蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠠᠵᠢᠯᠯᠠᠭ᠎᠎ᠠ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ

2017-02-14 10:47

    2 ᠰᠠᠷ᠎ᠠ ᠶᠢᠨ 13 ᠤ ᠡᠳᠤᠷ᠂ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠠᠩᠬᠢ ᠲᠦᠪ ᠤᠨ ᠨᠠᠮ ᠤᠨ ᠰᠤᠷᠭᠠᠭᠤᠯᠢ ᠳᠤ ᠡᠬᠢᠯᠡᠯ᠎ᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠵᠢᠨ ᠫᠢᠩ ᠠᠩᠬᠢ ᠡᠬᠢᠯᠡᠬᠦ ᠠᠵᠢᠯᠯᠠᠭ᠎ᠠ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ)

ᠰᠢ ᠵᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠦᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ ᠵᠡᠷᠬᠡ ᠨᠠᠮ ᠪᠠ ᠲᠦᠷᠦ ᠶᠢᠨ ᠤᠳᠤᠷᠢᠤᠬᠤ ᠬᠦᠮᠦᠰ ᠠᠩᠬᠢ ᠡᠬᠢᠯᠡᠬᠦ ᠠᠵᠢᠯᠯᠠᠭ᠎ᠠ ᠳᠤ ᠤᠷᠤᠯᠴᠠᠪᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ ᡂᠢ) 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120462767