蒙古文网站Logo
ᠰᠢᠨᠬᠤᠸᠠ ᠮᠤᠩᠭ᠋ᠤᠯ ᠨᠧᠲ

ᠤᠶᠤᠨ ᠤᠬᠠᠭᠠᠨ ᠬᠦᠴᠦᠨ ᠴᠢᠳᠠᠯ ᠢᠶᠡᠨ ᠬᠠᠷᠠᠮ ᠦᠭᠡᠢ ᠵᠤᠷᠢᠭᠤᠯᠤᠭᠰᠠᠨ ᠤᠨᠴᠠᠭᠠᠢ ᠪᠠᠶᠢᠷᠢᠨ ᠤ ᠬᠦᠳᠡᠭᠡ ᠲᠤᠰᠬᠤᠨ ᠤ ᠪᠠᠭᠰᠢ ᠨᠠᠷ

2017-09-10 12:45

ᠬᠤᠸᠠᠩ ᠨᠢ ᠨᠠ( ᠳᠤᠮᠳᠠᠬᠢ) ᠪᠤᠤ ᠴᠸᠩ ᠪᠠᠯᠭᠠᠰᠤᠨ ᠤ ᠰᠢ ᠫᠦᠸᠸ ᠪᠠᠭ᠎ᠠ ᠰᠤᠷᠭᠠᠭᠤᠯᠢ ᠳᠤ ᠬᠢᠴᠢᠶᠡᠯᠯᠡᠵᠤ ᠪᠠᠶᠢᠭ᠎ᠠ ᠨᠢ᠃ ᠲᠡᠷᠡ ᠭᠤᠷᠪᠠᠨ ᠪᠠᠭ᠎ᠠ ᠰᠤᠷᠭᠠᠭᠤᠯᠢ ᠳᠤ ᠬᠢᠴᠢᠶᠡᠯ ᠵᠢᠭᠠᠵᠤ᠂ ᠭᠠᠷᠠᠭ ᠲᠤ 27 ᠬᠢᠴᠢᠶᠡᠯ ᠲᠠᠢ᠃

    2013 ᠤᠨ ᠳᠤ᠂ ᠨᠢᠭᠡ ᠪᠦᠯᠦᠭ᠌᠂ ᠤᠷᠤᠨ ᠳᠤᠭᠠᠨ ᠡᠴᠡ ᠭᠠᠳᠠᠨᠠᠬᠢ ᠤᠨᠴᠠᠭᠠᠢ ᠪᠠᠶᠢᠷᠢᠨ ᠤ ᠬᠦᠳᠡᠭᠡ ᠲᠤᠰᠬᠤᠨ ᠤ ᠠᠩᠭ᠍ᠯᠢ ᠬᠡᠯᠡᠨ ᠤ ᠪᠠᠭᠰᠢ ᠬᠠᠶᠢᠨᠠᠨ ᠮᠤᠵᠢ ᠶᠢᠨ ᠪᠤᠤ ᠲᠢᠩ ᠤᠨ ᠯᠢ ᠦᠨᠳᠦᠰᠦᠲᠡᠨ᠂ ᠮᠢᠶᠤᠤ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠠᠭᠤᠯᠠᠷᠬᠠᠭ ᠤᠷᠤᠨ ᠳᠤ ᠬᠦᠷᠴᠤ᠂ ᠲᠡᠨᠳᠡᠬᠢ ᠪᠠᠭ᠎ᠠ ᠰᠤᠷᠭᠠᠭᠤᠯᠢ ᠨᠤᠭᠤᠳ ᠤᠨ ᠠᠩᠭ᠍ᠯᠢ ᠭᠡᠯᠡᠨ ᠤ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠪᠡ᠃ ᠬᠡᠳᠦᠨ ᠵᠢᠯ ᠤᠨ ᠲᠤᠷᠰᠢ᠂ ᠡᠳᠡᠭᠡᠷ ᠵᠠᠯᠠᠭᠤ ᠪᠠᠭᠰᠢ ᠨᠠᠷ ᠬᠦᠮᠦᠨ ᠪᠦᠷᠢ 2 ᠡᠴᠡ 3 ᠲᠤᠰᠬᠤᠨ ᠤ ᠪᠠᠭ᠎ᠠ ᠰᠤᠷᠭᠠᠭᠤᠯᠢ ᠶᠢᠨ ᠠᠩᠭ᠍ᠯᠢ ᠬᠡᠯᠡᠨ ᠤ ᠬᠢᠴᠢᠶᠡᠯ ᠤᠷᠤᠬᠤ ᠡᠭᠦᠷᠭᠡ ᠶᠢ ᠡᠭᠦᠷᠭᠡᠯᠡᠭᠰᠡᠭᠡᠷ ᠢᠷᠡᠵᠠᠢ᠃ ᠬᠡᠳᠦᠶᠢᠪᠡᠷ ᠨᠦᠬᠦᠴᠡᠯ ᠪᠠᠷᠤᠭᠲᠠᠢ᠂ ᠤᠷᠤᠯᠭ᠎ᠠ ᠪᠠᠭ᠎ᠠ ᠪᠤᠯᠪᠠᠴᠤ ᠲᠡᠳᠡ ᠡᠨᠡ ᠡᠭᠦᠷᠭᠡ ᠶᠢ ᠲᠤᠷᠠᠲᠠᠢ ᠬᠦᠯᠢᠶᠡᠨ ᠠᠪᠤᠭᠰᠠᠨ ᠶᠤᠮ᠃ ᠲᠡᠳᠡ᠄《 ᠪᠢᠳᠡ ᠶᠠᠪᠤᠵᠤ ᠪᠤᠯᠬᠤ ᠦᠭᠡᠢ᠂ ᠬᠡᠷᠪᠡ ᠪᠢᠳᠡ ᠶᠠᠪᠤᠪᠠᠯ ᠬᠡᠤᠬᠡᠳ ᠤᠳ ᠠᠩᠭ᠍ᠯᠢ ᠭᠡᠯᠡᠨ ᠤ ᠬᠢᠴᠢᠶᠡᠯ ᠤᠷᠤᠵᠤ ᠴᠢᠳᠠᠬᠤ ᠦᠭᠡᠢ ᠪᠤᠯᠤᠨ᠎ᠠ》 ᠭᠡᠯ᠎ᠠ᠃ ( ᠵᠢᠷᠤᠭ ᠢ ᠭᠦᠸᠸ ᠴᠸᠩ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121638673