蒙古文网站Logo
ᠰᠢᠨᠬᠤᠸᠠ ᠮᠤᠩᠭ᠋ᠤᠯ ᠨᠧᠲ

ᠱᠠᠩᠬᠠᠢ ᠶᠢᠨ ᠳ᠋ᠢᠰᠨᠢ ᠶᠢᠨ ᠪᠢᠯᠧᠲ ᠢ 28 ᠪᠤᠶᠤ ᠦᠨᠦᠳᠦᠷ ᠡᠴᠡ ᠡᠬᠢᠯᠡᠵᠤ ᠬᠤᠳᠠᠯᠳᠤᠯ᠎ᠠ

2016-03-28 09:12

    ᠰᠢᠨᠬᠤᠧᠠ ᠬᠤᠷᠢᠶ᠎ᠠ  ᠱᠠᠩᠬᠠᠢ ᠶᠢᠨ 3 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠬᠡ᠂ ᠱᠠᠩᠬᠠᠢ ᠬᠤᠳᠠ ᠳᠤ ᠪᠠᠶᠢᠭᠤᠯᠵᠤ ᠪᠠᠶᠢᠭ᠎ᠠ ᠳ᠋ᠢᠰᠨᠢ ᠴᠡᠴᠡᠷᠯᠢᠭ ᠤᠨ ᠪᠢᠯᠧᠲ  ᠢ 28 ᠤ ᠡᠳᠦᠷ ᠪᠤᠶᠤ ᠦᠨᠦᠳᠦᠷ ᠤᠨ ᠳᠡᠭ ᠴᠠᠭ ᠡᠴᠡ ᠨᠢᠬᠡᠨᠳᠡ ᠡᠬᠢᠯᠡᠵᠤ ᠬᠤᠳᠠᠯᠳᠤᠭᠰᠠᠨ ᠪᠠᠶᠢᠨ᠎ᠠ᠃

    ᠪᠢᠯᠧᠲ  ᠢ ᠱᠠᠩᠬᠠᠢ ᠶᠢᠨ ᠳ᠋ᠢᠰᠨᠢ ᠠᠮᠠᠷᠠᠯᠳᠠ ᠶᠢᠨ ᠪᠦᠰᠡ ᠶᠢᠨ ᠠᠯᠪᠠᠨ ᠤ ᠨᠧᠲ᠂ ᠠᠯᠪᠠᠨ ᠸᠢᠴᠠᠲ ᠢᠶᠡᠷ ᠪᠤᠷᠤᠯᠠᠭᠤᠯᠵᠤ ᠪᠠᠶᠢᠭ᠎ᠠ ᠪᠠ ᠠᠮᠠᠷᠠᠯᠳᠠ ᠶᠢᠨ ᠪᠦᠰᠡ ᠶᠢᠨ ᠤᠷᠢᠳᠴᠢᠯᠠᠭᠰᠠᠨ ᠦᠢᠯᠡᠴᠢᠯᠡᠬᠡᠨ ᠤ ᠳᠦᠪ ᠲᠤ ᠪᠤᠷᠤᠯᠠᠭᠤᠯᠵᠤ ᠪᠠᠶᠢᠨ᠎ᠠ᠃ ᠡᠬᠦᠨ ᠤ ᠵᠡᠷᠬᠡᠴᠡᠬᠡ᠂ ᠠᠮᠠᠷᠠᠯᠳᠠ ᠶᠢᠨ ᠪᠦᠰᠡ ᠶᠢᠨ ᠵᠦᠪᠰᠢᠶᠡᠷᠡᠯ ᠶᠢ ᠤᠯᠤᠭᠰᠠᠨ ᠠᠶᠠᠯᠠᠯ ᠵᠢᠭᠤᠯᠴᠢᠯᠠᠯ ᠤᠨ ᠺᠤᠮᠫᠠᠨᠢ ᠪᠤᠯᠤᠨ ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠨᠧᠲ ᠨᠢ ᠳᠤᠮᠳᠠᠳᠤ ᠭᠠᠳᠠᠭᠠᠳᠤ ᠶᠢᠨ ᠵᠢᠭᠤᠯᠴᠢᠯᠠᠭᠴᠢᠳ ᠲᠤ ᠪᠢᠯᠧᠲ᠂ ᠬᠤᠨᠤᠭ ᠪᠠᠭᠤᠳᠠᠯ ᠵᠠᠬᠢᠶᠠᠯᠠᠬᠤ ᠦᠢᠯᠡᠴᠢᠯᠡᠬᠡ ᠬᠠᠩᠭ᠋ᠠᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701118457891