蒙古文网站Logo
ᠰᠢᠨᠬᠤᠸᠠ ᠮᠤᠩᠭ᠋ᠤᠯ ᠨᠧᠲ

ᠡᠮᠦᠨᠡᠳᠤ ᠠᠮᠧᠷᠢᠺᠠ ᠶᠢᠨ 《 ᠴᠡᠴᠡᠭᠳᠤ ᠬᠤᠳᠠ》ᠫᠧᠷᠦ᠋ ᠶᠢᠨ ᠨᠡᠶᠢᠰᠯᠡᠯ ᠯᠢᠮᠠ

2016-11-19 17:36

    ᠫᠧᠷᠦ᠋ ᠶᠢᠨ ᠨᠡᠶᠢᠰᠯᠡᠯ ᠯᠢᠮᠠ ᠨᠢ ᠯᠢᠮᠠᠺ ᠭᠤᠤᠯ ᠤᠨ ᠡᠮᠦᠨ᠎ᠡ ᠡᠷᠬᠢ ᠳᠤ ᠪᠠᠶᠢᠷᠢᠯᠠᠳᠠᠬ᠂ ᠯᠢᠮᠠ ᠶᠢᠨ ᠨᠡᠷ᠎ᠡ ᠨᠢ ᠯᠢᠮᠠᠺ ᠭᠤᠤᠯ ᠡᠴᠡ ᠢᠷᠡᠯᠳᠡ ᠲᠠᠢ᠃ ᠯᠢᠮᠠ ᠶᠢ 1535 ᠤᠨ ᠳᠤ ᠢᠰᠫᠠᠨᠢ ᠬᠦᠮᠦᠨ ᠪᠠᠶᠢᠭᠤᠯᠵᠤ᠂ ᠡᠮᠦᠨᠡᠳᠤ ᠠᠮᠧᠷᠢᠺᠠ ᠲᠢᠪ ᠢ ᠨᠤᠶᠠᠷᠬᠠᠵᠤ ᠪᠠᠶᠢᠭᠰᠠᠨ ᠦᠶ᠎ᠡ ᠶᠢᠨ ᠨᠡᠶᠢᠰᠯᠡᠯ ᠪᠠᠶᠢᠵᠠᠢ᠃ 1821 ᠤᠨ ᠳᠤ ᠫᠧᠷᠦ᠋ ᠲᠤᠰᠠᠭᠠᠷ ᠲᠤᠭᠳᠠᠨᠢᠬᠤ ᠦᠶ᠎ᠡ ᠳᠤ ᠯᠢᠮᠠ ᠶᠢ ᠤᠯᠤᠰ ᠤᠨ ᠨᠡᠶᠢᠰᠯᠡᠯ ᠪᠤᠯᠭᠠᠵᠠᠢ᠃ ᠯᠢᠮᠠ ᠶᠢᠨ ᠬᠤᠳᠠ ᠲᠤᠭᠤᠷᠢᠭ ᠢ ᠰᠢᠨ᠎ᠡ᠂ ᠬᠠᠭᠤᠴᠢᠨ ᠬᠤᠶᠠᠷ ᠬᠤᠳᠠ ᠲᠤᠭᠤᠷᠢᠭ ᠬᠤᠪᠢᠶᠠᠨ᠂ ᠬᠠᠭᠤᠴᠢᠨ ᠬᠤᠳᠠ ᠲᠤᠭᠤᠷᠢᠭ ᠲᠤ ᠤᠯᠠᠨ ᠲᠠᠯᠠᠪᠠᠢ ᠪᠤᠯᠤᠨ ᠦᠪᠡᠷᠮᠢᠴᠡ ᠬᠡᠪ ᠨᠠᠮᠪᠠ ᠲᠠᠢ ᠲᠤᠭᠠᠩ ᠲᠠᠢ᠂ ᠬᠤᠳᠠ ᠶᠢᠨ ᠲᠦᠪ ᠳᠤ ᠨᠢ ᠠᠯᠳᠠᠷᠳᠤ《 ᠵᠡᠪᠰᠡᠭᠳᠤ ᠲᠠᠯᠠᠪᠠᠢ》 ᠪᠠᠶᠢᠳᠠᠭ᠃ ᠯᠢᠮᠠ ᠳᠤ ᠵᠢᠯ ᠤᠨ ᠲᠦᠷᠪᠡᠨ ᠤᠯᠠᠷᠢᠯ ᠤᠨ ᠴᠠᠭ ᠠᠭᠠᠷ ᠲᠠᠭᠠᠯᠠᠮᠵᠢᠲᠠᠢ᠂ ᠡᠮᠦᠨᠡᠳᠤ ᠠᠮᠧᠷᠢᠺᠠ ᠶᠢᠨ 《 ᠴᠡᠴᠡᠭᠳᠤ ᠬᠤᠳᠠ》 ᠬᠡᠮᠡᠨ ᠠᠯᠳᠠᠷᠰᠢᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119946949