蒙古文网站Logo
ᠰᠢᠨᠬᠤᠸᠠ ᠮᠤᠩᠭ᠋ᠤᠯ ᠨᠧᠲ

ᠠᠩᠴᠢᠳ ᠤᠨ ᠰᠢᠨ᠎ᠠ ᠠᠮᠢᠳᠤᠷᠠᠯ

2017-07-13 11:25

ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠰᠢᠨ᠎ᠠ ᠳᠦᠷᠢ ᠳᠦᠷᠬᠦ

    41 ᠨᠠᠰᠤᠲᠠᠢ ᠪᠦ᠋ ᠳ᠋ᠦᠩ ᠰᠢᠶᠠ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠡᠭᠡᠨ ᠭᠤᠤᠯ ᠬᠤᠲᠠ ᠶᠢᠨ ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠤᠤᠭᠠᠯ᠃ ᠬᠠᠷ᠎ᠠ ᠪᠠᠭ᠎ᠠ ᠡᠴᠡ ᠪᠡᠨ ᠠᠪᠤ ᠪᠡᠨ ᠳᠠᠭᠠᠨ ᠠᠩ ᠬᠦᠷᠦᠬᠡ ᠬᠢᠵᠤ᠂ ᠡᠵᠢ ᠳᠡᠬᠡᠨ ᠬᠠᠮᠵᠢᠨ ᠴᠠ ᠪᠤᠭᠤ ᠳᠡᠵᠢᠭᠡᠵᠤ ᠠᠮᠢᠳᠤᠷᠠᠳᠠᠭ ᠪᠠᠶᠢᠵᠠᠢ᠃

    2003 ᠤᠨ ᠳᠤ᠂ ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠠᠩᠴᠢᠳ ᠠᠭᠤᠯᠠᠨ ᠳ᠋ᠡᠭᠢ ᠪᠠᠯᠠᠷ ᠤᠢ ᠡᠴᠡ ᠭᠡᠭᠡᠨ ᠭᠤᠤᠯ ᠬᠤᠲᠠ ᠶᠢᠨ ᠪᠠᠷᠠᠭᠤᠨ ᠲᠡᠭᠦᠷᠭᠡ ᠳᠤ ᠨᠡᠭᠦᠵᠤ ᠰᠠᠭᠤᠷᠢᠰᠢᠪᠠ᠃ ᠪᠦ᠋ ᠳ᠋ᠦᠩ ᠰᠢᠶᠠ ᠠᠩᠴᠢᠳ ᠤᠨ ᠰᠢᠨ᠎ᠠ ᠪᠠᠭᠤᠴᠠᠨ ᠳᠤ ᠨᠡᠬᠦᠨ ᠤᠷᠤᠵᠤ ᠴᠠ ᠪᠤᠭᠤ ᠲᠡᠵᠢᠭᠡᠬᠦ ᠶᠢᠨ ᠬᠠᠮᠲᠤ ᠭᠡᠷ ᠪᠦᠯᠢ ᠶᠢᠨ ᠵᠢᠭᠤᠯᠴᠢᠯᠠᠯ ᠡᠷᠬᠢᠯᠡᠵᠡᠢ᠃ ᠰᠡᠭᠦᠯ ᠤᠨ ᠵᠢᠯ ᠤᠳ ᠲᠤ᠂ ᠲᠤᠬᠠᠢ ᠶᠢᠨ ᠤᠷᠤᠨ ᠤ ᠵᠠᠰᠠᠭ ᠤᠨ ᠤᠷᠳᠤᠨ ᠤ ᠳᠡᠮᠵᠢᠯᠭᠡ ᠪᠡᠷ ᠪᠦ᠋ ᠳ᠋ᠦᠩ ᠰᠢᠶᠠ ᠮᠡᠲᠤ ᠶᠢᠨ ᠤᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠠᠩᠴᠢᠳ ᠴᠠ ᠪᠤᠭᠤ ᠲᠡᠵᠢᠭᠡᠨ᠂ ᠭᠡᠷ ᠪᠦᠯᠢ ᠶᠢᠨ ᠵᠢᠭᠤᠯᠴᠢᠯᠠᠯ ᠤᠨ ᠦᠢᠯᠡᠰ ᠡᠷᠬᠢᠯᠡᠵᠤ ᠦᠨᠳᠦᠰᠦᠲᠡᠨ ᠤ ᠭᠠᠷ ᠤᠷᠠᠯᠠᠯ ᠵᠡᠷᠭᠡ ᠶᠢ ᠬᠦᠭ᠍ᠵᠢᠭᠦᠯᠦᠭᠰᠡᠨ ᠢᠶᠡᠷ ᠤᠷᠤᠯᠭ᠎ᠠ ᠨᠢ ᠲᠤᠭᠲᠠᠭᠤᠨ ᠨᠡᠮᠡᠭᠳᠡᠵᠤ ᠤᠳᠤᠬᠢᠴᠢᠯᠠᠭᠰᠠᠨ ᠠᠮᠢᠳᠤᠷᠠᠯ ᠳᠤ ᠠᠭᠠᠵᠢᠮ ᠢᠶᠡᠷ ᠳᠠᠰᠴᠤ ᠠᠭᠤᠰᠤᠯᠴᠠᠵᠠᠢ᠃

    ᠡᠸᠡᠩᠬᠢ ᠭᠡᠳᠡᠭ ᠨᠢ ᠤᠢ ᠶᠢᠨ ᠢᠷᠬᠡᠨ ᠭᠡᠬᠦ ᠤᠳᠬ᠎ᠠ ᠲᠠᠢ᠃ ᠤᠯᠭᠤᠶᠠ ᠡᠸᠡᠩᠬᠢ ᠦᠨᠳᠦᠰᠦᠲᠡᠨ ᠤ ᠰᠢᠶᠠᠩ ᠨᠢ《ᠳᠤᠮᠳᠠᠳᠤ ᠤᠯᠤᠰ ᠤᠨ ᠬᠠᠮᠤᠭ ᠤᠨ ᠰᠡᠭᠦᠯᠴᠢ ᠶᠢᠨ ᠠᠩ ᠠᠩᠨᠠᠯ ᠤᠨ ᠠᠶᠢᠮᠠᠭ》ᠭᠡᠰᠡᠨ ᠨᠡᠷᠡᠶᠢᠳᠦᠯ ᠲᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121313113