蒙古文网站Logo
ᠰᠢᠨᠬᠤᠸᠠ ᠮᠤᠩᠭ᠋ᠤᠯ ᠨᠧᠲ

《ᠴᠢᠩᠬᠢᠰ ᠬᠠᠭᠠᠨ ᠰᠢᠳᠦᠬᠡᠨ ᠤ  ᠬᠡᠬᠡᠨ ᠲᠤᠯᠢ》 ᠶᠢᠨ ᠮᠤᠩᠭᠤᠯ ᠬᠡᠪᠯᠡᠯ ᠳᠠᠷᠬᠠᠭᠠᠭᠳᠠᠪᠠ

2017-09-14 10:09

    ᠤᠢᠢᠷ᠋᠎ᠠ ᠶᠢᠨ ᠡᠳᠦᠷ᠂ ᠤᠷᠳᠤᠰ ᠲᠡᠦᠬᠡ ᠰᠤᠶᠤᠯ ᠤᠨ ᠲᠤᠰᠬᠠᠢ ᠮᠡᠷᠬᠡᠵᠢᠯᠳᠡᠨ ᠸᠠᠩᠴᠤᠭ ᠤᠨ ᠨᠠᠢᠢᠷᠠᠭᠤᠯᠤᠨ ᠪᠢᠴᠢᠵᠦ᠂ ᠴᠢᠩᠬᠢᠰ ᠬᠠᠭᠠᠨ ᠤ ᠰᠤᠳᠤᠯᠭᠠᠨ ᠤ ᠬᠦᠷᠢᠶᠡᠯᠡᠩ ᠡᠴᠡ ᠤᠷᠴᠢᠭᠤᠯᠤᠭᠰᠠᠨ《ᠴᠢᠩᠬᠢᠰ ᠬᠠᠭᠠᠨ ᠰᠢᠳᠦᠬᠡᠨ ᠤ ᠬᠡᠬᠡᠨ ᠲᠤᠯᠢ》ᠯᠢᠶᠤᠤᠨᠢᠩ ᠤᠨ ᠦᠨᠳᠦᠰᠦᠳᠡᠨ ᠤ ᠬᠡᠪᠯᠡᠯ ᠤᠨ ᠬᠤᠷᠢᠶ᠎ᠠ ᠡᠴᠡ ᠬᠡᠪᠯᠡᠭᠳᠡᠨ ᠲᠠᠷᠬᠠᠭᠠᠭᠳᠠᠪᠠ᠃

