蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠭᠤᠷᠪᠠᠨ ᠬᠤᠰᠢᠭᠤ ᠲᠠᠢ ᠲᠠᠨᠢᠯᠴᠠᠨ᠎ᠠ ᠤᠤ !

2017-08-07 23:45

    ᠬᠦᠯᠦᠨ ᠪᠤᠶᠢᠷ ᠬᠤᠲᠠ ᠶᠢᠨ ᠤᠷᠴᠤᠨ ᠤ ᠦᠪᠡᠷᠲᠡᠭᠡᠨ ᠵᠠᠰᠠᠬᠤ ᠬᠤᠰᠢᠭᠤ᠂ ᠡᠧᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠪᠠ ᠮᠤᠷᠢᠨᠲᠠᠪᠠᠭ᠎ᠠ ᠶᠢᠨ ᠲᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠨᠢ ᠦᠪᠦᠷ ᠮᠤᠩᠭᠤᠯ ᠤᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠭᠤᠷᠪᠠᠨ ᠬᠤᠰᠢᠭᠤ ᠪᠤᠯᠬᠤ ᠶᠤᠮ᠃

    ᠤᠷᠴᠤᠨ ᠤ ᠦᠪᠡᠷᠲᠡᠭᠡᠨ ᠵᠠᠰᠠᠬᠤ ᠬᠤᠰᠢᠭᠤ 1951 ᠤᠨ ᠳ᠋ᠤ ᠪᠠᠶᠢᠭᠤᠯᠤᠭᠲᠠᠭᠰᠠᠨ ᠮᠠᠨ ᠤ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠬᠠᠮᠤᠭ ᠤᠨ ᠠᠩᠬᠠᠨ ᠤ ᠦᠪᠡᠷᠲᠡᠭᠡᠨ ᠵᠠᠰᠠᠬᠤ ᠬᠤᠰᠢᠭᠤ ᠪᠤᠯᠤᠨ᠎ᠠ᠃ ᠨᠡᠶᠢᠲᠡ ᠬᠦᠮᠦᠨ ᠠᠮᠠ ᠨᠢ 28 ᠲᠦᠮᠡ᠂ ᠡᠭᠦᠨ ᠳ᠋ᠤ ᠤᠷᠴᠤᠨ ᠦᠨᠳᠦᠰᠦᠲᠡᠨ 2754 ᠬᠦᠮᠦᠨ ᠪᠤᠢ᠃ ᠡᠧᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ 1958 ᠤᠨ ᠳ᠋ᠤ ᠪᠠᠶᠢᠭᠤᠯᠤᠭᠲᠠᠵᠤ ᠨᠡᠶᠢᠲᠡ 14.4 ᠲᠦᠮᠡᠨ ᠬᠦᠮᠦᠨ ᠠᠮᠠ ᠲᠠᠢ᠂ ᠡᠭᠦᠨ ᠳ᠋ᠤ ᠡᠧᠡᠩᠬᠢ ᠦᠨᠳᠦᠰᠦᠲᠡᠨ 11193 ᠬᠦᠮᠦᠨ ᠪᠤᠢ᠃ ᠮᠤᠷᠢᠨᠲᠠᠪᠠᠭ᠎ᠠ ᠶᠢᠨ ᠲᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ 1958 ᠤᠨ ᠳ᠋ᠤ ᠪᠠᠶᠢᠭᠤᠯᠤᠭᠲᠠᠵᠤ ᠨᠡᠶᠢᠲᠡ 33 ᠲᠦᠮᠡᠨ ᠬᠦᠮᠦᠨ ᠠᠮᠠ ᠲᠠᠢ᠂ ᠡᠭᠦᠨ ᠳ᠋ᠤ ᠲᠠᠭᠤᠷ ᠦᠨᠳᠦᠰᠦᠲᠡᠨ 30497 ᠬᠦᠮᠦᠨ ᠪᠤᠢ᠃

