蒙古文网站Logo
ᠰᠢᠨᠬᠤᠸᠠ ᠮᠤᠩᠭ᠋ᠤᠯ ᠨᠧᠲ

ᠫᠢᠤᠩᠶᠠᠩ - ᠳ᠋ᠠᠨᠳ᠋ᠦ᠋ᠩ ᠴᠢᠭᠯᠡᠯ ᠤᠨ ᠤᠯᠠᠨ ᠤᠯᠤᠰ ᠤᠨ ᠨᠢᠰᠦᠯᠭᠡ ᠠᠯᠪᠠᠨ ᠶᠤᠰᠤ ᠪᠡᠷ ᠠᠰᠢᠭᠯᠠᠯᠳᠠ ᠳᠤ ᠤᠷᠤᠯ᠎ᠠ

2017-03-29 16:26

    ᠰᠤᠯᠤᠩᠭ᠋ᠤᠰ ᠤᠨ ᠫᠢᠤᠩᠶᠠᠩ ᠪᠤᠯᠤᠨ ᠲᠤᠮᠳᠠᠳᠤ ᠤᠯᠤᠰ ᠤᠨ ᠳ᠋ᠠᠨᠳ᠋ᠦ᠋ᠩ ᠤᠨ ᠬᠤᠭᠤᠷᠤᠨᠳᠤᠬᠢ ᠤᠯᠠᠨ ᠤᠯᠤᠰ ᠤᠨ ᠠᠭᠠᠷ ᠠᠶᠠᠯᠠᠯ ᠤᠨ ᠱᠤᠭᠤᠮ 28 ᠤ ᠡᠳᠤᠷ ᠠᠯᠪᠠᠨ ᠶᠤᠰᠤ ᠪᠡᠷ ᠠᠰᠢᠭᠯᠠᠯᠳᠠ ᠳᠤ ᠤᠷᠤᠯ᠎ᠠ᠂ ᠠᠶᠠᠯᠠᠯ ᠡᠬᠢᠯᠡᠬᠦ ᠠᠵᠢᠯᠯᠠᠭ᠎ᠠ ᠶᠢ ᠫᠢᠤᠩᠶᠠᠩ ᠤᠨ ᠰᠦᠨ ᠠᠨ (Sunan) ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠳᠤ ᠵᠤᠬᠢᠶᠠᠨ ᠪᠠᠶᠢᠭᠤᠯᠪᠠ᠃ ᠲᠤᠰ ᠠᠶᠠᠯᠠᠯ ᠤᠨ ᠱᠤᠭᠤᠮ ᠨᠢ ᠲᠤᠭᠳᠠᠭᠰᠠᠨ ᠬᠤᠭᠤᠴᠠᠭ᠎ᠠ ᠲᠠᠢ ᠪᠢᠰᠢ᠂ ᠤᠳᠤᠬᠠᠨ ᠳᠤ ᠭᠠᠷᠠᠭ ᠪᠦᠷᠢ ᠶᠢᠨ ᠬᠤᠶᠠᠳᠠᠬᠢ ᠡᠳᠤᠷ ᠪᠤᠯᠤᠨ ᠲᠠᠪᠤᠳᠠᠬᠢ ᠡᠳᠤᠷ ᠲᠤᠰᠪᠦᠷᠢ ᠨᠢᠬᠡ ᠤᠳᠠᠭᠠᠨ ᠤ ᠠᠶᠠᠯᠠᠯ ᠲᠠᠢ᠂ ᠲᠤᠬᠠᠢ ᠶᠢᠨ ᠤᠷᠤᠨ ᠤ ᠴᠠᠭ ᠢᠶᠡᠷ ᠦᠳᠡ ᠡᠴᠡ ᠡᠮᠦᠨᠡᠬᠢ 9᠄00 ᠴᠠᠭ ᠤᠨ ᠦᠶ᠎ᠡ ᠳᠤ ᠫᠢᠤᠩᠶᠠᠩ ᠡᠴᠡ ᠨᠢᠰᠴᠦ᠂ 40 ᠮᠢᠨᠦ᠋ᠲ ᠤᠨ ᠲᠠᠷᠠᠭ᠎ᠠ ᠳ᠋ᠠᠨᠳ᠋ᠦ᠋ᠩ ᠳᠤ ᠭᠠᠵᠠᠷᠳᠠᠨ᠎ᠠ᠃ ᠬᠡᠰᠡᠭ ᠠᠮᠠᠷᠠᠭᠰᠠᠨ ᠤ ᠲᠠᠷᠠᠭ᠎ᠠ 11᠄40 ᠴᠠᠭ ᠲᠤ ᠲᠠᠬᠢᠭᠠᠳ ᠫᠢᠤᠩᠶᠠᠩ ᠳᠤ ᠪᠤᠴᠠᠨ᠎ᠠ᠂ ᠵᠤᠷᠴᠢᠭᠴᠢᠳ ᠤᠨ ᠤᠯᠠᠨ ᠴᠦᠬᠡᠨ ᠢᠶᠡᠷ ᠨᠢᠰᠬᠦ ᠤᠩᠭ᠋ᠤᠴᠠᠨ ᠪ ᠪᠠᠨ ᠠᠶᠠᠯᠠᠯ ᠢ ᠲᠤᠭᠳᠠᠭᠠᠨ᠎ᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠴᠧᠩ ᠳ᠋ᠠ ᠢᠦᠢ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120718837