蒙古文网站Logo
ᠰᠢᠨᠬᠤᠸᠠ ᠮᠤᠩᠭ᠋ᠤᠯ ᠨᠧᠲ

ᠲᠤᠷᠵᠢᠰᠠᠩᠪᠤ ᠶᠢᠨ 《ᠴᠠᠭᠠᠨᠮᠦ᠋ᠷᠡᠨ ᠤ ᠰᠤᠶᠤᠯ ᠲᠡᠦᠬᠡ》ᠭᠡᠬᠦ ᠨᠤᠮ ᠬᠡᠪᠯᠡᠭᠲᠡᠪᠡ

2018-01-11 10:33

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 1 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ   《ᠦᠭᠡ ᠲᠠᠭᠤ ᠴᠦᠬᠡᠨ ᠦᠬᠦᠯᠡᠵᠦ ᠶᠠᠷᠢᠬᠤ ᠨᠢ ᠨᠠᠮᠬᠠᠨ᠂ ᠬᠦᠲᠡᠯᠵᠦ ᠪᠠᠷᠢᠬᠤ ᠨᠢ ᠲᠦᠪᠯᠡᠬᠦᠨ᠂ ᠬᠢᠵᠦ ᠪᠡᠶᠡᠯᠡᠬᠦᠯᠬᠦ ᠨᠢ ᠯᠠᠪᠲᠠᠭᠤᠨ᠃ ᠲᠡᠦᠬᠡ ᠶᠢ ᠦᠨᠡᠨ ᠮᠦᠨ ᠶᠢᠡᠷ  ᠨᠢ ᠪᠢᠴᠢᠲᠡᠭ ᠬᠦᠮᠦᠨ》ᠬᠡᠮᠡᠨ ᠤᠯᠠᠨ ᠳ᠋ᠠᠭᠠᠨ ᠦᠨᠡᠯᠡᠭᠲᠡᠭᠰᠡᠨ ᠪᠠᠭᠠᠷᠢᠨ ᠨᠤᠲᠤᠭ ᠤᠨ ᠪᠢᠴᠢᠭᠲᠡᠨ᠂ ᠰᠤᠶᠤᠯ ᠲᠡᠦᠬᠡ ᠶᠢᠨ ᠵᠢᠳᠬᠦᠯᠲᠡᠨ᠂ ᠠᠬᠠᠮᠠᠳ ᠵᠤᠬᠢᠶᠠᠯᠴᠢ ᠲᠤᠷᠵᠢᠰᠠᠩᠪᠤ ᠶᠢᠨ ᠭᠠᠷᠲᠠᠵᠤ ᠨᠠᠶᠢᠷᠠᠭᠤᠯᠤᠭᠰᠠᠨ《ᠴᠠᠭᠠᠨᠮᠦ᠋ᠷᠡᠨ ᠤ ᠰᠤᠶᠤᠯ ᠲᠡᠦᠬᠡ》ᠨᠤᠮ ᠢ ᠰᠡᠬᠦᠯ ᠤᠨ ᠦᠶ᠎ᠠ ᠳ᠋ᠤ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭ᠍ᠨᠢᠭ᠌᠌ ᠮᠡᠷᠭᠡᠵᠢᠯ ᠤᠨ ᠬᠡᠪᠯᠡᠯ ᠤᠨ ᠬᠤᠷᠢᠶ᠎ᠠ᠎ ᠡᠴᠡ ᠬᠡᠪᠯᠡᠬᠦᠯᠦᠨ ᠲᠠᠷᠬᠠᠭᠠᠪᠠ᠃

