蒙古文网站Logo
ᠰᠢᠨᠬᠤᠸᠠ ᠮᠤᠩᠭ᠋ᠤᠯ ᠨᠧᠲ

ᠾᠧᠨᠠᠨ ᠤ ᠵᠧᠩ ᠬᠠᠨ ᠬᠠᠭᠤᠴᠢᠨ ᠬᠤᠲᠠ ᠡᠴᠡ ᠬᠤᠲᠠ ᠶᠢᠨ ᠬᠠᠭᠠᠯᠭ᠎ᠠ ᠪᠤᠯᠤᠨ ᠬᠠᠯᠬᠠᠭ᠎ᠠ ᠬᠤᠲᠠ ᠶᠢ ᠠᠩᠬ᠎ᠠ ᠢᠯᠡᠷᠡᠭᠦᠯᠪᠠ

2017-02-16 16:16

ᠠᠷᠬᠢᠯᠦᠭᠢ ᠰᠤᠳᠤᠯᠭ᠎ᠠ ᠶᠢᠨ ᠭᠠᠵᠠᠷ ᠳᠡᠭᠡᠷ᠎ᠠ ᠨᠢ ᠪᠠᠶᠢᠭ᠎ᠠ ᠨᠢ

    ᠠᠷᠬᠢᠯᠦᠭᠢᠴᠢᠳ ᠾᠧᠨᠠᠨ ᠮᠤᠵᠢ ᠶᠢᠨ ᠰᠢᠨ᠎ᠠ ᠵᠧᠩ ᠬᠤᠲᠠ ᠶᠢᠨ ᠵᠧᠩ ᠬᠠᠨ ᠬᠠᠭᠤᠴᠢᠨ ᠬᠤᠲᠠ ᠶᠢᠨ ᠵᠡᠭᠦᠨ ᠬᠤᠲᠠ ᠶᠢᠨ ᠠᠷᠤ ᠬᠠᠭᠠᠯᠭ᠎ᠠ ᠶᠢᠨ ᠪᠠᠭᠤᠷᠢ ᠳᠤ ᠰᠤᠳᠤᠯᠭ᠎ᠠ ᠬᠢᠵᠤ ᠬᠤᠲᠠ ᠶᠢᠨ ᠬᠠᠭᠠᠯᠭ᠎ᠠ ᠪᠤᠯᠤᠨ ᠬᠠᠯᠬᠠᠭ᠎ᠠ ᠬᠤᠲᠠ ᠶᠢ ᠠᠩᠬ᠎ᠠ ᠢᠯᠡᠷᠡᠭᠦᠯᠪᠠ᠂ ᠡᠨᠡ ᠨᠢ ᠳᠤᠮᠳᠠᠳᠤ  ᠤᠯᠤᠰ ᠤᠨ ᠡᠷᠳᠡ ᠦᠶ᠎ᠠ ᠶᠢᠨ ᠬᠤᠲᠠ ᠶᠢᠨ ᠬᠠᠮᠠᠭᠠᠯᠠᠯᠲᠠ ᠶᠢᠨ ᠰᠢᠰᠲ᠋ᠧᠮ ᠤᠨ ᠰᠤᠳᠤᠯᠭ᠎ᠠ ᠳᠤ ᠬᠦᠨᠲᠤ ᠴᠢᠬᠤᠯᠠ ᠠᠴᠢ ᠬᠤᠯᠪᠤᠭᠳᠠᠯ ᠲᠠᠢ᠃ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠰᠤᠳᠤᠯᠭ᠎ᠠ ᠨᠢ ᠵᠧᠩ ᠬᠠᠨ ᠬᠠᠭᠤᠴᠢᠨ ᠬᠤᠲᠠ ᠳᠤ ᠠᠷᠭᠢᠯᠦᠭᠢ ᠰᠤᠳᠤᠯᠭ᠎ᠠ ᠶᠠᠪᠤᠭᠳᠠᠭᠤᠯᠤᠭᠰᠠᠨ 50 ᠵᠢᠯ ᠤᠨ ᠲᠤᠷᠰᠢᠬᠢ ᠰᠢᠨᠵᠢᠯᠡᠬᠦ ᠤᠬᠠᠭᠠᠨᠳᠠᠳ ᠤᠨ ᠢᠯᠡᠷᠡᠭᠦᠯᠦᠭᠰᠡᠨ ᠠᠩᠬᠠᠳᠠᠭᠴᠢ ᠬᠤᠲᠠ ᠶᠢᠨ ᠬᠠᠭᠠᠯᠭ᠎ᠠ ᠪᠤᠯᠤᠨ᠎ᠠ᠃ ᠢᠯᠡᠷᠡᠭᠦᠯᠦᠯᠲᠠ ᠳᠤ᠂ ᠡᠨᠡᠬᠦ ᠬᠤᠲᠠ ᠶᠢᠨ ᠬᠠᠭᠠᠯᠭ᠎ᠠ ᠨᠢ ᠬᠠᠯᠬᠠᠭ᠎ᠠ ᠬᠤᠲᠠ ᠶᠢᠨ ᠪᠦᠲᠦᠴᠠ ᠲᠡᠢ᠂ ᠪᠠᠶᠢᠷᠢᠯᠠᠭᠤᠯᠤᠯᠲᠠ ᠨᠢ ᠲᠤᠳᠤᠷᠬᠠᠢ᠂ ᠪᠦᠷᠢᠨ ᠪᠦᠲᠦᠨ ᠢᠶᠡᠷ ᠦᠯᠡᠳᠡᠭᠳᠡᠪᠠ᠃ ᠡᠨᠡ ᠨᠢ ᠴᠦᠨ ᠴᠢᠤ ᠪᠠᠶᠢᠯᠳᠤᠭᠠᠨᠲᠤ ᠤᠯᠤᠰ ᠤᠨ ᠦᠶ᠎ᠠ ᠶᠢᠨ ᠨᠡᠶᠢᠰᠯᠡᠯ ᠬᠤᠲᠠ ᠶᠢᠨ ᠪᠠᠭᠤᠷᠢ ᠶᠢᠨ ᠬᠤᠪᠤᠷ ᠲᠤᠬᠢᠶᠠᠯᠳᠤᠯ ᠪᠠᠶᠢᠵᠤ᠂ ᠮᠠᠨ ᠤ ᠤᠯᠤᠰ ᠤᠨ ᠡᠷᠲᠡᠨ ᠤ ᠬᠤᠲᠠ ᠶᠢᠨ ᠪᠠᠷᠢᠯᠭ᠎ᠠ ᠶᠢᠨ ᠲᠡᠤᠬᠡᠨ ᠳᠡᠬᠢ ᠬᠤᠭᠤᠰᠤᠨ ᠢ ᠨᠦᠬᠦᠪᠡ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠠᠷᠬᠢᠯᠦᠭᠢ ᠰᠤᠳᠤᠯᠭ᠎ᠠ ᠶᠢᠨ ᠭᠠᠵᠠᠷ ᠳᠡᠭᠡᠷ᠎ᠠ ᠡᠴᠡ ᠢᠯᠡᠷᠡᠭᠦᠯᠦᠭᠰᠡᠨ ᠬᠦᠮᠦᠨ ᠤ ᠰᠡᠭᠦᠳᠡᠷ

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120478923