蒙古文网站Logo
ᠰᠢᠨᠬᠤᠸᠠ ᠮᠤᠩᠭ᠋ᠤᠯ ᠨᠧᠲ

ᠦᠨᠳᠦᠷᠯᠢᠭ᠌᠌ ᠤᠨ ᠲᠤᠭᠤᠷᠤᠤ

2017-02-17 16:48

2 ᠰᠠᠷ᠎ᠠ ᠶᠢᠨ 16 ᠤ ᠡᠳᠦᠷ᠂ ᠬᠠᠷ᠎ᠠ ᠬᠦᠵᠦᠭᠦᠲᠤ ᠲᠤᠭᠤᠷᠤᠤ ᠵᠤᠤ ᠲᠦᠩ ᠠᠭᠤᠯᠠᠨ ᠳ᠋ᠡᠬᠢ ᠬᠠᠷ᠎ᠠ ᠬᠦᠵᠦᠭᠦᠲᠤ ᠲᠤᠭᠤᠷᠤᠤ ᠶᠢᠨ ᠲᠦᠷᠦ ᠶᠢᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡᠨ ᠳᠤ ᠲᠡᠭᠦᠯᠢᠨ ᠨᠢᠰᠦᠨ᠎ᠠ

    ᠬᠠᠷ᠎ᠠ ᠬᠦᠵᠦᠭᠦᠲᠤ ᠲᠤᠭᠤᠷᠤᠤ ᠪᠤᠯ ᠤᠯᠠᠨ ᠤᠯᠤᠰ ᠲᠤ ᠮᠡᠳᠡᠷᠡᠭᠳᠡᠭᠰᠡᠨ ᠬᠤᠪᠤᠷ ᠴᠤᠬᠠᠭ ᠲᠦᠭᠰᠢᠭᠦᠷᠢᠲᠠᠢ ᠠᠮᠢᠲᠠᠨ᠂《 ᠰᠢᠪᠠᠭᠤᠳ ᠤᠨ ᠲᠦᠷᠦᠯ ᠤᠨ ᠮᠠᠯᠤᠷ ᠦᠳᠡᠭᠡ》 ᠬᠡᠮᠡᠭᠳᠡᠵᠤ᠂ ᠤᠯᠤᠰ ᠤᠨ ᠨᠢᠭᠡᠳᠦᠭᠡᠷ ᠵᠡᠷᠭᠡᠯᠡᠯ ᠤᠨ ᠬᠠᠮᠠᠭᠠᠯᠠᠯᠲᠠ ᠶᠢᠨ ᠠᠮᠢᠲᠠᠨ ᠪᠤᠯᠬᠤ ᠶᠤᠮ᠃ ᠶᠦᠨᠨᠠᠨ ᠮᠤᠵᠢ ᠶᠢᠨ ᠵᠤᠤ ᠲᠦᠩ ᠬᠤᠲᠠ ᠶᠢᠨ ᠠᠭᠤᠯᠠᠨ ᠳᠡᠬᠢ ᠬᠠᠷ᠎ᠠ ᠬᠦᠵᠦᠭᠦᠲᠤ ᠲᠤᠭᠤᠷᠤᠤ ᠶᠢᠨ ᠲᠦᠷᠦ ᠶᠢᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡ ᠪᠤᠯ ᠤᠯᠤᠰ ᠳᠠᠶᠠᠭᠠᠷ ᠤᠨ ᠬᠠᠷ᠎ᠠ ᠬᠦᠵᠦᠭᠦᠲᠤ ᠲᠤᠭᠤᠷᠤᠤ ᠶᠢᠨ ᠬᠠᠮᠤᠭ ᠤᠨ ᠲᠤᠮᠤ ᠡᠪᠤᠯᠵᠢᠬᠦ ᠪᠦᠰᠡᠨ ᠤ ᠨᠢᠭᠡ ᠮᠦᠨ᠃ ᠤᠶᠢᠷ᠎ᠠ ᠶᠢᠨ ᠵᠢᠯ ᠤᠳ ᠲᠤ᠂ ᠲᠤᠬᠠᠢ ᠶᠢᠨ ᠪᠦᠰᠡ ᠨᠤᠲᠤᠭ ᠤᠨ ᠠᠮᠢ ᠠᠬᠤᠢ ᠶᠢᠨ ᠤᠷᠴᠢᠨ ᠤ ᠰᠠᠶᠢᠵᠢᠷᠠᠯᠲᠠ ᠪᠤᠯᠤᠨ ᠬᠠᠮᠠᠭᠠᠯᠠᠯᠲᠠ ᠶᠢᠨ ᠬᠦᠴᠦᠨ ᠤ ᠴᠢᠩ᠋ᠭᠠᠷᠡᠯ ᠡᠴᠡ ᠪᠤᠯᠵᠤ᠂ ᠡᠨᠡᠬᠦ ᠠᠭᠤᠯᠠᠨ ᠲᠤᠪᠤᠴᠠᠭ ᠲᠤ ᠢᠷᠡᠵᠤ ᠡᠪᠦᠯᠵᠢᠬᠦ ᠬᠠᠷ᠎ᠠ ᠬᠦᠵᠦᠭᠦᠲᠤ ᠲᠤᠭᠤᠷᠤᠤ ᠤᠯᠠᠮ ᠠᠷᠪᠢᠳᠴᠠᠢ᠃ ᠠᠭᠤᠯᠠᠨ ᠲᠤᠪᠤᠴᠠᠭ ᠤᠨ ᠬᠠᠷ᠎ᠠ ᠬᠦᠵᠦᠭᠦᠲᠤ ᠲᠤᠭᠤᠷᠤᠤ ᠶᠢᠨ ᠲᠦᠷᠦ ᠶᠢᠨ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠪᠦᠰᠡᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠲᠠᠨᠢᠯᠴᠠᠭᠤᠯᠤᠭᠰᠠᠨ ᠢᠶᠡᠷ᠂ 2017 ᠤᠨ ᠤ ᠡᠬᠢᠨ ᠳᠤ ᠨᠡᠶᠢᠲᠡ 1300 ᠭᠠᠷᠤᠢ ᠬᠠᠷ᠎ᠠ ᠬᠦᠵᠦᠭᠦᠲᠤ ᠲᠤᠭᠤᠷᠤᠤ ᠡᠨᠳᠡ ᠡᠪᠤᠯᠵᠢᠵᠠᠢ᠃ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠬᠤ ᠴᠤᠤ᠂ ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ᠎)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120485964