蒙古文网站Logo
ᠰᠢᠨᠬᠤᠸᠠ ᠮᠤᠩᠭ᠋ᠤᠯ ᠨᠧᠲ

《ᠤᠯᠠᠨ ᠢᠶᠠᠷ ᠢᠶᠠᠨ ᠦᠬᠦᠯᠡᠬᠦᠢ•ᠦᠪᠦᠷ ᠮᠤᠩᠭᠤᠯ ᠳᠤᠰᠬᠠᠢ ᠬᠡᠪᠯᠡᠯ》 ᠤᠨ ᠠᠩᠬᠠᠨ ᠤ ᠳᠠᠷᠬᠠᠭᠠᠯᠳᠠ ᠶᠢᠨ ᠶᠤᠰᠤᠯᠠᠯ ᠪᠤᠭᠤᠳᠤ ᠳᠤ ᠶᠠᠪᠤᠬᠳᠠᠪᠠ

2017-09-29 15:54

    9 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠳᠦᠪ ᠬᠤᠷᠢᠶ᠎ᠠ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠦᠪᠦᠷ ᠮᠤᠩᠭᠤᠯ ᠳᠠᠬᠢ ᠤᠷᠤᠨ ᠤ ᠬᠤᠷᠢᠶ᠎ᠠ ᠠᠴᠠ ᠬᠠᠮᠳᠤᠷᠠᠨ ᠡᠷᠬᠢᠯᠡᠭᠰᠡᠨ《ᠤᠯᠠᠨ ᠢᠶᠠᠷ ᠢᠶᠠᠨ ᠦᠬᠦᠯᠡᠬᠦᠢ•ᠦᠪᠦᠷ ᠮᠤᠩᠭᠤᠯ ᠳᠤᠰᠬᠠᠢ ᠬᠡᠪᠯᠡᠯ》 ᠤᠨ ᠠᠩᠬᠠᠨ ᠤ ᠳᠠᠷᠬᠠᠭᠠᠯᠳᠠ ᠶᠢᠨ ᠶᠤᠰᠤᠯᠠᠯ ᠪᠤᠭᠤᠳᠤ ᠳᠤ ᠶᠠᠪᠤᠬᠳᠠᠪᠠ᠃

