蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋᠋ᠤᠯ ᠤᠨ ᠶᠡᠬᠡ ᠰᠤᠷᠭᠠᠭᠤᠯᠢ 60 ᠵᠢᠯ ᠤᠨ ᠤᠢ ᠪᠠᠨ ᠦᠪᠡᠳᠡᠭᠰᠢ ᠶᠡᠬᠡᠪᠡᠷ ᠲᠡᠮᠳᠡᠭᠯᠡᠯ᠎ᠡ

2017-09-08 16:30

    ᠰᠢᠨᠬᠤᠧᠠ ᠮᠣᠩᠭ᠋᠋ᠤᠯ ᠨᠧᠲ  ᠬᠦᠬᠡᠬᠤᠲᠠ ᠶᠢᠨ 9 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ( ᠰᠤᠷᠤᠶ᠎ᠠ  ᠪᠠᠢ ᠯᠢᠩ ᠳ᠋ᠢ) 9 ᠰᠠᠷ᠎ᠠ ᠶᠢᠨ 7 ᠤ ᠦᠳᠡ ᠡᠴᠡ ᠡᠮᠦᠨ᠎ᠠ᠂ ᠥᠪᠦᠷ ᠮᠣᠩᠭ᠋᠋ᠤᠯ ᠤᠨ ᠶᠡᠬᠡ ᠰᠤᠷᠭᠠᠭᠤᠯᠢ ᠪᠠᠶᠢᠭᠤᠯᠤᠭᠳᠠᠬᠰᠠᠨ 60 ᠵᠢᠯ ᠤᠨ ᠤᠢ ᠶᠢ ᠲᠡᠮᠳᠡᠭᠯᠡᠬᠦ ᠠᠵᠢᠯᠯᠠᠭ᠎ᠠ ᠬᠦᠬᠡᠬᠤᠲᠠᠨ᠎ᠠ ᠦᠪᠡᠳᠡᠭᠰᠢ ᠶᠡᠬᠡ ᠪᠡᠷ ᠶᠠᠪᠤᠭᠳᠠᠪᠠ᠃

    ᠠᠵᠢᠯᠯᠠᠭ᠎ᠠ ᠪᠡᠷ᠂ ᠥᠪᠦᠷ ᠮᠣᠩᠭ᠋᠋ᠤᠯ ᠤᠨ ᠶᠡᠬᠡ ᠰᠤᠷᠭᠠᠭᠤᠯᠢ ᠶᠢᠨ ᠵᠠᠬᠢᠷᠤᠯ ᠴᠧᠨ ᠭᠦᠧᠧ ᠴᠢᠩ ᠰᠤᠷᠭᠠᠭᠤᠯᠢ ᠪᠠᠶᠢᠭᠤᠯᠤᠭᠳᠠᠬᠰᠠ ᠲᠡᠤᠬᠡ ᠵᠢᠴᠢ 60 ᠵᠢᠯ ᠤᠨ ᠲᠤᠷᠰᠢᠬᠢ ᠠᠮᠵᠢᠯᠲᠠ ᠪᠦᠲᠦᠮᠵᠢ ᠶᠢᠨ ᠲᠤᠭᠤᠷᠢᠨ ᠳᠤ ᠶᠠᠷᠢᠶ᠎ᠠ ᠲᠠᠯᠪᠢᠵᠠᠢ᠃ ᠡᠬᠦᠨ ᠡᠴᠡ ᠭᠠᠳᠠᠨ᠎ᠠ᠂ ᠲᠤᠰ ᠰᠤᠷᠭᠠᠭᠤᠯᠢ ᠪᠠᠶᠢᠭᠤᠯᠤᠭᠳᠠᠭᠰᠠᠨ ᠡᠴᠡ ᠨᠠᠰᠢᠬᠢ ᠲᠤᠪᠤᠶᠢᠮ᠎ᠠ ᠵᠢᠳᠭᠦᠯ ᠲᠠᠢ ᠭᠠᠪᠢᠶᠠᠲᠠᠨ ᠪᠠᠭᠰᠢ᠂ ᠠᠵᠢᠯᠳᠠᠳ ᠢ ᠱᠠᠩᠨᠠᠨ ᠬᠦᠬᠢᠬᠦᠯᠦᠭᠰᠡᠨ ᠪᠠᠶᠢᠨ᠎ᠠ᠃

    ᠮᠦᠨ ᠲᠤᠰ ᠡᠳᠦᠷ ᠤᠨ ᠤᠷᠤᠢ᠂ ᠥᠪᠦᠷ ᠮᠣᠩᠭ᠋᠋ᠤᠯ ᠤᠨ ᠶᠡᠬᠡ ᠰᠤᠷᠭᠠᠭᠤᠯᠢ ᠪᠠᠶᠢᠭᠤᠯᠤᠭᠳᠠᠬᠰᠠᠨ 60 ᠵᠢᠯ ᠤᠨ ᠤᠢ ᠳᠤ ᠵᠤᠷᠢᠭᠤᠯᠤᠭᠰᠠᠨ《ᠲᠠᠯ᠎ᠠ ᠶᠢᠨ ᠰᠤᠪᠤᠳ ᠤᠮᠠᠷᠠᠲᠤ ᠶᠢᠨ ᠳᠠᠭᠤᠯᠠᠯ》᠂ 《ᠵᠢᠷᠠᠨ ᠤ ᠭᠤᠯᠤᠮᠲᠠ ᠪᠡᠨ ᠤᠯᠠᠮᠵᠢᠯᠠᠵᠤ ᠨᠢᠬᠡᠨ ᠰᠡᠳᠬᠢᠯ ᠢᠶᠡᠷ ᠬᠤᠯᠠ ᠶᠢ ᠵᠣᠷᠢᠶ ᠠ》ᠪᠤᠯᠤᠨ 《ᠮᠢᠨᠦ ᠡᠬᠡ ᠰᠤᠷᠭᠠᠭᠤᠯᠢ ᠮᠢᠨᠦ ᠮᠥᠷᠦᠭᠡᠳᠤᠯ》ᠬᠡᠬᠦ ᠭᠤᠷᠪᠠᠨ ᠮᠦᠴᠢᠯᠬᠡ ᠲᠡᠢ ᠤᠷᠠᠨ ᠰᠠᠶᠢᠬᠠᠨ ᠤ ᠲᠤᠭᠯᠠᠯᠳᠠ ᠪᠤᠯᠵᠤ ᠬᠤᠷᠠᠭᠰᠠᠨ ᠤᠯᠠᠨ ᠢ ᠪᠠᠶᠠᠰᠬᠠᠯ᠎ᠠ᠃

ᠢᠷᠡᠯᠳᠡ᠄ ᠰᠢᠨᠬᠤᠧᠠ ᠮᠣᠩᠭ᠋᠋ᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121632350