蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠸᠢᠶᠧᠲ᠋ᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠡᠯᠡᠯᠴᠡᠭᠡ ᠬᠢᠪᠡ

2017-11-13 13:38

ᠬᠡᠯᠡᠯᠴᠡᠬᠡ ᠡᠴᠡ ᠡᠮᠦᠨ᠎ᠡ᠂ ᠷᠤᠸᠠᠨ ᠹᠦ᠋ ᠵᠦᠩ ᠲᠡᠷᠢᠬᠦᠯᠡᠭᠴᠢ ᠶᠢᠨ ᠤᠷᠳᠤᠨ ᠤ ᠲᠠᠯᠠᠪᠠᠢ ᠳᠤ ᠰᠢ ᠵᠢᠨ ᠫᠢᠩ ᠢ ᠤᠭᠳᠤᠬᠤ ᠶᠤᠰᠤᠯᠠᠯ ᠬᠢᠪᠡ᠃ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠲᠤᠤ)

    11 ᠰᠠᠷ᠎ᠠ ᠶᠢᠨ 12 ᠤᠨ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠵᠢᠨ ᠫᠢᠩ ᠬᠠᠨᠤᠢ ᠳᠤ ᠸᠢᠶᠧᠲ᠋ᠨᠠᠮ ᠤᠨ ᠡᠪ ᠬᠠᠮᠳᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠡᠯᠡᠯᠴᠡᠬᠡ ᠬᠢᠪᠡ᠃

ᠬᠡᠯᠡᠯᠴᠡᠬᠡ ᠶᠢᠨ ᠲᠠᠷᠠᠭ᠎ᠠ᠂ ᠬᠤᠶᠠᠷ ᠤᠯᠤᠰ ᠤᠨ ᠤᠳᠤᠷᠢᠳᠬᠤ ᠬᠦᠮᠦᠨ ᠬᠠᠮᠳᠤ ᠳᠤ ᠪᠠᠨ 《ᠨᠢᠬᠡ ᠪᠦᠰᠡ ᠨᠢᠬᠡ ᠵᠠᠮ》ᠪᠤᠯᠤᠨ《ᠬᠤᠶᠠᠷ ᠬᠤᠩᠬᠢᠯ ᠨᠢᠬᠡ ᠲᠤᠭᠤᠷᠢᠭ》 ᠢ᠋ ᠴᠤᠭᠴᠠᠯᠠᠬᠤ ᠬᠠᠮᠳᠤ ᠶᠢᠨ ᠠᠵᠢᠯᠯᠠᠭᠠᠨ ᠤ ᠪᠢᠴᠢᠭ᠌ ᠮᠠᠲ᠋ᠧᠷᠢᠶᠠᠯ ᠢ ᠬᠡᠷᠡᠴᠢᠯᠡᠵᠤ᠂ ᠬᠢᠯᠢ ᠠᠯᠤᠰᠯᠠᠭᠰᠠᠨ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠲᠤᠭᠤᠷᠢᠭ᠂ ᠡᠯᠧᠺᠲ᠋ᠷᠤᠨ ᠬᠤᠳᠠᠯᠳᠤᠭ᠎ᠠ᠂ ᠪᠤᠯᠪᠠᠰᠤᠨ ᠬᠦᠴᠦᠨ ᠤ ᠨᠦᠬᠡᠴᠡ᠂ ᠡᠳ᠋ ᠤᠨ ᠵᠠᠰᠠᠭ ᠪᠠ ᠠᠷᠠᠯᠵᠢᠶ᠎ᠠ᠂ ᠮᠦᠩᠬᠦᠨ ᠬᠦᠢᠯᠬᠡᠬᠡ᠂ ᠰᠤᠶᠤᠯ᠂ ᠡᠷᠡᠬᠦᠯ ᠮᠡᠨᠳᠤ᠂ ᠰᠤᠨᠢᠨ ᠮᠡᠳᠡᠬᠡ᠂ ᠨᠡᠶᠢᠬᠡᠮ ᠤᠨ ᠰᠢᠨᠵᠢᠯᠡᠬᠦ ᠤᠬᠠᠭᠠᠨ᠂ ᠬᠢᠯᠢ ᠶᠢᠨ ᠬᠠᠮᠠᠭᠠᠯᠠᠯᠳᠠ ᠵᠡᠷᠬᠡ ᠬᠦᠷᠢᠶᠡᠨ ᠳ᠋ᠡᠬᠢ ᠬᠠᠮᠳᠤ ᠶᠢᠨ ᠠᠵᠢᠯᠯᠠᠭᠠᠨ ᠤ ᠮᠠᠲ᠋ᠧᠷᠢᠶᠠᠯ ᠳᠤ ᠭᠠᠷ ᠤᠨ ᠦᠰᠦᠭ᠌ ᠵᠢᠷᠤᠪᠠ᠃ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠤᠤ ᠳ᠋ᠠ ᠸᠧᠢ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121946543