    《ᠤᠯᠠᠨ ᠢᠶᠠᠷ ᠢᠶᠠᠨ ᠦᠬᠦᠯᠡᠬᠦᠢ》 ᠪᠤᠯ ᠦᠬᠡᠷᠡᠴᠢᠯᠡᠯᠳᠡ ᠨᠡᠬᠡᠬᠡᠯᠳᠡ ᠠᠴᠠ ᠨᠠᠰᠢ ᠠᠷᠠᠳᠴᠢᠯᠠᠬᠰᠠᠨ ᠨᠠᠮ ᠪᠦᠯᠦᠭ ᠤᠨ ᠡᠬᠦᠰᠬᠡᠨ ᠪᠠᠶᠢᠭᠤᠯᠤᠬᠰᠠᠨ ᠠᠩᠬᠠᠳᠠᠬᠴᠢ ᠢᠯᠡ ᠪᠠᠷ ᠳᠠᠷᠬᠠᠭᠠᠵᠦ ᠪᠠᠶᠢᠭ᠎ᠠ ᠰᠡᠳᠬᠦᠯ ᠪᠤᠯᠤᠨ᠎ᠠ᠂ 《ᠤᠯᠠᠨ ᠢᠶᠠᠷ ᠢᠶᠠᠨ ᠦᠬᠦᠯᠡᠬᠦᠢ•ᠦᠪᠦᠷ ᠮᠤᠩᠭᠤᠯ ᠳᠤᠰᠬᠠᠢ ᠬᠡᠪᠯᠡᠯ》 ᠨᠢ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ᠂ ᠦᠪᠦᠷ ᠮᠤᠩᠭᠤᠯ ᠳᠠᠬᠢ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠵᠤᠬᠢᠶᠠᠨ ᠪᠠᠶᠢᠭᠤᠯᠤᠯᠳᠠ ᠲᠠᠢ ᠪᠤᠯᠤᠬᠰᠠᠨ 35 ᠵᠢᠯ ᠤᠨ ᠤᠢ ᠶᠢᠨ ᠳᠠᠰᠢᠷᠠᠮ ᠢᠶᠠᠷ ᠳᠠᠷᠬᠠᠭᠠᠯᠳᠠ ᠬᠢᠵᠦ᠂ ᠦᠪᠦᠷ ᠮᠤᠩᠭᠤᠯ ᠤᠨ ᠳᠡᠤᠬᠡ ᠰᠤᠶᠤᠯ ᠪᠤᠯᠤᠨ ᠬᠡᠷᠡᠯ ᠰᠠᠴᠤᠷᠠᠩᠭᠤᠢ ᠠᠮᠵᠢᠯᠳᠡ ᠪᠦᠳᠦᠮᠵᠢ ᠶᠢ ᠨᠤᠳᠠᠯᠠᠵᠦ᠂ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠠᠬᠠᠮᠠᠳ ᠨᠢᠬᠡ ᠦᠶ᠎ᠠ ᠶᠢᠨ ᠦᠪᠦᠷ ᠮᠤᠩᠭᠤᠯ ᠳᠠᠬᠢ ᠦᠯᠢᠬᠡᠷ ᠢ ᠦᠬᠦᠯᠡᠨ ᠳᠤᠭᠠᠴᠢᠵᠦ᠂ ᠦᠪᠦᠷ ᠮᠤᠩᠭᠤᠯ ᠳᠠᠬᠢ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠬᠢᠨ ᠤ ᠬᠠᠶᠢᠷ᠎ᠠ ᠰᠡᠳᠬᠢᠯᠬᠡ᠂ ᠬᠦᠰᠡᠯ ᠵᠤᠷᠢᠬ᠂ ᠬᠤᠪᠢ ᠨᠡᠮᠡᠷᠢ ᠶᠢ ᠳᠡᠯᠬᠡᠨ ᠦᠵᠡᠬᠦᠯᠵᠡᠢ᠃

    ᠠᠩᠬ᠎ᠠ ᠳᠠᠷᠬᠠᠭᠠᠬᠤ ᠶᠤᠰᠤᠯᠠᠯ ᠨᠢ ᠨᠤᠮ ᠪᠡᠯᠡᠭᠯᠡᠬᠦ ᠶᠤᠰᠤᠯᠠᠯ ᠶᠠᠪᠤᠭᠤᠯᠵᠦ᠂ ᠠᠩᠬ᠎ᠠ ᠳᠠᠷᠬᠠᠭᠠᠯᠳᠠ ᠶᠢᠨ ᠶᠤᠰᠤᠯᠠᠯ ᠤᠨ ᠳᠠᠷᠠᠭ᠎ᠠ᠂《ᠤᠯᠠᠨ ᠢᠶᠠᠷ ᠢᠶᠠᠨ ᠦᠬᠦᠯᠡᠬᠦᠢ》ᠰᠡᠳᠬᠦᠯ ᠤᠨ ᠬᠤᠷᠢᠶ᠎ᠠ ᠪᠠᠰᠠ《ᠤᠯᠠᠨ ᠢᠶᠠᠷ ᠢᠶᠠᠨ ᠦᠬᠦᠯᠡᠬᠦᠢ》 ᠶᠢᠨ ᠬᠡᠷᠡᠭ ᠡᠷᠬᠢᠯᠡᠭᠴᠢ ᠵᠢᠴᠢ ᠴᠢᠮᠡᠬᠡᠯᠡᠭᠴᠢ ᠶᠢᠨ ᠬᠤᠷᠠᠯ ᠬᠢᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121746151