蒙古文网站Logo
ᠰᠢᠨᠬᠤᠸᠠ ᠮᠤᠩᠭ᠋ᠤᠯ ᠨᠧᠲ

ᠠᠭᠤᠯᠠ ᠶᠢᠨ ᠬᠦᠨ ᠳ᠋ᠡᠬᠢ ᠬᠤᠪᠢᠰᠬᠠᠯᠳᠤ ᠤᠯᠠᠮᠵᠢᠯᠠᠯ

2017-07-14 11:46

ᠢᠦᠢ ᠭᠤᠸᠠᠩ ᠶᠦᠨ᠂ ᠲᠡᠬᠦᠨ ᠤ ᠡᠵᠢ ᠪᠠ ᠦᠬᠢᠨ ᠲᠠᠢ ᠪᠠᠨ

    ᠢᠦᠢ ᠭᠤᠸᠠᠩ ᠶᠦᠨ ᠪᠤᠯ ᠪᠡᠭᠡᠵᠢᠩ ᠬᠤᠳᠠ ᠶᠢᠨ ᠮᠧᠨ ᠲᠧᠤ ᠭᠧᠤ ᠲᠤᠭᠤᠷᠢᠭ ᠤᠨ ᠴᠢᠩ ᠱᠦᠢ ᠪᠠᠯᠭᠠᠰᠤᠨ ᠤ ᠬᠤᠩ ᠱᠦᠢ ᠺᠧᠤ ᠲᠤᠰᠬᠤᠨ  ᠤ ᠨᠠᠮ ᠤᠨ ᠡᠬᠦᠷ ᠤᠨ ᠱᠦᠵᠢ᠂ ᠡᠵᠢ ᠨᠢ ᠵᠠᠩ ᠴᠧᠩ ᠹᠧᠩ 1944 ᠤᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠭᠰᠡᠨ ᠡᠴᠡ ᠨᠠᠰᠢ ᠲᠤᠰ ᠠᠭᠤᠯᠠ ᠶᠢᠨ ᠤᠷᠤᠨ ᠳᠤ ᠡᠮᠡᠭᠲᠡᠶᠢᠴᠤᠳ ᠤᠨ ᠬᠤᠯᠪᠤᠭᠠᠨ ᠤ ᠠᠵᠢᠯ ᠬᠢᠭ᠍ᠰᠡᠭᠡᠷ ᠢᠷᠡᠵᠡᠢ᠃ ᠢᠦᠢ ᠭᠤᠸᠠᠩ ᠶᠦᠨ ᠤ ᠦᠬᠢᠨ ᠢᠦᠢ ᠵᠢᠩ ᠶᠡᠬᠡ ᠰᠤᠷᠭᠠᠭᠤᠯᠢ ᠪᠠᠨ ᠲᠡᠬᠦᠰᠦᠭᠰᠡᠨ ᠤ ᠲᠠᠷᠠᠭ᠎ᠠ ᠨᠤᠳᠤᠭ ᠲᠤ ᠪᠠᠨ ᠪᠤᠴᠠᠵᠤ ᠰᠢᠶᠠᠩ ᠪᠠᠯᠭᠠᠰᠤᠨ ᠳᠤ ᠪᠠᠨ ᠰᠤᠶᠤᠯ ᠤᠨ ᠠᠵᠢᠯ ᠬᠢᠵᠤ᠂ 2010 ᠤᠨ ᠳᠤ ᠡᠪ ᠬᠠᠮᠳᠤ ᠨᠠᠮ ᠳᠤ ᠡᠯᠰᠡᠭᠳᠡᠪᠡ᠃ ᠭᠤᠷᠪᠠᠨ ᠦᠶ᠎ᠡ ᠪᠡᠷ ᠢᠶᠡᠨ ᠰᠢᠯᠢᠳᠡᠭ ᠨᠠᠮ ᠤᠨ ᠬᠡᠰᠢᠬᠦᠨ ᠪᠤᠯᠤᠭᠰᠠᠨ ᠲᠤᠰ ᠬᠡᠷ ᠪᠦᠯᠢ ᠶᠢᠨ ᠬᠢᠨᠢ ᠲᠤᠬᠠᠢ ᠶᠢᠨ ᠭᠠᠵᠠᠷ ᠤᠨ ᠢᠶᠡᠨ ᠢᠷᠭᠡᠳ ᠤᠨ ᠮᠠᠬᠳᠠᠭᠠᠯ ᠰᠠᠢᠢᠰᠢᠶᠠᠯ ᠢ ᠤᠯᠵᠦ ᠪᠠᠶᠢᠯ᠎ᠠ᠃ ᠬᠤᠩ ᠱᠦᠢ ᠺᠧᠤ ᠲᠤᠰᠬᠤᠨ ᠪᠡᠭᠡᠵᠢᠩ ᠤᠨ ᠯᠢᠩᠱᠠᠨ ᠠᠭᠤᠯᠠ ᠶᠢᠨ ᠬᠤᠷᠮᠤᠢ ᠳᠤ ᠪᠠᠶᠢᠷᠢᠯᠠᠳᠠᠭ᠂ ᠪᠡᠭᠡᠵᠢᠩ ᠤᠨ ᠬᠠᠮᠤᠭ ᠤᠨ ᠬᠤᠯᠠ ᠠᠭᠤᠯᠠᠨ ᠲᠤᠰᠬᠤᠨ ᠤ ᠨᠢᠬᠡ ᠪᠤᠯᠤᠨ᠎ᠠ᠃ ᠢᠦᠢ ᠭᠤᠸᠠᠩ ᠶᠦᠨ 1998 ᠤᠨ ᠳᠤ ᠲᠤᠰ ᠲᠤᠰᠬᠤᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠬᠠᠷᠢᠭᠤᠴᠠᠭᠰᠠᠨ ᠡᠴᠡ ᠨᠠᠰᠢ ᠢᠷᠭᠡᠳ ᠢ ᠲᠠᠭᠠᠭᠤᠯᠤᠨ ᠰᠢᠨ᠎ᠡ ᠬᠦᠳᠡᠬᠡ ᠲᠤᠰᠬᠤᠨ ᠤ ᠡᠳ᠋ ᠤᠨ ᠵᠠᠰᠠᠭ ᠤᠨ ᠵᠤᠬᠢᠶᠠᠨ ᠪᠠᠶᠢᠭᠤᠯᠤᠯᠳᠠ ᠶᠢ ᠰᠢᠨ᠎ᠡ ᠪᠡᠷ ᠡᠬᠦᠳᠴᠦ᠂ ᠬᠦᠳᠡᠬᠡ ᠲᠤᠰᠬᠤᠨ ᠤ ᠬᠤᠪᠢᠴᠠᠭᠠᠳᠤ ᠬᠤᠷᠰᠢᠶᠠᠵᠢᠯ ᠤᠨ ᠲᠦᠷᠢᠮ ᠤᠨ ᠰᠢᠨ᠎ᠡ ᠵᠠᠭᠪᠤᠷ ᠢ ᠬᠦᠭ᠍ᠵᠢᠬᠦᠯᠦᠨ᠂ ᠠᠭᠤᠯᠠᠨ ᠤᠷᠤᠨ ᠤ ᠪᠠᠶᠢᠭᠠᠯᠢ ᠤᠷᠴᠢᠨ ᠤ ᠡᠬᠢ ᠪᠠᠶᠠᠯᠢᠭ ᠢ ᠠᠰᠢᠭᠯᠠᠨ ᠠᠶᠠᠯᠠᠯ ᠵᠢᠭᠤᠯᠴᠢᠯᠠᠯ ᠤᠨ ᠦᠢᠯᠡᠰ ᠢ ᠬᠦᠭ᠍ᠵᠢᠬᠦᠯᠵᠡᠢ᠃ ᠤᠳᠤᠬᠠᠨ ᠳᠤ ᠲᠤᠰᠬᠤᠨ ᠤ ᠬᠦᠮᠦᠨ ᠪᠦᠷᠢ ᠶᠢᠨ ᠵᠢᠯ ᠤᠨ ᠤᠷᠤᠯᠭ᠎ᠠ ᠨᠢ 2 ᠲᠦᠮᠡ ᠰᠢᠬᠠᠮ ᠲᠦᠭᠦᠷᠢᠭ᠌᠌ ᠲᠤ ᠬᠦᠷᠴᠦ ᠪᠠᠶᠢᠨ᠎ᠠ᠂ ᠶᠠᠳᠠᠭᠤ ᠲᠤᠰᠬᠤᠨ ᠤᠳᠤ ᠨᠢᠬᠡᠨᠳᠡ ᠠᠶᠠᠯᠠᠯ ᠵᠢᠭᠤᠯᠴᠢᠯᠠᠯ ᠤᠨ ᠲᠤᠰᠬᠠᠢ ᠲᠤᠰᠬᠤᠨ ᠪᠤᠯᠤᠯ᠎ᠠ᠃ ᠤᠶᠢᠷ᠎ᠠ ᠳᠤ᠂ ᠬᠤᠩ ᠱᠦᠢ ᠺᠧᠤ ᠲᠤᠰᠬᠤᠨ 《 ᠪᠡᠭᠡᠵᠢᠩ ᠬᠤᠳᠠ ᠶᠢᠨ ᠵᠡᠷᠬᠡᠯᠡᠯ ᠤᠨ ᠡᠳ᠋ ᠤᠨ ᠵᠠᠰᠠᠭ ᠤᠨ ᠬᠦᠴᠦᠷᠬᠡᠭ᠌ ᠲᠤᠰᠬᠤᠨ》 《 ᠪᠡᠭᠡᠵᠢᠩ ᠬᠤᠳᠠ ᠶᠢᠨ ᠬᠠᠮᠤᠭ ᠤᠨ ᠦᠵᠡᠰᠬᠦᠯᠡᠩᠳᠤ ᠲᠤᠰᠬᠤᠨ》  ᠳᠤ ᠵᠢᠬᠰᠠᠭᠠᠭᠳᠠᠵᠤ᠂ ᠢᠦᠢ ᠭᠤᠸᠠᠩ ᠶᠦᠨ 2010 ᠤᠨ ᠳᠤ 《 ᠤᠯᠤᠰ ᠲᠠᠶᠠᠭᠠᠷ ᠤᠨ ᠬᠦᠳᠡᠯᠮᠦᠷᠢ ᠶᠢᠨ ᠵᠢᠱᠢᠶᠡᠴᠢ》 ᠪᠡᠷ ᠦᠨᠡᠯᠡᠭᠳᠡᠪᠠ᠃

ᠢᠦᠢ ᠭᠤᠸᠠᠩ ᠶᠦᠨ ᠲᠤᠰᠬᠤᠨ ᠤ ᠢᠷᠭᠡᠳ ᠲᠠᠢ ᠪᠠᠨ ᠪᠠᠶᠢᠭᠠᠯᠢ ᠤᠷᠴᠢᠨ ᠤ ᠪᠦᠲᠦᠭᠡᠨ ᠪᠠᠶᠢᠭᠤᠯᠤᠯᠳᠠ ᠶᠢᠨ ᠲᠠᠯ᠎ᠠ ᠪᠡᠷ ᠰᠠᠨᠠᠯ ᠰᠤᠯᠢᠯᠴᠠᠵᠤ ᠪᠤᠢ

ᠢᠦᠢ ᠭᠤᠸᠠᠩ ᠶᠦᠨ ᠲᠤᠰᠬᠤᠨ ᠤ ᠪᠠᠨ ᠠᠶᠠᠯᠠᠯ ᠵᠢᠭᠤᠯᠴᠢᠯᠠᠯ ᠤᠨ ᠶᠠᠪᠠᠭᠠᠨ ᠵᠠᠮ ᠢᠶᠡᠷ ᠶᠠᠪᠤᠵᠤ ᠪᠤᠢ

ᠢᠦᠢ ᠭᠤᠸᠠᠩ ᠶᠦᠨ᠂ ᠲᠡᠬᠦᠨ ᠤ ᠡᠵᠢ ᠪᠠ ᠦᠬᠢᠨ ᠲᠠᠢ ᠪᠠᠨᠰᠢᠨ᠎ᠡ ᠪᠡᠷ ᠪᠠᠶᠢᠭᠤᠯᠤᠭᠰᠠᠨ ᠢᠷᠭᠡᠳ ᠤᠨ ᠪᠠᠶᠢᠷᠢ ᠳᠤ ᠤᠴᠢᠬᠤ ᠪᠡᠷ ᠪᠤᠢ

ᠢᠦᠢ ᠭᠤᠸᠠᠩ ᠶᠦᠨ ᠲᠤᠰᠬᠤᠨ ᠤ ᠪᠠᠨ ᠺᠠᠳ᠋ᠷ ᠠᠵᠢᠯᠳᠠᠨ ᠪᠤᠯᠤᠨ ᠪᠠᠷᠢᠯᠭ᠎ᠠ ᠶᠢᠨ ᠪᠠᠶᠢᠭᠤᠯᠤᠯᠭ᠎ᠠ ᠶᠢᠨ ᠬᠦᠮᠦᠰ ᠲᠠᠢ ᠠᠶᠠᠯᠠᠯ ᠵᠢᠭᠤᠯᠴᠢᠯᠠᠯ ᠤᠨ ᠶᠠᠪᠠᠭᠠᠨ ᠵᠠᠮ ᠤᠨ ᠪᠠᠶᠢᠭᠤᠯᠤᠯᠳᠠ ᠶᠢᠨ ᠲᠠᠯ᠎ᠠ ᠪᠡᠷ ᠶᠠᠷᠢᠯᠴᠠᠵᠤ ᠪᠤᠢ

 

ᠢᠷᠡᠯᠳᠡ᠄ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠨ) ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121319697