蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠠᠮᠤᠭ ᠤᠨ ᠠᠩᠬᠠᠨ ᠤ ᠰᠫᠤᠷᠲ ᠤᠨ ᠰᠤᠶᠤᠯ ᠤᠨ ᠴᠤᠪᠤᠷᠠᠯ ᠨᠤᠮ ᠢ ᠬᠡᠪᠯᠡᠨ ᠲᠡᠷᠬᠠᠭᠠᠪᠠ

2017-08-18 17:39

    ᠦᠪᠦᠷ ᠮᠣᠩᠭᠣᠯ ᠤᠨ ᠰᠫᠤᠷᠲ ᠤᠨ ᠰᠤᠶᠤᠯ ᠤᠨ ᠪᠦᠲᠦᠭᠡᠨ ᠪᠠᠶᠢᠭᠤᠯᠤᠲᠠ ᠶᠢ ᠠᠬᠢᠭᠤᠯᠬᠤ ᠶᠢᠨ ᠲᠦᠯᠦᠭᠡ᠂ ᠬᠤᠶᠠᠷ ᠵᠢᠯ ᠤᠨ ᠬᠤᠭᠤᠴᠠᠭ᠎ᠠ ᠬᠡᠷᠡᠭᠰᠡᠨ ᠨᠠᠶᠢᠷᠠᠭᠤᠯᠤᠨ ᠡᠮᠬᠢᠯᠡᠭᠰᠡᠨ ᠢᠶᠡᠷ ᠲᠦᠷᠦᠭᠦᠬᠡᠨ᠂ ᠦᠪᠦᠷ ᠮᠣᠩᠭᠣᠯ ᠤᠨ ᠬᠠᠮᠤᠭ ᠤᠨ ᠠᠩᠬᠠᠨ ᠤ ᠢᠵᠢ ᠰᠫᠤᠷᠲ ᠤᠨ ᠰᠤᠶᠤᠯ ᠤᠨ ᠴᠤᠪᠤᠷᠠᠯ ᠨᠤᠮ ᠬᠡᠪᠯᠡᠭᠳᠡᠵᠤ ᠲᠡᠷᠬᠠᠭᠠᠭᠳᠠᠪᠠ᠃ ᠲᠤᠰ ᠢᠵᠢ ᠴᠤᠪᠤᠷᠠᠯ ᠨᠤᠮ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶᠠᠨ ᠳᠠᠷᠤᠭ᠎ᠠ ᠲᠠᠨ ᠵᠢᠩ ᠹᠸᠩ ᠭᠤᠤᠯᠯᠠᠨ ᠨᠠᠶᠢᠷᠠᠭᠤᠯᠵᠠᠢ᠂ ᠡᠨᠡᠬᠦ ᠴᠤᠪᠤᠷᠠᠯ ᠨᠤᠮ ᠨᠢ《ᠦᠪᠦᠷ ᠮᠣᠩᠭᠣᠯ ᠤᠨ ᠰᠫᠤᠷᠲ ᠶᠢᠨ ᠨᠡᠷᠡᠲᠤ ᠬᠦᠮᠦᠰ》《 ᠦᠪᠦᠷ ᠮᠣᠩᠭᠣᠯ ᠤᠨ ᠰᠫᠤᠷᠲ ᠤᠨ ᠰᠤᠳᠤᠯᠭ᠎ᠠ》《 ᠦᠪᠦᠷ ᠮᠣᠩᠭᠣᠯ ᠤᠨ ᠰᠫᠤᠷᠲ ᠤᠨ ᠰᠤᠶᠤᠯ ᠤᠨ ᠰᠤᠷᠭᠠᠯ ᠦᠭᠡ》 ᠪᠤᠯᠤᠨ《ᠰᠫᠤᠷᠲ ᠤᠨ ᠲᠦᠪ ᠤᠨ ᠴᠤᠭᠯᠠᠷᠠᠯ -- ᠦᠪᠦᠷ ᠮᠣᠩᠭᠣᠯ ᠤᠨ ᠪᠡᠶ᠎ᠠ ᠶᠢᠨ ᠲᠠᠮᠢᠷ ᠤᠨ ᠲᠡᠬᠡᠲᠤ ᠰᠤᠷᠭᠠᠭᠤᠯᠢ ᠶᠢᠨ ᠰᠤᠳᠤᠯᠭᠠᠨ ᠤ ᠪᠦᠲᠦᠭᠡᠯ ᠤᠨ ᠰᠤᠩᠭ᠋ᠤᠮᠠᠯ》 ᠬᠡᠬᠦ 4 ᠪᠤᠳᠢ ᠪᠡᠷ ᠪᠦᠷᠢᠯᠳᠤᠵᠤ᠂ ᠳᠡᠯᠡᠬᠡᠢ ᠶᠢᠨ ᠮᠡᠳᠡᠯᠭᠡ ᠶᠢᠨ ᠬᠡᠪᠯᠡᠯ ᠤᠨ ᠬᠤᠷᠢᠶ᠎ᠠ ᠡᠴᠡ ᠬᠡᠪᠯᠡᠨ ᠲᠠᠷᠬᠠᠭᠠᠪᠠ᠃

    ᠤᠶᠢᠯᠠᠭᠠᠭᠰᠠᠨ ᠢᠶᠡᠷ《ᠦᠪᠦᠷ ᠮᠣᠩᠭᠣᠯ ᠤᠨ ᠰᠫᠤᠷᠲ ᠤᠨ ᠨᠡᠷᠡᠲᠤ ᠬᠦᠮᠦᠰ》 ᠪᠤᠳᠢ ᠳᠤ  ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠤ ᠦᠶ᠎ᠠ ᠤᠯᠠᠷᠢᠨ ᠰᠠᠭᠤᠷᠢᠰᠢᠬᠰᠠᠨ᠂ ᠨᠡᠭᠦᠵᠤ ᠰᠠᠭᠤᠭᠰᠠᠨ ᠪᠤᠶᠤ ᠲᠦᠷᠦᠵᠤ ᠦᠰᠦᠭᠰᠡᠨ ᠰᠫᠤᠷᠲ ᠤᠨ ᠬᠠᠮᠢᠶᠠᠲᠠᠢ ᠠᠵᠢᠯ ᠤᠨ ᠠᠯᠪᠠ ᠬᠠᠭᠠᠵᠤ ᠪᠠᠶᠢᠭᠰᠠᠨ ᠪᠠ ᠦᠪᠦᠷ ᠮᠣᠩᠭᠣᠯ ᠤᠨ ᠰᠫᠤᠷᠲ ᠤᠨ ᠬᠦᠭ᠍ᠵᠢᠯᠲᠠ ᠶᠢᠨ ᠲᠡᠤᠬᠡᠨ ᠳᠤ ᠨᠦᠯᠦᠭᠡ ᠴᠤᠤᠲᠠᠢ ᠬᠦᠮᠦᠰ ᠢ ᠲᠡᠮᠳᠡᠭᠯᠡᠵᠠᠢ᠃ 《ᠦᠪᠦᠷ ᠮᠣᠩᠭᠣᠯ ᠤᠨ ᠰᠫᠤᠷᠲ ᠤᠨ ᠰᠤᠳᠤᠯᠭ᠎ᠠ》 ᠨᠢ ᠦᠪᠦᠷ ᠮᠣᠩᠭᠣᠯ ᠤᠨ ᠰᠫᠤᠷᠲ ᠤᠨ ᠬᠦᠷᠢᠶ᠎ᠠ ᠴᠡᠷᠠᠭᠠᠨ ᠳᠡᠬᠢ ᠰᠤᠳᠤᠯᠭᠠᠨ ᠤ ᠦᠬᠦᠯᠡᠯ ᠤᠨ ᠡᠮᠬᠢᠳᠭᠡᠯ ᠮᠦᠨ᠃ 《ᠦᠪᠦᠷ ᠮᠣᠩᠭᠣᠯ ᠤᠨ ᠰᠫᠤᠷᠲ ᠤᠨ ᠰᠤᠶᠤᠯ ᠤᠨ ᠰᠤᠷᠭᠠᠯ ᠦᠭᠡ》 ᠳ᠋ᠤ ᠦᠪᠦᠷ ᠮᠣᠩᠭᠣᠯ ᠤᠨ ᠲᠠᠮᠢᠷ ᠤᠨ ᠲᠦᠷᠦᠯ ᠤᠨ ᠰᠤᠷᠭᠠᠯ ᠦᠭᠡ ᠶᠢᠨ ᠵᠢᠷᠤᠭ  ᠢ ᠰᠤᠡᠭᠭᠤᠨ ᠤᠷᠤᠭᠤᠯᠵᠠᠢ᠂ 《ᠰᠫᠤᠷᠲ ᠤᠨ ᠲᠦᠪ ᠤᠨ ᠴᠤᠭᠯᠠᠷᠠᠯ -- ᠦᠪᠦᠷ ᠮᠣᠩᠭᠣᠯ ᠤᠨ ᠪᠡᠶ᠎ᠠ ᠶᠢᠨ ᠲᠠᠮᠢᠷ ᠤᠨ ᠲᠡᠬᠡᠲᠤ ᠰᠤᠷᠭᠠᠭᠤᠯᠢ ᠶᠢᠨ ᠰᠤᠳᠤᠯᠭᠠᠨ ᠤ ᠪᠦᠲᠦᠭᠡᠯ ᠤᠨ ᠰᠤᠩᠭ᠋ᠤᠮᠠᠯ》 ᠳ᠋ᠤ ᠦᠪᠦᠷ ᠮᠣᠩᠭᠣᠯ ᠤᠨ ᠪᠡᠶ᠎ᠡ ᠶᠢᠨ ᠲᠠᠮᠢᠷ ᠤᠨ ᠲᠡᠬᠡᠲᠤ ᠰᠤᠷᠭᠠᠭᠤᠯᠢ ᠶᠢᠨ ᠰᠫᠤᠷᠲ ᠤᠨ ᠵᠢᠭᠠᠨ ᠰᠤᠷᠭᠠᠯᠲᠠ ᠰᠤᠳᠤᠯᠭᠠᠨ ᠤ ᠳᠤᠮᠳᠠ ᠪᠦᠷᠢᠯᠳᠦᠭᠰᠡᠨ ᠰᠤᠳᠤᠯᠭᠠᠨ ᠤ ᠦᠷ᠎ᠠ ᠪᠦᠲᠦᠭᠡᠯ ᠤᠳ ᠢ ᠴᠤᠬᠯᠠᠭᠤᠯᠤᠬᠰᠠᠨ ᠪᠠᠶᠢᠨ᠎ᠠ᠃ ᠰᠫᠤᠷᠲ ᠤᠨ ᠰᠤᠶᠤᠯ ᠤᠨ ᠴᠤᠪᠤᠷᠠᠯ ᠨᠤᠮ ᠤᠨ ᠬᠡᠪᠯᠡᠭᠳᠡᠭᠰᠡᠨ ᠨᠢ ᠦᠪᠦᠷ ᠮᠣᠩᠭᠣᠯ ᠤᠨ ᠰᠫᠤᠷᠲ ᠤᠨ ᠬᠦᠮᠦᠰ ᠢᠶᠡᠷ ᠪᠦᠷᠢᠯᠳᠦᠭᠰᠡᠨ ᠪᠠᠭ ᠤᠨ ᠪᠡᠶ᠎ᠠ ᠳᠠᠭᠠᠭᠠᠨ ᠰᠫᠤᠷᠲ ᠤᠨ ᠰᠤᠶᠤᠯ ᠤᠨ ᠴᠤᠪᠤᠷᠠᠯ ᠨᠤᠮ ᠲᠤᠭᠤᠷᠪᠢᠬᠤ ᠲᠡᠤᠬᠡ ᠶᠢᠨ ᠬᠠᠭᠤᠳᠠᠰᠤ ᠶᠢ ᠢᠷᠡᠵᠡᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121506902