    ᠰᠡᠬᠦᠯ ᠤᠨ ᠵᠢᠯ ᠤᠳ ᠲᠤ ᠡᠨᠡᠬᠦ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠭᠤᠷᠪᠠᠨ ᠬᠤᠰᠢᠭᠤ ᠨᠢ ᠲᠠᠪᠠᠭᠤᠯᠢᠭ ᠨᠦᠬᠦᠴᠡᠯ ᠳ᠋ᠡᠭᠡᠨ ᠰᠠᠭᠤᠷᠢᠯᠠᠨ᠂ ᠡᠳ᠋ ᠤᠨ ᠵᠠᠰᠠᠭ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠲᠡᠭᠵᠢᠬᠦᠯᠵᠤ᠂ ᠬᠦᠭ᠍ᠵᠢᠯᠲᠠ ᠶᠢᠨ ᠵᠠᠭᠪᠤᠷ ᠢᠶᠡᠨ ᠦᠬᠡᠷᠡᠴᠢᠯᠡᠨ᠂ ᠡᠯ᠎ᠡ ᠰᠠᠯᠪᠤᠷᠢ ᠶᠢᠨ ᠠᠵᠢᠯ ᠦᠢᠯᠡᠰ ᠨᠢ ᠲᠠᠰᠤᠷᠠᠯᠲᠠ ᠦᠭᠡᠢ ᠬᠦᠭ᠍ᠵᠢᠪᠡ᠃ 2016 ᠤᠨ ᠳ᠋ᠤ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠤᠷᠤᠨ ᠪᠦᠰᠡ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 69.6 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ ᠬᠦᠲᠡᠭᠡ ᠶᠢᠨ ᠤᠤᠭᠠᠯ ᠢᠷᠬᠡᠳ ᠤᠨ ᠠᠮᠢᠵᠢᠷᠠᠭ᠎ᠠ ᠳᠠᠰᠤᠷᠠᠯᠳᠠ ᠦᠬᠡᠢ ᠰᠠᠶᠢᠵᠢᠷᠠᠨ᠂ ᠢᠷᠬᠡᠳ ᠤᠨ ᠡᠵᠡᠮᠲᠡᠵᠦ ᠪᠤᠯᠬᠤ ᠤᠷᠤᠯᠭ᠎ᠠ 22075 ᠲᠦᠭᠦᠷᠢᠭ ᠪᠠ 8069 ᠲᠦᠭᠦᠷᠢᠭ ᠲᠤ ᠬᠦᠷᠪᠡ ᠃ ᠡᠧᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠤᠷᠤᠨ ᠪᠦᠰᠡ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 115.69 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ ᠬᠦᠲᠡᠭᠡ ᠶᠢᠨ ᠤᠤᠭᠠᠯ ᠢᠷᠬᠡᠳ ᠤᠨ ᠡᠵᠡᠮᠲᠡᠵᠦ ᠪᠤᠯᠬᠤ ᠤᠷᠤᠯᠭ᠎ᠠ 26964 ᠲᠦᠬᠦᠷᠢᠭ ᠪᠠ 18969 ᠲᠦᠭᠦᠷᠢᠭ ᠲᠤ ᠬᠦᠷᠪᠡ᠃ ᠮᠤᠷᠢᠨᠲᠠᠪᠠᠭ᠎ᠠ ᠶᠢᠨ ᠲᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠤᠷᠤᠨ ᠪᠦᠰᠡ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 110 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ ᠬᠦᠲᠡᠭᠡ ᠶᠢᠨ ᠤᠤᠭᠠᠯ ᠢᠷᠬᠡᠳ ᠤᠨ ᠡᠵᠡᠮᠲᠡᠵᠦ ᠪᠤᠯᠬᠤ ᠤᠷᠤᠯᠭ᠎ᠠ 20420 ᠲᠦᠭᠦᠷᠢᠭ ᠪᠠ 8718 ᠲᠦᠭᠦᠷᠢᠭ ᠲᠤ ᠬᠦᠷᠪᠡ᠃

    ᠭᠤᠷᠪᠠᠨ ᠬᠤᠰᠢᠭᠤ ᠨᠢ ᠠᠮᠢ ᠠᠬᠤᠢ ᠪᠠᠶᠢᠭᠠᠯᠢ ᠤᠷᠴᠢᠨ᠂ ᠦᠪᠡᠷᠮᠢᠴᠡ ᠤᠨᠴᠠᠯᠢᠭ ᠪᠦᠬᠦᠢ ᠦᠨᠳᠦᠰᠦᠲᠡᠨ ᠤ ᠰᠤᠶᠤᠯ ᠢᠶᠡᠨ ᠬᠠᠮᠠᠭᠠᠯᠠᠬᠤ ᠶᠢᠨ ᠵᠡᠷᠬᠡᠴᠡᠬᠡ ᠬᠦᠬᠡᠮᠲᠦᠭ ᠠᠭᠤᠯᠠ ᠴᠡᠩᠬᠡᠭ ᠤᠰᠤ ᠪᠠ ᠤᠨᠴᠠᠯᠢᠭᠲᠤ ᠦᠨᠳᠦᠰᠦᠲᠡᠨ ᠤ ᠵᠠᠩ ᠲᠠᠳᠬᠠᠯ ᠲᠠᠢ ᠪᠡᠨ ᠤᠶᠠᠯᠲᠤᠭᠤᠯᠤᠨ ᠠᠶᠠᠯᠠᠯ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠵᠤ ᠪᠤᠢ᠃ ᠮᠦᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠨᠡᠩ ᠲᠡᠭᠦᠯᠲᠡᠷᠵᠢᠵᠦ᠂ ᠦᠨᠳᠦᠰᠦᠲᠡᠨ ᠤ ᠪᠦᠯᠬᠦᠮᠲᠡᠯ ᠨᠡᠩ ᠪᠠᠬᠢᠵᠢᠨ᠂ ᠢᠷᠬᠡᠳ ᠨᠡᠩ ᠵᠤᠯ ᠵᠢᠷᠭᠠᠯ ᠲᠠᠢ ᠠᠮᠢᠲᠤᠷᠠᠯ ᠡᠳ᠋ᠯᠡᠬᠦ ᠪᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121445796