    ᠴᠠᠭᠠᠨᠮᠦ᠋ᠷᠡᠨ ᠰᠤᠮᠤ ᠪᠤᠯ ᠪᠠᠭᠠᠷᠢᠨ ᠪᠠᠷᠠᠭᠤᠨ ᠬᠤᠰᠢᠭᠤᠨ ᠤ ᠪᠠᠷᠠᠭᠤᠨ ᠬᠤᠶᠢᠲᠤ ᠪᠦᠰᠡ ᠳ᠋ᠤ ᠪᠠᠶᠢᠷᠢᠯᠠᠭ᠎ᠠ ᠦᠨᠢ ᠤᠲᠠᠭᠠᠨ ᠲᠡᠦᠬᠡ ᠲᠠᠢ ᠦᠨᠢᠷ ᠪᠠᠶᠠᠯᠢᠭ ᠤᠷᠤᠨ ᠪᠤᠯᠬᠤ ᠶᠤᠮ᠃ ᠬᠤᠶᠢᠲᠤ ᠠᠯᠲᠠᠨ ᠤᠯᠤᠰ ( ᠴᠢᠩ ᠤᠯᠤᠰ) ᠤᠨ ᠦᠶ᠎ᠠ ᠳ᠋ᠤ ᠪᠠᠭᠠᠷᠢᠨ ᠠᠶᠢᠮᠠᠭ ᠤᠨ ᠠᠬᠠᠯᠠᠭᠴᠢ ᠰᠠᠲᠠᠷ᠂ ᠰᠠᠷᠠᠩ᠂ ᠮᠠᠨᠽᠦᠰᠢᠷᠢ ᠨᠠᠷ ᠪᠠᠭᠠᠷᠢᠨ ᠳ᠋ᠤ ᠠᠩᠬ᠎ᠠ ᠢᠷᠡᠭᠰᠡᠨ ᠤ ᠲᠠᠷᠠᠭ᠎ᠠ ᠤᠷᠢᠲᠡᠪᠡᠷ ᠲᠤᠰ ᠰᠤᠮᠤᠨ ᠤ ᠰᠠᠭᠤᠭ᠎ᠠ ᠭᠠᠵᠠᠷ ᠢ ᠰᠢᠨᠵᠢᠨ ᠰᠤᠩᠭ᠋ᠤᠵᠤ ᠰᠠᠭᠤᠭᠰᠠᠨ ᠪᠦᠭᠡᠳ ᠡᠭᠦᠨ ᠤ ᠲᠠᠷᠠᠭ᠎ᠠ ᠪᠡᠷ ᠪᠠᠭᠠᠷᠢᠨ ᠤ ᠠᠷᠪᠠᠨ ᠭᠤᠷᠪᠠᠨ ᠵᠢᠶᠦ᠋ᠨ ᠸᠠᠩ ᠡᠴᠡ ᠶᠢᠰᠦ ᠨᠢ ᠡᠨᠳᠡ ᠤᠷᠲᠤᠯᠠᠨ ᠰᠠᠭᠤᠵᠤ ᠵᠠᠰᠠᠭᠯᠠᠵᠤ ᠪᠠᠶᠢᠪᠠ᠃ ᠡᠶᠢᠮᠦ ᠡᠴᠡ ᠴᠠᠭᠠᠨᠮᠦ᠋ᠷᠡᠨ ᠨᠢ ᠲᠤᠬᠠᠢ ᠶᠢᠨ ᠦᠶ᠎ᠠ ᠳ᠋ᠤ ᠪᠦᠬᠦ ᠬᠤᠰᠢᠭᠤᠨ ᠤ ᠤᠯᠤᠰ ᠲᠦᠷᠦ᠂ ᠡᠳ᠋ ᠤᠨ ᠵᠠᠰᠠᠭ᠂ ᠰᠤᠶᠤᠯ ᠰᠤᠷᠭᠠᠨ ᠬᠦᠮᠦᠵᠢᠯ ᠪᠠ ᠴᠡᠷᠢᠭ ᠤᠨ ᠶᠠᠪᠤᠲᠠᠯ ᠤᠨ ᠰᠠᠭᠤᠷᠢᠨ ᠪᠠᠶᠢᠵᠠᠢ᠃ ᠲᠡᠷᠡᠴᠢᠯᠡᠨ ᠴᠢᠩ ᠤᠯᠤᠰ ᠤᠨ ᠡᠶᠡᠪᠡᠷ ᠵᠠᠰᠠᠭᠴᠢ ᠬᠠᠭᠠᠨ ᠤ ᠡᠭᠡᠴᠢ ᠰᠡᠴᠡᠨ ᠲᠡᠭᠡᠳᠦ ᠭᠦᠷᠦᠨ ᠭᠦᠩᠵᠦ ᠶᠢᠨ ᠤᠩᠭ᠋ᠤᠨ ᠮᠦᠨ ᠲᠤᠰ ᠰᠤᠮᠤᠨ ᠳ᠋ᠤ ᠪᠠᠶᠢᠲᠠᠭ᠃ ᠤᠰᠤ ᠨᠤᠲᠤᠭ ᠤᠨ ᠶᠢᠡᠨ ᠦᠪ ᠰᠤᠶᠤᠯ ᠲᠡᠦᠬᠡ ᠶᠢᠨ ᠮᠠᠲ᠋ᠧᠷᠢᠶᠠᠯ ᠢ ᠴᠤᠭᠯᠠᠭᠤᠯᠵᠤ ᠡᠮᠬᠢᠳᠭᠡᠬᠦ ᠪᠡᠷ ᠲᠤᠷᠵᠢᠰᠠᠩᠪᠤ ᠤᠲᠤ ᠶᠢᠨ ᠠᠬᠤᠢ ᠪᠠᠶᠢᠲᠠᠯ ᠶᠢᠡᠨ ᠭᠦᠢᠴᠡᠳ ᠠᠰᠢᠭᠯᠠᠵᠤ ᠦᠷ᠎ᠠ ᠬᠤᠶᠢᠴᠢᠰ ᠲᠠᠭᠠᠨ ᠦᠪ ᠪᠤᠯᠭᠠᠨ ᠦᠯᠡᠲᠡᠭᠡᠬᠦ ᠪᠡᠷ ᠡᠨᠡᠬᠦ ᠨᠤᠮ ᠢ ᠨᠠᠶᠢᠷᠠᠭᠤᠯᠵᠤ ᠪᠢᠴᠢᠬᠦ ᠠᠵᠢᠯ ᠶᠢᠡᠨ ᠡᠬᠢᠯᠡᠭᠦᠯᠦᠭᠰᠡᠨ ᠪᠠᠶᠢᠲᠠᠭ ᠃

    《ᠴᠠᠭᠠᠨᠮᠦ᠋ᠷᠡᠨ ᠤ ᠰᠤᠶᠤᠯ ᠲᠡᠦᠬᠡ》 ᠨᠢ ᠠᠭᠤᠯᠭ᠎ᠠ ᠶᠢᠨ ᠲᠠᠯ᠎ᠠ ᠪᠡᠷ《ᠤᠶᠢᠯᠠᠯᠭ᠎ᠠ》 ᠶᠢᠨ ᠬᠡᠯᠪᠡᠷᠢ ᠪᠡᠷ ᠤᠯᠤᠰ ᠲᠦᠷᠦ᠂ ᠠᠵᠤ ᠠᠬᠤᠢ᠂ ᠰᠤᠶᠤᠯ᠂ ᠰᠤᠷᠭᠠᠭᠤᠯᠢ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠲᠠᠯ᠎ᠠ ᠶᠢ ᠬᠠᠮᠤᠷᠬᠤ ᠪᠡᠷ ᠬᠢᠴᠢᠶᠠᠵᠤ᠂ ᠪᠦᠬᠦ ᠰᠤᠮᠤᠨ ᠤ ᠵᠠᠰᠠᠭ ᠵᠠᠬᠢᠷᠭᠠᠨ ᠤ ᠤᠯᠠᠷᠢᠯ ᠬᠤᠪᠢᠷᠠᠯ᠂ ᠦᠨᠳᠦᠰᠦᠨ ᠪᠠᠶᠢᠲᠠᠯ ᠡᠴᠡ ᠡᠬᠢᠯᠡᠭᠡᠳ ᠵᠠᠰᠠᠭ ᠸᠠᠩ ᠨᠠᠷ ᠤᠨ ᠲᠤᠪᠴᠢ ᠨᠠᠮᠲᠠᠷ᠂ ᠲᠡᠲᠡᠨᠦᠰ ᠤᠨ ᠰᠢᠲᠦᠭᠡᠨ ᠤᠪᠤᠭ᠎ᠠ᠂ ᠤᠩᠭ᠋ᠤᠨ ᠬᠠᠭᠤᠴᠢᠳ ᠬᠢᠭᠡᠳ ᠰᠤᠶᠤᠯ ᠰᠤᠷᠭᠠᠨ ᠬᠦᠮᠦᠵᠢᠯ᠂ ᠱᠠᠰᠢᠨ ᠰᠤᠷᠲᠠᠬᠤᠨ ᠤ ᠪᠠᠶᠢᠲᠠᠯ ᠪᠠ ᠲᠤᠰ ᠭᠠᠵᠠᠷ ᠡᠭᠦᠰᠴᠦ ᠦᠩᠭᠡᠷᠡᠭᠰᠡᠨ ᠴᠡᠷᠢᠭ ᠲᠠᠶᠢᠨ ᠤ ᠦᠢᠮᠡᠭᠡᠨ ᠲᠡᠪᠵᠢᠶᠡᠨ᠂ ᠲᠡᠭᠦᠨ ᠡᠴᠡ ᠰᠡᠬᠦᠯᠡᠷ ᠵᠠᠯᠭᠠᠯᠲᠤᠭ᠎ᠠ ᠪᠡᠷ ᠦᠷᠨᠢᠭᠰᠡᠨ ᠤᠯᠤᠰ ᠲᠦᠷᠦ ᠶᠢᠨ ᠬᠦᠲᠡᠯᠭᠡᠭᠡᠨ᠂ ᠪᠠᠶᠢᠭᠠᠯᠢ ᠤᠷᠴᠢᠨ ᠤ ᠬᠤᠪᠢᠷᠠᠯᠲᠠ᠂ ᠭᠠᠴᠠᠭ᠎ᠠ ᠲᠤᠰᠬᠤᠨ ᠤ ᠡᠭᠦᠰᠦᠯ ᠬᠦᠭ᠍ᠵᠢᠯ᠂ ᠦᠨᠳᠦᠰᠦᠲᠡᠨ ᠤ ᠵᠠᠩ ᠠᠭᠠᠯᠢ᠂ ᠨᠡᠷᠡᠲᠦ ᠬᠦᠮᠦᠰ ᠁ ᠤᠯᠠᠨ ᠵᠦᠢᠯ ᠤᠨ ᠠᠭᠤᠯᠭ᠎ᠠ ᠶᠢ ᠬᠤᠷᠢᠶᠠᠨ ᠪᠠᠭᠲᠠᠭᠠᠵᠤ《ᠦᠢᠯᠠᠯᠭ᠎ᠠ》ᠠᠳᠠᠯᠢ ᠦᠷᠭᠡᠨ ᠲᠡᠯᠭᠡᠷᠡᠩᠬᠦᠢ ᠪᠤᠯᠭᠠᠬᠤ ᠪᠡᠷ ᠰᠢᠮᠲᠠᠵᠤ ᠤᠷᠤᠯᠲᠤᠭᠰᠠᠨ ᠶᠤᠮ᠃ ᠪᠦᠬᠦ ᠨᠠᠶᠢᠷᠠᠭᠤᠯᠤᠭᠴᠢᠳ ᠤᠨ ᠬᠠᠮᠲᠤ ᠶᠢᠨ ᠴᠢᠷᠮᠠᠶᠢᠯᠭ᠎ᠠ ᠪᠡᠷ ᠲᠤᠰ ᠨᠤᠮ ᠨᠢ 26 ᠪᠦᠯᠦᠭ᠂ 140 ᠭᠠᠷᠤᠢ ᠵᠤᠬᠢᠶᠠᠯ ( ᠨᠡᠷᠡᠲᠦ ᠬᠦᠮᠦᠰ ᠤᠨ ᠲᠤᠪᠴᠢ ᠨᠠᠮᠲᠠᠷ ᠡᠴᠡ ᠭᠠᠲᠠᠨ᠎ᠠ )᠂ 63 ᠲᠦᠮᠡ ᠭᠠᠷᠤᠢ ᠦᠰᠦᠭ ᠲᠠᠢ ᠲᠤᠮᠤ ᠲᠤᠪᠬᠢᠮᠠᠯ ᠪᠤᠯᠵᠠᠢ᠃ ᠨᠠᠶᠢᠷᠠᠭᠤᠯᠭ᠎ᠠ ᠶᠢᠨ ᠲᠠᠯ᠎ᠠ ᠡᠴᠡ ᠲᠤᠰ ᠨᠤᠮ ᠨᠢ 《 ᠰᠤᠶᠤᠯ ᠲᠡᠦᠬᠡ》 