭᠤᠯᠭ᠎ᠠ ᠲᠤᠯᠢᠯᠠᠭᠤᠯᠭ᠎ᠠ》 ᠬᠡᠮᠡᠬᠦ ᠤᠭ ᠪᠦᠳᠦᠬᠡᠯ ᠢᠶᠠᠨ ᠬᠡᠪᠯᠡᠬᠦᠯᠦᠭᠰᠡᠨ ᠶᠤᠮ᠃

    ᠲᠤᠰ ᠨᠤᠮ ᠳᠠᠭᠠᠨ᠂ ᠬᠠᠷᠢ ᠦᠨᠳᠦᠰᠦᠳᠡᠨ ᠪᠠ ᠮᠤᠩᠭᠤᠯ ᠦᠨᠳᠦᠰᠦᠳᠡᠨ ᠤ ᠡᠷᠳᠡᠮᠳᠡᠨ ᠮᠡᠷᠭᠡᠳ ᠤᠨ 《ᠮᠤᠩᠭᠤᠯ ᠤᠨ ᠨᠢᠭᠤᠴᠠ ᠲᠤᠪᠴᠢᠶᠠᠨ》 ᠳᠤ ᠠᠩᠬᠠᠷᠤᠯ ᠢᠶᠠᠨ ᠠᠯᠢ ᠬᠢᠷᠢ ᠬᠠᠨᠳᠤᠭᠤᠯᠵᠤ ᠢᠷᠡᠭᠰᠡᠨ ᠲᠦᠢᠮᠤ ᠪᠠᠶᠢᠳᠠᠯ ᠢ ᠲᠤᠰᠬᠠᠨ ᠬᠠᠷᠠᠭᠤᠯᠬᠤ ᠶᠢ ᠬᠢᠴᠢᠶᠡᠭᠰᠡᠨ ᠤ ᠲᠠᠭᠠᠤ᠂ ᠮᠤᠩᠭᠤᠯ ᠤᠨ ᠦᠨᠳᠦᠷᠯᠢᠭ ᠤᠨ ᠨᠡᠬᠦᠳᠡᠯᠴᠢᠨ ᠲᠦᠮᠡᠨ ᠤ ᠲᠡᠦᠬᠡ᠂ ᠬᠡᠯᠡ᠂ ᠤᠳᠬ᠎ᠠ ᠵᠤᠬᠢᠶᠠᠯ᠂ ᠨᠡᠶᠢᠬᠡᠮ᠂ ᠵᠦᠢ᠂ ᠬᠦᠮᠦᠨ ᠰᠤᠳᠤᠯᠤᠯ᠂ ᠤᠯᠤᠰ ᠲᠦᠷᠦ᠂ ᠠᠷᠠᠯᠵᠢᠶ᠎ᠠ ᠬᠤᠳᠠᠯᠳᠤᠭ᠎ᠠ᠂ ᠴᠡᠷᠢᠭ ᠤᠨ ᠶᠠᠪᠤᠳᠠᠯ᠂ ᠬᠦᠨ ᠤᠬᠠᠭᠠᠨ᠂ ᠠᠨᠠᠭᠠᠬᠤ ᠤᠬᠠᠭᠠᠨ ᠵᠡᠷᠬᠡ ᠳᠤ ᠬᠤᠯᠪᠤᠬᠳᠠᠬᠤ ᠠᠰᠠᠭᠤᠳᠠᠯ ᠢ ᠨᠠᠷᠢᠪᠴᠢᠯᠠᠨ ᠰᠤᠳᠤᠯᠬᠤ ᠳᠤ ᠬᠤᠪᠤᠷ ᠨᠠᠨᠳᠢᠨ ᠮᠠᠲ᠋ᠧᠷᠢᠶᠠᠯ ᠬᠠᠩᠭᠠᠬᠰᠠᠨ 《ᠮᠤᠩᠭᠤᠯ ᠤᠨ ᠨᠢᠭᠤᠴᠠ ᠲᠤᠪᠴᠢᠶᠠᠨ》 ᠢ᠋ ᠡᠷᠳᠡᠮᠳᠡᠨ ᠮᠡᠷᠭᠡᠳ ᠠᠴᠠ ᠶᠠᠮᠠᠷ ᠲᠦᠪᠰᠢᠨ ᠳᠤ ᠶᠠᠭᠠᠬᠢᠵᠤ ᠰᠤᠳᠤᠯᠵᠠᠭᠠᠬᠰᠠᠨ ᠲᠤᠬᠠᠢ ᠲᠠᠨᠢᠯᠴᠠᠭᠤᠯᠤᠬᠰᠠᠨ ᠪᠠᠶᠢᠨ᠎ᠠ᠃ 

ᠢᠷᠡᠯᠳᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡ ᠰᠦᠯᠵᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120802496