    《ᠴᠢᠩᠬᠢᠰ ᠬᠠᠭᠠᠨ ᠰᠢᠳᠦᠬᠡᠨ ᠤ ᠬᠡᠬᠡᠨ ᠲᠤᠯᠢ》ᠪᠤᠯ ᠴᠢᠩᠬᠢᠰ ᠤᠨ ᠤᠩᠭᠤᠨ ᠢ ᠰᠠᠬᠢᠨ ᠬᠠᠮᠠᠭᠠᠯᠠᠵᠦ ᠲᠠᠢᠢᠯᠬ᠋᠎ᠠ ᠲᠠᠬᠢᠯᠭ᠎ᠠ ᠬᠦᠢᠴᠡᠳᠭᠡᠳᠡᠭ ᠲᠠᠷᠬᠠᠳᠴᠤᠳ ᠤᠨ ᠤᠯᠠᠮᠵᠢᠯᠠᠵᠦ ᠪᠠᠢᠢᠬ᠋᠎ᠠ ᠰᠤᠶᠤᠯ ᠤᠨ ᠦᠪ ᠵᠢᠴᠢ ᠤᠢᠢᠷ᠎ᠠ ᠶᠢᠨ ᠵᠢᠯ ᠤᠨ ᠴᠢᠩᠬᠢᠰ ᠬᠠᠭᠠᠨ ᠤ ᠰᠤᠳᠤᠯᠭᠠᠨ ᠤ ᠬᠦᠷᠢᠶᠡᠯᠡᠩ ᠤᠨ ᠴᠢᠩᠬᠢᠰ ᠬᠠᠭᠠᠨ ᠰᠢᠳᠦᠬᠡᠨ ᠤ ᠰᠤᠶᠤᠯ ᠰᠤᠳᠤᠯᠭᠠᠨ ᠤ ᠦᠷ᠎ᠠ ᠪᠦᠳᠦᠬᠡᠯ ᠢ ᠬᠦᠢᠴᠡᠳ ᠠᠰᠢᠬᠯᠠᠵᠦ᠂ 1530 ᠭᠠᠷᠤᠢ ᠵᠦᠢᠯ ᠤᠨ ᠲᠠᠢᠢᠯᠪᠤᠷᠢᠯᠠᠯ ᠪᠠ 1500 ᠭᠠᠷᠤᠢ ᠬᠠᠮᠢᠶ᠎ᠠ ᠪᠦᠬᠦᠢ ᠵᠢᠷᠤᠭ ᠢ ᠰᠤᠩᠭᠤᠨ ᠤᠷᠤᠭᠤᠯᠬᠤ ᠶᠢᠨ ᠬᠠᠮᠳᠤ ᠴᠢᠩᠬᠢᠰ ᠬᠠᠭᠠᠨ ᠰᠢᠳᠦᠬᠡᠨ ᠤ ᠲᠤᠮᠤ ᠬᠡᠷᠡᠭ ᠶᠡᠪᠤᠳᠠᠯ ᠤᠨ ᠲᠡᠮᠳᠡᠭᠯᠡᠯ ᠵᠡᠷᠬᠡ ᠠᠭᠤᠯᠬ᠋᠎ᠠ ᠵᠢ ᠲᠠᠭᠠᠯᠳᠤᠭᠤᠯᠤᠭᠰᠠᠨ ᠵᠠᠭᠤᠨ ᠲᠦᠮᠡ ᠰᠢᠬᠠᠮ ᠦᠰᠦᠭ ᠤᠨ ᠪᠦᠳᠦᠬᠡᠯ ᠪᠤᠯᠤᠨ᠎ᠠ᠃ ᠲᠡᠭᠡᠳᠦ ᠲᠤᠤᠷᠠᠳᠤ ᠬᠤᠶᠠᠷ᠋ ᠪᠦᠯᠦᠭ᠂ ᠠᠷᠪᠠᠨ ᠲᠦᠷᠪᠡᠨ ᠬᠡᠰᠡᠭ ᠲᠠᠢ᠂ ᠡᠬᠦᠨ ᠳᠦ ᠴᠢᠩᠬᠢᠰ ᠬᠠᠭᠠᠨ ᠪᠤᠯᠤᠨ ᠲᠡᠦᠬᠡᠳᠤ ᠬᠦᠮᠦᠰ᠂ ᠴᠢᠩᠬᠢᠰ ᠬᠠᠭᠠᠨ ᠰᠢᠳᠦᠬᠡᠨ᠂ ᠴᠢᠩᠬᠢᠰ ᠬᠠᠭᠠᠨ ᠰᠢᠳᠦᠬᠡᠨ ᠤ ᠬᠠᠨ᠎ᠠ ᠶᠢᠨ ᠵᠢᠷᠤᠭ᠂ ᠴᠢᠩᠬᠢᠰ ᠬᠠᠭᠠᠨ ᠤ ᠨᠠᠶ᠋ᠮᠠᠨ ᠴᠠᠭᠠᠨ ᠤᠷᠳᠤ᠂ ᠴᠢᠩᠬᠢᠰ ᠬᠠᠭᠠᠨ ᠤ ᠰᠦᠯᠳᠡ᠂ ᠴᠢᠩᠬᠢᠰ ᠬᠠᠭᠠᠨ ᠤ ᠲᠠᠢᠢᠯᠬ᠋᠎ᠠ ᠲᠠᠬᠢᠯᠭ᠎ᠠ᠂ ᠴᠢᠩᠬᠢᠰ ᠬᠠᠭᠠᠨ ᠤ ᠲᠠᠢᠢᠯᠭ᠎ᠠ ᠲᠠᠬᠢᠯᠭ᠎ᠠ ᠶᠢᠨ ᠦᠴᠢᠭ ᠢᠷᠤᠬᠡᠯ᠂ ᠴᠢᠩᠬᠢᠰ ᠬᠠᠭᠠᠨ ᠤ ᠲᠠᠢᠢᠯᠭ᠎ᠠ ᠲᠠᠬᠢᠯᠭ᠎ᠠ ᠶᠢᠨ ᠵᠠᠩ ᠦᠢᠯᠡ᠂ ᠴᠢᠩᠬᠢᠰ ᠬᠠᠭᠠᠨ ᠤ ᠤᠩᠭᠤᠨ ᠢ ᠪᠠᠷᠠᠭᠤᠨᠰᠢ ᠨᠡᠬᠦᠯᠬᠡᠭᠰᠡᠨ ᠵᠢᠴᠢ ᠡᠬᠡᠬᠦᠯᠦᠨ ᠠᠪᠴᠢᠷᠠᠭᠰᠠᠨ᠂ ᠴᠢᠩᠬᠢᠰ ᠬᠠᠭᠠᠨ ᠢ ᠲᠤᠷᠠᠰᠬᠠᠬᠤ ᠠᠵᠢᠯᠯᠠᠬ᠋᠎ᠠ ᠵᠢᠴᠢ ᠰᠤᠷᠪᠤᠯᠵᠢ ᠪᠢᠴᠢᠭ᠌᠂ ᠴᠢᠩᠬᠢᠰ ᠬᠠᠭᠠᠨ ᠤ ᠤᠩᠭᠤᠨ ᠤ ᠵᠢᠭᠤᠯᠴᠢᠯᠠᠯ ᠤᠨ ᠪᠦᠰᠡ᠂ ᠲᠠᠷᠬᠠᠳᠴᠤᠳ᠂ ᠲᠠᠷᠬᠠᠳᠴᠤᠳ ᠤᠨ ᠵᠠᠩ ᠦᠢᠯᠡ᠂ ᠲᠠᠷᠬᠠᠳ ᠤᠨ ᠢᠷᠬᠡᠳ ᠤᠨ ᠰᠤᠶᠤᠯ ᠵᠢᠴᠢ ᠤᠷᠤᠰᠢᠯ᠂ ᠲᠠᠭᠠᠯᠳᠤᠭᠤᠯᠤᠯ(ᠴᠢᠩᠬᠢᠰ ᠬᠠᠭᠠᠨ ᠤ ᠤᠩᠭᠤᠨ ᠤ ᠲᠤᠬᠠᠢ ᠲᠤᠮᠤ ᠬᠡᠷᠡᠭ ᠶᠠᠪᠤᠳᠠᠯ)᠂ ᠬᠤᠢᠢᠨᠠᠬᠢ ᠦᠬᠡ ᠵᠡᠷᠬᠡ ᠠᠭᠤᠯᠬ᠋᠎ᠠ ᠵᠢ ᠪᠠᠭᠳᠠᠭᠠᠵᠦ ᠪᠤᠢ᠃