ᠶᠢᠨ ᠡᠮᠬᠢᠳᠬᠡᠯ ᠪᠤᠯᠬᠤᠷ ᠵᠤᠬᠢᠶᠠᠯ ᠤᠨ ᠬᠡᠪ ᠮᠠᠶ᠊ᠢᠭ᠂ ᠰᠲ᠋ᠢᠯᠢ ᠶᠢᠨ ᠲᠠᠯ᠎ᠠ ᠪᠡᠷ ᠬᠠᠷᠢᠨ ᠮᠠᠰᠢ ᠴᠢᠯᠦᠭᠡᠲᠡᠢ ᠪᠤᠯᠤᠭᠰᠠᠨ ᠶᠤᠮ᠃ ᠲᠤᠬᠠᠶᠢᠯᠠᠪᠠᠯ《ᠤᠶᠢᠯᠠᠯᠭ᠎ᠠ》ᠰᠢᠭ ᠲᠤᠪᠴᠢ ᠠᠪᠰᠠᠷᠬᠠᠨ ᠰᠢᠭᠤᠳ ᠲᠤᠭᠠᠴᠢᠭᠰᠠᠨ᠂ ᠤᠬᠤᠷ ᠲᠡᠮᠲᠡᠭᠯᠡᠯ ᠮᠠᠶ᠊ᠢᠭ ᠤᠨ ᠵᠤᠬᠢᠶᠠᠯ ᠪᠠᠶᠢᠬᠤ ᠪᠦᠭᠡᠳ ᠤᠯᠠᠩᠬᠢ ᠨᠢ ᠦᠢᠯᠡ ᠬᠡᠷᠡᠭ ᠤᠨ ᠶᠠᠪᠤᠴᠠ ᠪᠠ ᠡᠬᠢᠯᠡᠯ ᠲᠡᠭᠦᠰᠭᠡᠯ ᠢ ᠨᠢ ᠨᠠᠷᠢᠯᠢᠭ᠋᠋᠋ ᠲᠤᠭᠠᠴᠢᠵᠤ ᠢᠯᠡᠳᠭᠡᠭ᠍ᠰᠡᠨ ᠪᠤᠯᠬᠤᠷ ᠬᠤᠵᠢᠮ ᠤᠨ ᠬᠦᠮᠦᠰ ᠴᠠᠭᠠᠨᠮᠦ᠋ᠷᠡᠨ ᠨᠤᠲᠤᠭ᠂ ᠴᠢᠨᠠᠨᠰᠢᠯᠠᠨ ᠪᠠᠭᠠᠷᠢᠨ ᠬᠤᠰᠢᠭᠤᠨ ᠤ ᠰᠤᠶᠤᠯ ᠲᠡᠦᠬᠡ ᠶᠢ ᠰᠠᠶᠢᠲᠦᠷ ᠤᠶᠢᠯᠠᠭᠠᠬᠤ ᠪᠤᠶᠤ ᠨᠠᠷᠢᠨ ᠰᠤᠲᠤᠯᠤᠯᠲᠠ ᠬᠢᠬᠦ ᠳ᠋ᠤ ᠵᠠᠷᠢᠮ ᠲᠠᠯ᠎ᠠ ᠪᠡᠷ 《ᠤᠶᠢᠯᠠᠯᠭ᠎ᠠ》 ᠡᠴᠡ ᠴᠤ ᠲᠤᠤᠷᠠᠲᠠᠬᠤ ᠦᠭᠡᠢ ᠠᠰᠢᠭᠯᠠᠮᠵᠢ ᠲᠠᠢ ᠮᠠᠲ᠋ᠸᠷᠢᠶᠠᠯ ᠤᠨ ᠨᠤᠮ ᠪᠤᠯᠤᠭᠰᠠᠨ ᠶᠤᠮ᠃

    《ᠴᠠᠭᠠᠨᠮᠦ᠋ᠷᠡᠨ ᠤ ᠰᠤᠶᠤᠯ ᠲᠡᠦᠬᠡ》 ᠶᠢᠨ ᠵᠤᠬᠢᠶᠠᠬᠴᠢ ᠠᠬᠠᠮᠠᠳ ᠵᠤᠬᠢᠶᠠᠯᠴᠢ ᠲᠤᠷᠵᠢᠰᠠᠩᠪᠤ 1946 ᠤᠨ ᠳ᠋ᠤ ᠴᠠᠭᠠᠨᠮᠦ᠋ᠷᠡᠨ ᠰᠤᠮᠤᠨ ᠳ᠋ᠤ ᠲᠦᠷᠦᠪᠡ᠃ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ᠂ ᠦᠪᠦᠷ ᠮᠤᠩᠭ᠋ᠤᠯ ᠤᠨ ᠵᠤᠬᠢᠶᠠᠯᠴᠢᠳ ᠤᠨ ᠡᠪᠯᠡᠯ ᠤᠨ ᠭᠡᠰᠢᠬᠦᠨ᠂ ᠴᠠᠭᠠᠨᠮᠦ᠋ᠷᠡᠨ ᠰᠤᠮᠤᠨ ᠤ ᠲᠠᠪᠤᠨᠬᠤᠧᠠ ᠲᠤᠭᠤᠶᠢᠯᠠᠩ ᠤᠨ ᠬᠦᠮᠦᠨ ᠶᠤᠮ᠃ ᠲᠡᠷᠡ ᠪᠡᠷ 《ᠠᠷᠪᠠᠨ ᠬᠤᠶᠠᠷ ᠵᠢᠯ ᠤᠨ ᠦᠯᠢᠭᠡᠷ》(ᠨᠠᠶᠢᠷᠠᠭᠤᠯᠤᠨ ᠵᠤᠬᠢᠶᠠᠪᠠ)᠂《ᠪᠠᠭᠠᠷᠢᠨ ᠪᠠᠷᠠᠭᠤᠨ ᠬᠤᠰᠢᠭᠤᠨ ᠤ ᠭᠠᠵᠠᠷ ᠰᠢᠷᠤᠢ ᠶᠢᠨ ᠦᠭᠡᠷᠡᠴᠢᠯᠡᠯᠲᠡ ᠶᠢᠨ ᠬᠦᠲᠡᠯᠭᠡᠭᠡᠨ》( ᠬᠢᠲᠠᠳ ᠬᠡᠪᠯᠡᠯ᠂ ᠭᠤᠤᠯᠯᠠᠨ ᠨᠠᠶᠢᠷᠠᠭᠤᠯᠪᠠ )᠂《ᠪᠠᠷᠠᠭᠤᠨ ᠪᠠᠭᠠᠷᠢᠨ ᠤ ᠰᠦᠮ᠎ᠡ ᠬᠡᠶᠢᠳ》(ᠨᠠᠶᠢᠷᠠᠭᠤᠯᠤᠨ ᠵᠤᠬᠢᠶᠠᠪᠠ)᠂《ᠪᠠᠷᠠᠭᠤᠨ ᠪᠠᠭᠠᠷᠢᠨ ᠤ ᠰᠤᠶᠤᠯ ᠲᠡᠦᠬᠡ ᠶᠢᠨ ᠱᠦᠬᠦᠮᠡᠭ》(ᠵᠤᠬᠢᠶᠠᠪᠠ)᠂《ᠪᠠᠭᠠᠷᠢᠨ ᠤ ᠪᠤᠭᠤᠷᠤᠯ ᠲᠡᠦᠬᠡ ᠶᠢᠨ ᠱᠦᠭᠦᠮᠡᠭ》( ᠨᠠᠶᠢᠷᠠᠭᠤᠯᠤᠨ ᠵᠤᠬᠢᠶᠠᠪᠠ)᠂《ᠤᠯᠠᠭᠠᠬᠠᠲᠠ ᠶᠢᠨ ᠨᠡᠷᠡᠲᠦ ᠬᠦᠮᠦᠰ᠎᠎ - ᠪᠠᠭᠠᠷᠢᠨ ᠪᠠᠷᠠᠭᠤᠨ ᠬᠤᠰᠢᠭᠤᠨ ᠤ ᠪᠤᠳᠢ》 ( ᠬᠢᠲᠠᠳ ᠬᠡᠪᠯᠡᠯ᠂ ᠲᠡᠳ᠋ ᠭᠤᠤᠯᠯᠠᠨ ᠨᠠᠶᠢᠷᠠᠭᠤᠯᠤᠭᠴᠢ )᠂《ᠪᠠᠭᠠᠷᠢᠨ ᠲᠡᠦᠬᠡ ᠶᠢᠨ ᠡᠷᠢᠬᠡᠨ ᠮᠦᠬᠦᠯᠢᠭ᠌》 ᠵᠡᠷᠭᠡ ᠨᠤᠮ ᠢ ᠬᠡᠪᠯᠡᠬᠦᠯᠦᠨ ᠲᠠᠷᠬᠠᠭᠠᠭᠰᠠᠨ ᠪᠦᠭᠡᠳ ᠤᠯᠤᠰ᠂ ᠤᠷᠤᠨ᠂ ᠬᠤᠲᠠ ᠶᠢᠨ ᠵᠡᠷᠭᠡᠯᠡᠯ ᠤᠨ ᠰᠤᠨᠢᠨ ᠰᠡᠳᠬᠦᠯ ᠳ᠋ᠤ ᠤᠯᠠᠨ ᠵᠤᠬᠢᠶᠠᠯ ᠨᠡᠶᠢᠲᠡᠯᠡᠬᠦᠯᠪᠡ᠃

