蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠠᠳ ᠠᠮᠵᠢᠯᠳᠠ ᠤᠯᠪᠠ

2017-05-19 10:56

    ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠲᠤᠮᠳᠠᠳᠤ ᠤᠯᠤᠰ ᠤᠨ ᠭ᠍ᠧᠤᠯᠤᠬᠢ ᠶᠢᠨ ᠰᠤᠳᠤᠯᠤᠯ ᠤᠨ ᠲᠤᠪᠴᠢᠶ᠎ᠠ ᠡᠴᠡ ᠵᠤᠬᠢᠶᠠᠨ ᠪᠠᠶᠢᠭᠤᠯᠤᠭᠰᠠᠨ ᠮᠠᠨ ᠤ ᠤᠯᠤᠰ ᠤᠨ ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠬᠡᠳᠪᠦᠷᠢ ᠶᠢ ᠲᠤᠷᠰᠢᠨ ᠤᠯᠪᠤᠷᠢᠯᠠᠬᠤ ᠠᠵᠢᠯ ᠡᠮᠦᠨᠡᠳᠤ ᠲᠠᠯᠠᠢ ᠶᠢᠨ ᠱᠧᠨ ᠬᠤ ᠲᠠᠯᠠᠢ ᠶᠢᠨ ᠪᠦᠰᠡ ᠳᠤ 8 ᠡᠳᠤᠷ ᠦᠷᠬᠦᠯᠵᠢᠯᠡᠨ ᠬᠡᠢ ᠦᠢᠯᠡᠳᠪᠦᠷᠢᠯᠡᠵᠦ ᠠᠮᠵᠢᠯᠳᠠ ᠤᠯᠤᠭᠰᠠᠨ ᠪᠠᠶᠢᠨ᠎ᠠ᠃ ᠡᠨᠡ ᠨᠢ ᠮᠠᠨ ᠤ ᠤᠯᠤᠰ ᠤᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢᠨ ᠨᠡᠬᠡᠬᠡᠯᠳᠡ ᠳᠤ ᠲᠡᠦᠬᠡᠳᠤ ᠴᠢᠨᠠᠷ ᠲᠠᠢ ᠰᠢᠪᠳᠤᠯᠤᠯᠳᠠ ᠶᠢ ᠪᠡᠶᠡᠯᠡᠭᠦᠯᠦᠭᠰᠡᠨ ᠪᠠᠶᠢᠨ᠎ᠠ᠃

    5 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠶᠠᠮᠤᠨ ᠡᠴᠡ ᠡᠮᠦᠨᠡᠳᠤ ᠲᠠᠯᠠᠢ ᠶᠢᠨ ᠱᠧᠠ ᠬᠤ ᠲᠠᠯᠠᠢ ᠶᠢᠨ ᠪᠦᠰᠡ ᠳ᠋ᠡᠬᠢ《ᠬᠦᠬᠡ ᠬᠠᠯᠢᠮᠤ ᠨᠢᠬᠡ ᠨᠤᠮᠧᠷᠳᠤ》 ᠬᠤᠳᠳᠤᠭ ᠦᠷᠦᠮᠳᠡᠬᠦ ᠲᠠᠪᠴᠠᠩ ᠳᠤ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠰᠠᠨ ᠲᠤᠬᠠᠢ ᠶᠢᠨ ᠭᠠᠵᠠᠷ ᠲᠡᠭᠢ ᠬᠤᠷᠠᠯ ᠬᠢᠪᠡ᠃ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠶᠠᠮᠤᠨ ᠤ ᠲᠠᠷᠤᠭ᠎ᠠ ᠵᠢᠶᠠᠩ ᠳ᠋ᠠ ᠮᠢᠩ ᠂ ᠮᠠᠨ ᠤ ᠤᠯᠤᠰ ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠠᠳ ᠠᠮᠵᠢᠯᠳᠠ ᠤᠯᠤᠬᠰᠠᠨ ᠭᠡᠵᠦ ᠵᠡᠷᠯᠠᠪᠠ! (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢᠶᠠᠩ ᠰᠢᠦᠢ)

 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120691121001108