    ᠲᠤᠰ ᠲᠤᠯᠢ ᠪᠢᠴᠢᠭ᠌ ᠪᠤᠯ ᠵᠢᠷᠤᠭ ᠰᠡᠬᠦᠳᠡᠷ᠋ ᠪᠠ ᠦᠰᠦᠭ ᠪᠢᠴᠢᠭ᠌ ᠢ ᠬᠠᠪᠰᠤᠷᠭᠠᠭᠰᠠᠨ ᠬᠡᠯᠪᠡᠷᠢ ᠪᠡᠷ᠋ ᠴᠢᠩᠬᠢᠰ ᠬᠠᠭᠠᠨ ᠰᠢᠳᠦᠬᠡᠨ ᠤ ᠨᠢᠭᠤᠴᠠᠭᠠᠢ ᠲᠡᠦᠬᠡ ᠰᠤᠶᠤᠯ ᠢ ᠢᠯᠡᠷᠡᠬᠦᠯᠦᠭᠰᠡᠨ ᠮᠡᠳᠡᠯᠬᠡᠳᠦ ᠴᠢᠨᠠᠷᠳᠡᠢ᠂ ᠶᠡᠷᠤᠩᠬᠡᠢᠢᠯᠡᠭᠰᠡᠨ ᠴᠢᠨᠠᠷᠳᠡᠢ ᠲᠤᠮᠤ ᠬᠡᠯᠪᠡᠷᠢ ᠶᠢᠨ ᠨᠡᠪᠳᠡᠷᠬᠡᠢ ᠲᠤᠯᠢ ᠪᠤᠯᠬᠤ ᠶᠤᠮ᠃ ᠴᠢᠩᠬᠢᠰ ᠬᠠᠭᠠᠨ ᠰᠢᠳᠦᠬᠡᠨ ᠤ ᠰᠤᠶᠤᠯ ᠢ ᠤᠢᠢᠯᠠᠭᠠᠬᠤ᠂ ᠬᠠᠮᠠᠭᠠᠯᠠᠬᠤ᠂ ᠰᠤᠳᠤᠯᠬᠤ᠂ ᠤᠯᠠᠮᠵᠢᠯᠠᠬᠤ ᠪᠠ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠢ ᠰᠤᠳᠤᠯᠬᠤ ᠵᠢ ᠠᠬᠢᠭᠤᠯᠵᠦ᠂ ᠦᠨᠳᠦᠰᠦᠳᠡᠨ ᠤ ᠰᠢᠯᠢᠳᠡᠭ ᠰᠤᠶᠤᠯ ᠢ ᠪᠠᠳᠠᠷᠠᠭᠤᠯᠬᠤ ᠳᠦ ᠴᠢᠬᠤᠯᠠ ᠦᠢᠯᠡᠳᠤᠯ ᠦᠵᠡᠬᠦᠯᠬᠦ ᠪᠤᠯᠤᠨ᠋᠎ᠠ᠃

    《ᠴᠢᠩᠬᠢᠰ ᠬᠠᠭᠠᠨ ᠰᠢᠳᠦᠬᠡᠨ  ᠤ  ᠬᠡᠬᠡᠨ ᠲᠤᠯᠢ》 ᠶ᠋ᠢᠨ ᠬᠢᠳᠡᠳ ᠬᠡᠪᠯᠡᠯ ᠢ 2016 ᠤᠨ ᠳᠦ ᠦᠪᠤᠷ᠋ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠡᠴᠡ ᠬᠡᠪᠯᠡᠬᠦᠯᠦᠭᠰᠡᠨ ᠶᠤᠮ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121662106