蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠪᠠᠶᠢᠭᠤᠯᠤᠭᠳᠠᠬᠰᠠᠨ 70 ᠵᠢᠯ ᠤᠨ ᠤᠢ ᠶᠢ ᠲᠡᠮᠳᠡᠭᠯᠡᠬᠦ ᠶᠡᠬᠡ ᠬᠤᠷᠠᠯ ᠦᠪᠡᠳᠡᠭᠰᠢ ᠶᠡᠬᠡᠪᠡᠷ ᠶᠠᠪᠤᠭᠳᠠᠯ᠎ᠠ

2017-08-09 16:24

    8 ᠰᠠᠷ᠎ᠠ ᠶᠢᠨ 8 ᠤ ᠡᠳᠤᠷ ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠲᠡᠮᠳᠡᠭᠯᠡᠬᠦ ᠶᠡᠬᠡ ᠬᠤᠷᠠᠯ ᠬᠦᠬᠡᠲᠠᠯ᠎ᠠ ᠦᠪᠦᠷ ᠮᠤᠩᠭ᠋ᠤᠯ ᠤᠨ ᠴᠦᠬᠡᠨ ᠲᠤᠭᠠᠳᠤ ᠦᠨᠳᠦᠰᠦᠳᠡᠨ ᠤ ᠢᠷᠭᠡᠳ ᠤᠨ ᠰᠤᠶᠤᠯ ᠰᠫᠤᠷᠲ ᠤᠨ ᠲᠦᠪ ᠲᠤ ᠦᠪᠡᠳᠡᠭᠰᠢ ᠶᠡᠬᠡ ᠪᠡᠷ ᠶᠠᠪᠤᠭᠳᠠᠪᠠ᠃

    ᠶᠡᠬᠡ ᠬᠤᠷᠠᠯ ᠢᠶᠡᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶᠠᠨ ᠤ ᠪᠠᠢᠢᠩ᠋ᠭᠤ ᠵᠢᠨ ᠬᠡᠰᠢᠭᠦᠨ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ ᠤ ᠲᠡᠷᠢᠭᠦᠯᠡᠭᠴᠢ᠂ ᠲᠦᠪ ᠤᠨ ᠲᠦᠯᠦᠭᠡᠯᠡᠬᠦ ᠪᠠᠭ ᠤᠨ ᠲᠠᠷᠤᠭ᠎ᠠ ᠢᠤᠢ ᠵᠧᠩ ᠱᠧᠩ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠵᠠᠢ᠃

    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠦᠪ ᠤᠨ ᠲᠦᠯᠦᠭᠡᠯᠡᠬᠦ ᠪᠠᠭ ᠤᠨ ᠳᠡᠳ᠋ ᠳᠠᠷᠤᠭ᠎ᠠ᠂ ᠪᠠᠭ ᠤᠨ ᠨᠠᠷᠢᠨ ᠪᠢᠴᠢᠭ᠌ ᠤᠨ ᠳᠠᠷᠤᠭ᠎ᠠ ᠯᠢᠤ ᠶᠠᠨ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠠᠷ ᠤᠨ ᠵᠠᠬᠢᠶ᠎ᠠ ᠶᠢ ᠤᠩᠰᠢᠨ ᠲᠤᠭᠤᠯᠭᠠᠪᠠ᠃

    ᠶᠡᠬᠡ ᠬᠤᠷᠠᠯ ᠢᠶᠡᠷ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠶᠠᠷᠢᠶ᠎ᠠ ᠲᠠᠯᠪᠢᠵᠤ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠬᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠡᠬᠡ ᠬᠤᠷᠠᠯ ᠢ ᠡᠷᠬᠢᠯᠡᠭᠰᠡᠨ ᠪᠠᠶᠢᠨ᠎ᠠ᠃

    ᠶᠡᠬᠡ ᠬᠤᠷᠠᠯ ᠤᠨ ᠦᠶ᠎ᠠ ᠪᠠᠷ ᠪᠠᠰᠡ ᠦᠪᠦᠷ ᠮᠤᠩᠭᠤᠯ ᠤᠨ 12 ᠠᠢᠢᠮᠠᠬ ᠬᠤᠳᠠ ᠶᠢᠨ ᠲᠦᠯᠦᠭᠡᠯᠡᠭᠴᠢᠳ ᠤᠨ ᠦᠪᠡᠷᠮᠢᠴᠡ ᠵᠢᠭᠰᠠᠭᠠᠯ ᠤᠨ ᠦᠵᠡᠬᠦᠯᠦᠯᠬᠡ ᠪᠠ ᠢᠷᠭᠡᠳ ᠤᠨ ᠲᠤᠭᠯᠠᠯᠳᠠ ᠵᠤᠬᠢᠶᠠᠨ ᠪᠠᠶᠢᠭᠤᠯᠤᠭᠳᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121457342