蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ ᠤᠯᠠᠨ ᠤᠯᠤᠰ ᠤᠨ ᠡᠳ᠋ ᠤᠨ ᠵᠠᠰᠠᠭ ᠤᠨ ᠴᠢᠬᠤᠯᠠ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠳ ᠲᠠᠢ 《1+6》 ᠲᠤᠭᠤᠷᠠᠭ ᠰᠢᠷᠡᠬᠡᠨ ᠤ ᠶᠠᠷᠢᠯᠴᠠᠯᠭ᠎ᠠ ᠶᠢᠨ ᠬᠤᠷᠠᠯ ᠬᠢᠪᠡ

2017-09-12 16:28

    ᠰᠢᠨᠬᠤᠸᠠ ᠨᠧᠲ ᠪᠡᠭᠡᠵᠢᠩ ᠤᠨ 9 ᠰᠠᠷ᠎ᠠ ᠶᠢᠨ 12 ᠤᠨ ᠡᠳᠤᠷ ᠤᠨ ᠴᠠᠬᠢᠯᠭᠠᠨ ᠮᠡᠳᠡᠬᠡ 9 ᠰᠠᠷ᠎ᠠ ᠶᠢᠨ 12 ᠤᠨ ᠦᠳᠡ ᠡᠴᠡ ᠡᠮᠦᠨ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠳ᠋ᠢᠶᠤᠤ ᠢᠤᠢ ᠲᠠᠢ ᠵᠤᠴᠢᠳ ᠪᠠᠭᠤᠳᠠᠯ ᠳᠤ ᠲᠡᠯᠡᠬᠡᠢ ᠶᠢᠨ ᠪᠠᠩᠬᠢ ᠶᠢᠨ ᠲᠠᠷᠤᠭ᠎ᠠ ᠺᠢᠮ ᠶᠦᠩ᠂ ᠤᠯᠠᠨ ᠤᠯᠤᠰ ᠤᠨ ᠮᠦᠩᠬᠦᠨ ᠹᠤᠨᠳ᠋ ᠤᠨ ᠵᠤᠬᠢᠶᠠᠨ ᠪᠠᠶᠢᠭᠤᠯᠤᠯᠳᠠ ᠶᠢᠨ ᠶᠡᠷᠦᠩᠬᠡᠢ ᠲᠠᠷᠤᠭ᠎ᠠ ᠯᠠᠭᠠᠭᠳ᠋ᠧ (Lagarde)᠂ ᠲᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠶᠢᠨ ᠶᠡᠷᠦᠩᠬᠡᠢ ᠵᠠᠬᠢᠷᠤᠯ ᠠᠽᠧᠸᠶ᠋ᠳ᠋ᠣ᠋ (Azevedo)᠂ ᠤᠯᠠᠨ ᠤᠯᠤᠰ ᠤᠨ ᠬᠦᠳᠡᠯᠮᠦᠷᠢ ᠶᠢᠨ ᠵᠤᠬᠢᠶᠠᠨ ᠪᠠᠶᠢᠭᠤᠯᠤᠯᠳᠠ ᠶᠢᠨ ᠶᠡᠷᠦᠩᠬᠡᠢ ᠵᠠᠬᠢᠷᠤᠯ ᠿᠦᠳᠧᠷ (Ryder)᠂ ᠡᠳ᠋ ᠤᠨ ᠵᠠᠰᠠᠬ ᠤᠨ ᠬᠠᠮᠳᠤᠷᠠᠯᠴᠠᠭ᠎ᠠ ᠪᠤᠯᠤᠨ ᠬᠦᠭ᠍ᠵᠢᠯᠳᠡ ᠶᠢᠨ ᠵᠤᠬᠢᠶᠠᠨ ᠪᠠᠶᠢᠭᠤᠯᠤᠯᠳᠠ ᠶᠢᠨ ᠨᠠᠷᠢᠨ ᠪᠢᠴᠢᠭ᠌ ᠤᠨ ᠲᠠᠷᠤᠭ᠎ᠠ ᠭᠦᠷᠢᠶᠠ( Gurria) ᠪᠤᠯᠤᠨ ᠰᠠᠩᠬᠦᠦ ᠶᠢᠨ ᠲᠤᠭᠳᠠᠪᠤᠷᠢᠲᠠᠢ ᠪᠠᠶᠢᠳᠠᠯ ᠤᠨ ᠵᠦᠪᠯᠡᠯ ᠤᠨ ᠲᠡᠷᠢᠬᠦᠯᠡᠭᠴᠢ ᠺᠠᠷᠨᠢ (Carney) ᠲᠠᠢ ᠬᠠᠮᠳᠤ 《1+6》 ᠲᠤᠭᠤᠷᠠᠭ ᠰᠢᠷᠡᠭᠡᠨ ᠤ ᠶᠠᠷᠢᠯᠴᠠᠯᠭ᠎ᠠ ᠶᠢᠨ ᠬᠤᠷᠠᠯ ᠬᠢᠪᠡ᠃ ᠬᠤᠷᠠᠯ ᠳᠤ ᠤᠷᠤᠯᠴᠠᠭᠰᠠᠨ ᠡᠯ᠎ᠡ ᠡᠳᠡᠭᠡᠳ 《 ᠨᠡᠬᠡᠬᠡᠯᠳᠡᠲᠠᠢ᠂ ᠠᠮᠢᠳᠤᠯᠢᠭ᠂ ᠪᠠᠭᠳᠠᠭᠠᠮᠵᠢᠲᠠᠢ ᠲᠡᠯᠡᠬᠡᠢ ᠶᠢᠨ ᠡᠳ᠋ ᠤᠨ ᠵᠠᠰᠠᠭ ᠢ ᠴᠤᠭᠴᠠᠯᠠᠬᠤ》 ᠰᠡᠳᠤᠪ ᠤᠨ ᠲᠤᠭᠤᠷᠢᠨ ᠳᠤ 《 ᠪᠦᠬᠦ ᠪᠦᠮᠪᠦᠷᠴᠡᠭ᠌᠌ ᠤᠨ ᠡᠳ᠋ ᠤᠨ ᠵᠠᠰᠠᠭ ᠤᠨ ᠪᠠᠶᠢᠳᠠᠯ ᠪᠤᠯᠤᠨ ᠡᠳ᠋ ᠤᠨ ᠵᠠᠰᠠᠭ ᠤᠨ ᠲᠡᠯᠡᠬᠡᠶᠢᠴᠢᠯᠡᠯᠳᠡ ᠶᠢᠨ ᠢᠷᠡᠬᠡᠳᠤᠢ》᠂《 ᠲᠤᠮᠳᠠᠳᠤ ᠤᠯᠤᠰ ᠤᠨ ᠡᠳ᠋ ᠤᠨ ᠵᠠᠰᠠᠭ ᠤᠨ ᠵᠠᠭᠪᠤᠷ ᠦᠭᠡᠷᠡᠴᠢᠯᠡᠨ ᠲᠡᠰ ᠲᠡᠪᠰᠢᠬᠦ ᠶᠢ ᠠᠬᠢᠭᠤᠯᠬᠤ》 ᠬᠤᠶᠠᠷ ᠰᠡᠳᠤᠪ ᠢ ᠬᠦᠨᠵᠡᠬᠡᠢ ᠶᠠᠷᠢᠯᠴᠠᠵᠠᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121650809