蒙古文网站Logo
ᠰᠢᠨᠬᠤᠸᠠ ᠮᠤᠩᠭ᠋ᠤᠯ ᠨᠧᠲ

《ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ》 ᠶᠢ ᠲᠦᠬᠡᠮᠡᠯᠵᠢᠬᠦᠯᠬᠦ ᠠᠩᠬᠠᠳᠠᠬᠴᠢ ᠮᠤᠩᠭᠤᠯ ᠨᠤᠮ ᠬᠡᠪᠯᠡᠭᠳᠡᠯ᠎ᠠ

2017-07-06 15:20

    ᠨᠠᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢ ᠦᠷᠭᠡᠨ ᠤᠯᠡᠨ ᠮᠤᠩᠭᠤᠯ ᠤᠡᠭᠰᠢᠬᠴᠢᠳ ᠲᠠᠭᠠᠨ ᠨᠠᠩ ᠰᠠᠶᠢᠳᠤᠷ ᠤᠬᠠᠭᠤᠯᠬᠤ ᠶᠢᠨ ᠲᠦᠯᠦᠭᠡ ᠦᠪᠤᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠳᠦ ᠬᠤᠷᠡᠯ ᠤᠨ ᠯᠸᠢ ᠪᠸᠡᠭ ᠡᠷᠬᠢᠯᠡᠨ ᠨᠠᠶᠢᠷᠠᠭᠤᠯᠵᠦ᠂ ᠷᠡᠰᠢᠨᠢᠮ᠎ᠠ᠂ ᠸᠡᠩ ᠼᠦᠢ ᠮᠸᠢ᠂ ᠭᠡᠷᠡᠯᠳᠦ ᠨᠠᠷ ᠮᠤᠩᠭᠤᠯᠴᠢᠯᠡᠬᠰᠡᠨ《ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢ ᠲᠦᠭᠡᠮᠡᠯᠵᠢᠬᠦᠯᠬᠦ ᠤᠡᠭᠰᠢᠬᠤ ᠪᠢᠴᠢᠭ᠌》ᠤᠢᠢᠷ᠎ᠠ ᠳᠤ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠳᠡᠪᠡ᠃

    ᠲᠤᠰ ᠨᠤᠮ ᠨᠢ ᠭᠤᠷᠪᠡᠨ ᠪᠦᠯᠦᠭ ᠢᠶᠠᠷ ᠪᠦᠷᠢᠯᠳᠦᠵᠠᠢ᠃ 《ᠤᠳᠤᠬᠢᠴᠢᠯᠬᠠᠰᠡᠨ ᠤᠯᠤᠰ ᠤᠨ ᠦᠷᠳᠡᠭ ᠤᠨ ᠦᠵᠠᠯᠳᠠ》ᠬᠡᠬᠦ ᠨᠢᠭᠡᠳᠤᠭᠡᠷ ᠪᠦᠯᠦᠭ ᠲᠤ《ᠪᠠᠶᠡᠨ ᠬᠦᠴᠦᠷᠭᠡᠭ᠂ ᠠᠷᠡᠳᠴᠢᠯᠠᠯ ᠲᠠᠢ᠂ ᠪᠤᠯᠪᠠᠰᠤᠨ ᠰᠠᠶᠢᠬᠠᠨ᠂ ᠡᠶ᠎ᠡ ᠵᠤᠬᠢᠴᠠᠩᠭᠤᠢ》 ᠶᠢ ᠪᠠᠭᠳᠠᠭᠠᠵᠦ᠂《ᠨᠡᠶᠢᠭᠡᠮ ᠤᠨ ᠦᠷᠳᠡᠭ ᠤᠨ ᠬᠠᠨᠳᠤᠰᠢ》ᠬᠡᠬᠦ ᠬᠤᠶᠠᠳᠤᠭᠠᠷ ᠪᠦᠯᠦᠭ ᠲᠤ《ᠡᠷᠭᠡ ᠴᠢᠯᠦᠭᠡᠳᠠᠢ᠂ ᠡᠷᠭᠡ ᠲᠡᠭᠰᠢ᠂ ᠲᠦᠪ ᠭᠤᠤᠯᠴᠢ᠂ ᠬᠠᠤᠯᠢ ᠪᠠᠷ ᠵᠠᠰᠠᠬᠤ》ᠪᠠ《ᠠᠷᠡᠳ ᠢᠷᠬᠡᠳ ᠤᠨ ᠶᠤᠰᠤ ᠰᠤᠷᠳᠠᠬᠤᠨ ᠤ ᠪᠠᠷᠢᠮᠵᠢᠶ᠎ᠠ》ᠬᠡᠮᠡᠬᠦ ᠭᠤᠷᠪᠡᠳᠤᠭᠠᠷ ᠪᠦᠯᠦᠭ ᠲᠤ《ᠤᠯᠤᠰ ᠢᠶᠠᠨ ᠬᠠᠶᠢᠷᠠᠯᠠᠬᠤ᠂ ᠤᠢᠢᠯᠡᠰ ᠢᠶᠠᠨ ᠲᠡᠭᠡᠳᠤᠯᠡᠬᠦ᠂ ᠦᠨᠠᠨᠴᠢ ᠢᠳᠡᠭᠡᠮᠵᠢᠳᠡᠢ᠂ ᠡᠶ᠎ᠡ ᠨᠠᠶᠢᠷᠰᠠᠭ》ᠵᠡᠷᠭᠡ ᠶᠢ ᠲᠤᠰ ᠲᠤᠰ ᠪᠠᠭᠳᠠᠭᠠᠪᠠ᠃