    《ᠴᠠᠭᠠᠨᠮᠦ᠋ᠷᠡᠨ ᠤ ᠰᠤᠶᠤᠯ ᠲᠡᠦᠬᠡ》 ᠨᠢ ᠲᠤᠷᠵᠢᠰᠠᠩᠪᠤ ᠶᠢᠨ ᠠᠷᠪᠡᠳᠡᠬᠢ ᠰᠤᠶᠤᠯ ᠲᠡᠦᠬᠡ ᠶᠢᠨ ᠰᠡᠳᠦᠪᠯᠡᠬᠦᠨ ᠤ ᠰᠤᠷᠪᠤᠯᠵᠢᠯᠠᠨ ᠰᠢᠨᠵᠢᠯᠡᠵᠦ ᠲᠤᠭᠤᠷᠪᠢᠭᠰᠠᠨ ᠵᠤᠬᠢᠶᠠᠨ ᠪᠦᠲᠦᠭᠡᠯ ᠪᠤᠯᠬᠤ ᠶᠤᠮ᠃ ᠨᠤᠮ ᠤᠨ ᠤᠷᠤᠰᠢᠯ ᠤᠨ ᠬᠡᠰᠡᠭ ᠲᠤ ᠪᠠᠭᠠᠷᠢᠨ ᠪᠠᠷᠠᠭᠤᠨ ᠬᠤᠰᠢᠭᠤᠨ ᠤ ᠲᠡᠳ᠋ ᠬᠤᠰᠢᠭᠤᠨ ᠲᠠᠷᠤᠭ᠎ᠠ ᠰᠡᠴᠡᠨᠲᠦ 《ᠲᠡᠦᠬᠡ ᠶᠢᠨ ᠶᠠᠪᠤᠴᠠ ᠶᠢ ᠨᠠᠷᠢᠨ ᠱᠠᠭᠯᠠᠵᠤ᠂ ᠡᠯᠪᠡᠭ᠌ ᠪᠠᠶᠠᠯᠢᠭ ᠮᠠᠲ᠋ᠸᠷᠢᠶᠠᠯ ᠴᠤᠭᠯᠠᠭᠤᠯᠵᠤ ᠤᠷᠤᠨ ᠨᠤᠲᠤᠭ ᠤᠨ ᠤᠨᠴᠠᠯᠢᠭ ᠲᠤᠪᠤᠶᠢᠮ᠎ᠠ ᠢᠯᠡᠷᠡᠬᠦᠯᠦᠭᠰᠡᠨ ᠶᠢᠡᠷ ᠶᠢᠡᠨ<ᠴᠠᠭᠠᠨᠮᠦ᠋ᠷᠡᠨ ᠤ ᠰᠤᠶᠤᠯ ᠲᠡᠦᠬᠡ>ᠨᠢ ᠴᠠᠭᠠᠨᠮᠦ᠋ᠷᠡᠨ ᠨᠤᠲᠤᠭ ᠤᠨ ᠨᠡᠪᠲᠡᠷᠡᠬᠡᠢ ᠲᠤᠯᠢ ᠪᠤᠯᠵᠤ ᠴᠢᠲᠠᠪᠠ》ᠬᠡᠮᠡᠨ ᠦᠨᠳᠦᠷ ᠦᠨᠡᠯᠡᠭᠰᠡᠨ ᠪᠠᠶᠢᠲᠠᠭ᠃ ( ᠬᠦᠬᠡᠲᠠᠪᠠᠯᠭᠠᠨ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120791122243506