蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠡᠮᠦᠨᠡᠲᠤ ᠲᠠᠩᠭᠢᠰ ᠤᠨ ᠭᠦᠨᠴᠠ ᠰᠤᠳᠤᠯᠭ᠎ᠠ ᠰᠢᠪᠲᠤᠯᠤᠯᠲᠠ ᠶᠢᠨ ᠱᠠᠲᠤᠨ ᠳᠤ ᠤᠷᠤᠪᠠ

2017-02-14 17:07

ᠮᠡᠨ ᠤ ᠤᠯᠤᠰ ᠤᠨ ᠡᠮᠦᠨᠡᠲᠤ ᠲᠠᠩᠭᠢᠰ ᠤᠨ ᠬᠦᠨᠴᠠ ᠰᠤᠳᠤᠯᠭ᠎ᠠ ᠰᠢᠪᠲᠤᠯᠤᠯᠲᠠ ᠶᠢᠨ ᠱᠠᠲᠤᠨ ᠳᠤ ᠤᠷᠤᠪᠠ 2 ᠰᠠᠷ᠎ᠠ ᠶᠢᠨ 13 ᠤ ᠡᠳᠦᠷ《 ᠵᠢᠤᠸᠠᠢ ᠰᠢᠨ》 ᠨᠡᠷᠡᠮᠵᠢᠲᠤ ᠰᠢᠶᠠᠩᠭ᠋ᠠᠩ ᠤᠨ ᠸᠸᠢ ᠳ᠋ᠦᠸᠸ ᠯᠢ ᠶᠠ ᠭᠠᠷᠠᠮ ᠡᠴᠠ ᠠᠶᠠᠷᠯᠠᠨ ᠰᠠᠯᠪᠠ

    2 ᠰᠠᠷ᠎ᠠ ᠶᠢᠨ 13 ᠤ ᠡᠳᠦᠷ ᠤᠨ ᠦᠳᠠ ᠳᠤ᠂ ᠳᠤᠮᠳᠠᠳᠤ ᠭᠠᠳᠠᠭᠠᠲᠤ ᠶᠢᠨ 33ᠰᠢᠨᠵᠢᠯᠡᠬᠦ ᠤᠬᠠᠭᠠᠨᠲᠠᠨ ᠠᠮᠧᠷᠢᠺᠡ ᠶᠢᠨ 《 ᠵᠢᠤᠸᠠᠢ ᠰᠢᠨ》ᠨᠡᠷᠡᠮᠵᠢᠲᠤ ᠦᠷᠦᠮᠳᠡᠨ ᠬᠠᠶᠢᠬᠤ ᠬᠦᠯᠬᠡ ᠤᠩᠭ᠋ᠤᠴᠠᠨ ᠳᠤ ᠰᠠᠭᠤᠵᠤ ᠰᠢᠶᠠᠩᠭ᠋ᠠᠩ ᠤᠨ ᠸᠸᠢ ᠳ᠋ᠦᠸᠸ ᠯᠢ ᠶᠠ ᠭᠠᠷᠠᠮ ᠡᠴᠡ ᠰᠠᠯᠵᠤ᠂ ᠡᠮᠦᠨᠡᠲᠤ ᠲᠠᠩᠭᠢᠰ ᠤᠨ ᠵᠤᠷᠢᠯᠭᠠᠲᠤ ᠳᠠᠯᠠᠢ ᠶᠢᠨ ᠪᠦᠰᠡ ᠶᠢ ᠴᠢᠭᠯᠡᠪᠠ᠃ ᠲᠡᠳᠡ ᠨᠠᠷ ᠮᠡᠨ ᠤ ᠤᠯᠤᠰ ᠤᠨ ᠰᠢᠨᠵᠢᠯᠡᠬᠦ ᠤᠬᠠᠭᠠᠨᠲᠠᠨ ᠭᠤᠤᠯᠴᠢᠯᠠᠨ ᠤᠳᠤᠷᠢᠳᠤᠭᠰᠠᠨ ᠭᠤᠷᠪᠠᠳᠡᠬᠢ ᠡᠭᠡᠯᠵᠢ ᠶᠢᠨ ᠡᠮᠦᠨᠡᠲᠤ ᠲᠠᠩᠭᠢᠰ ᠤᠨ ᠦᠷᠦᠮᠳᠡᠨ ᠬᠠᠶᠢᠬᠤ ᠠᠵᠢᠯᠯᠠᠭ᠎ᠠ ᠶᠠᠪᠤᠭᠤᠯᠬᠤ ᠪᠡᠷ ᠪᠤᠢ᠃ ᠡᠨᠡ ᠨᠢ ᠮᠠᠨ ᠤ ᠤᠯᠤᠰ ᠤᠨ ᠳᠠᠯᠠᠢ ᠶᠢᠨ ᠰᠢᠨᠵᠢᠯᠡᠬᠦ ᠤᠬᠠᠭᠠᠨᠲᠠᠨ ᠤ ᠠᠩᠬᠠᠳᠠᠭᠴᠢ ᠲᠤᠮᠤ ᠬᠦᠷᠢᠶ᠎ᠠ ᠴᠠᠷᠠᠭᠠᠨ ᠳᠡᠬᠢ ᠰᠠᠭᠤᠷᠢ ᠰᠤᠳᠤᠯᠭᠠᠨ ᠤ ᠲᠦᠯᠦᠪᠯᠡᠭᠡ--《 ᠡᠮᠦᠨᠡᠲᠤ ᠲᠠᠩᠭᠢᠰ ᠤᠨ ᠭᠦᠨᠴᠠ ᠰᠤᠳᠤᠯᠭ᠎ᠠ》ᠰᠢᠪᠲᠤᠯᠤᠯᠲᠠ ᠶᠢᠨ ᠱᠠᠲᠤᠨ ᠳᠤ ᠤᠷᠤᠭᠰᠠᠨ ᠢ ᠬᠠᠷᠠᠭᠤᠯᠵᠦ ᠪᠤᠢ᠃ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠩ ᠵᠢᠶᠠᠨ ᠰᠤᠩ᠂ ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120465787