    ᠲᠤᠰ ᠨᠤᠮ ᠳᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢᠨ ᠭᠤᠤᠯᠳᠠᠯᠭᠠᠳᠦ ᠦᠭᠡ ᠨᠢᠬᠡᠪᠦᠷᠢ ᠳᠤ ᠲᠤᠬᠢᠷᠠᠯᠴᠠᠬᠰᠡᠨ ᠲᠡᠤᠭᠡ ᠶᠢᠨ ᠵᠢᠱᠢᠶ᠎ᠠ᠂ ᠦᠪᠡᠷᠮᠢᠴᠠ ᠬᠡᠯᠡᠯᠭᠡ᠂ ᠶᠤᠬᠳᠠ ᠦᠯᠢᠭᠡᠷ ᠪᠤᠯᠤᠨ ᠤᠳᠦ ᠦᠶ᠎ᠠ ᠶᠢᠨ ᠦᠨᠡᠨ ᠬᠦᠮᠦᠨ ᠦᠨᠡᠨ ᠤᠢᠢᠯᠠ ᠶᠠᠪᠤᠳᠠᠯ ᠪᠠ ᠡᠷᠳᠠᠨ ᠡᠳᠤᠭᠡᠬᠢ ᠭᠠᠳᠠᠭᠠᠳᠦ ᠲᠤᠳᠤᠭᠠᠳᠦ ᠶᠢᠨ ᠰᠤᠩᠭᠤᠳᠠᠭ ᠦᠯᠢᠭᠡᠷ ᠬᠢᠭᠡᠳ ᠵᠢᠷᠤᠭ ᠲᠦᠷᠰᠦ ᠶᠢ ᠵᠢᠬᠢᠷᠢᠭᠯᠡᠨ ᠬᠠᠪᠰᠤᠷᠭᠠᠵᠤ᠂ ᠦᠪᠤᠷ ᠮᠤᠩᠭᠤᠯ ᠤᠨ ᠭᠠᠵᠡᠷ ᠤᠷᠤᠨ ᠤ ᠤᠨᠴᠠᠯᠢᠭ ᠪᠠ ᠦᠨᠳᠤᠰᠤᠳᠡᠨ ᠤ ᠤᠨᠴᠠᠯᠢᠭ ᠪᠦᠬᠦᠢ ᠬᠦᠮᠦᠨ ᠤ ᠰᠡᠳᠬᠢᠯ ᠢ ᠬᠦᠳᠡᠯᠭᠡᠮ᠎ᠠ ᠤᠢᠢᠯᠡ ᠶᠠᠪᠤᠳᠠᠯ ᠢᠶᠠᠷ ᠰᠡᠳᠤᠪᠯᠡᠭᠰᠡᠨ ᠦᠯᠢᠭᠡᠷ ᠨᠦᠭᠦᠳ ᠢ ᠬᠠᠪᠰᠤᠷᠭᠠᠨ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢᠨ ᠡᠯᠪᠡᠭ ᠪᠠᠶᠠᠯᠢᠭ ᠲᠤᠳᠤᠭᠠᠳᠦ ᠠᠭᠤᠯᠤᠬᠳᠠᠬᠤᠨ ᠢ ᠤᠯᠠᠨ ᠬᠠᠷᠠᠭᠠᠰᠤ ᠠᠴᠠ ᠠᠮᠢᠳᠤ ᠴᠤᠪᠤᠭᠤᠯᠢᠭ ᠲᠤᠰᠬᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121275135