蒙古文网站Logo
ᠰᠢᠨᠬᠤᠸᠠ ᠮᠤᠩᠭ᠋ᠤᠯ ᠨᠧᠲ

ᠰᠢ ᠠᠨ - ᠴᠧᠩᠳᠦ᠋ ᠴᠢᠭᠯᠡᠯ ᠤᠨ ᠬᠤᠷᠳᠤᠨ ᠤ ᠲᠡᠮᠦᠷ ᠵᠠᠮ ᠠᠰᠢᠭᠯᠠᠯᠳᠠ ᠳᠤ ᠤᠷᠤᠬᠤ ᠡᠴᠡ ᠡᠮᠦᠨᠡᠬᠢ ᠪᠦᠬᠦ ᠲᠠᠯ᠎ᠠ ᠶᠢᠨ ᠬᠢᠨᠠᠨ ᠰᠢᠯᠭᠠᠯᠲᠠ ᠬᠦᠯᠢᠶᠡᠯ᠎ᠡ

2017-11-14 12:51

11 ᠰᠠᠷ᠎ᠠ ᠶᠢᠨ 13 ᠤ ᠡᠳᠤᠷ᠂ ᠰᠢ ᠠᠨ ᠬᠤᠶᠢᠳᠤ ᠦᠷᠳᠡᠬᠡᠨ ᠡᠴᠡ ᠵᠢᠶᠠᠩ ᠶᠧᠤ ᠦᠷᠳᠡᠭᠡ ᠬᠦᠷᠬᠦ 55601 ᠡᠬᠡᠯᠵᠢ ᠶᠢᠨ ᠲᠤᠷᠰᠢᠨ ᠠᠵᠢᠯᠯᠠᠭᠤᠯᠬᠤ ᠬᠤᠷᠳᠤᠨ ᠤ ᠭᠠᠯᠳᠤ ᠶᠠᠩ ᠰᠢᠶᠠᠨ ᠪᠠᠷᠠᠭᠤᠨ ᠦᠷᠳᠡᠬᠡᠨ ᠳᠤ ᠤᠷᠤᠵᠤ ᠪᠤᠢ

    ᠲᠤᠰ ᠡᠳᠤᠷ ᠤᠨ 14᠄00 ᠴᠠᠭ ᠲᠤ᠂ 55601 ᠡᠬᠡᠯᠵᠢ ᠶᠢᠨ ᠲᠤᠷᠰᠢᠨ ᠠᠵᠢᠯᠯᠠᠭᠤᠯᠬᠤ ᠬᠤᠷᠳᠤᠨ ᠤ ᠭᠠᠯᠳᠤ ᠰᠢ ᠠᠨ ᠬᠤᠶᠢᠳᠤ ᠦᠷᠳᠡᠬᠡᠨ ᠡᠴᠡ ᠭᠠᠷᠴᠤ ᠰᠧᠴᠤᠸᠠᠨ ᠤ ᠵᠢᠶᠠᠩ ᠶᠧᠤ ᠶᠢ ᠴᠢᠭᠯᠡᠭᠰᠡᠨ ᠨᠢ ᠰᠢ ᠠᠨ - ᠴᠧᠩᠳᠦ᠋ ᠴᠢᠭᠯᠡᠯ ᠤᠨ ᠬᠤᠷᠳᠤᠨ ᠤ ᠲᠡᠮᠦᠷ ᠵᠠᠮ ᠠᠰᠢᠭᠯᠠᠯᠳᠠ ᠳᠤ ᠤᠷᠤᠬᠤ ᠡᠴᠡ ᠡᠮᠦᠨᠡᠬᠢ ᠬᠢᠨᠠᠨ ᠰᠢᠯᠭᠠᠬᠤ ᠱᠠᠳᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠰᠢ ᠠᠨ - ᠴᠧᠩᠳᠦ᠋ ᠴᠢᠭᠯᠡᠯ ᠤᠨ ᠬᠤᠷᠳᠤᠨ ᠤ ᠲᠡᠮᠦᠷ ᠵᠠᠮ ᠪᠤᠯ ᠮᠠᠨ ᠤ ᠤᠯᠤᠰ ᠤᠨ ᠴᠢᠨᠯᠢᠩ ᠨᠢᠷᠤᠭᠤ ᠶᠢ ᠲᠤᠭᠤᠯᠤᠬᠰᠠ ᠠᠩᠬᠠᠨ ᠤ ᠵᠤᠷᠪᠤᠰ ᠬᠤᠷᠳᠤᠨ ᠤ ᠲᠡᠮᠦᠷ ᠵᠠᠮ ᠶᠤᠮ᠃ ᠪᠦᠬᠦ ᠵᠠᠮ ᠳᠤ ᠨᠡᠶᠢᠳᠡ 16 ᠦᠷᠳᠡᠬᠡ ᠲᠠᠢ᠂ ᠴᠠᠭ ᠪᠦᠷᠢ 250 ᠺᠢᠯᠤᠮᠧᠲ᠋ᠷ ᠤᠨ ᠬᠤᠷᠳᠤᠴᠠ ᠪᠡᠷ ᠠᠶᠠᠯᠠᠨ᠎ᠠ᠃ 2012 ᠤᠨ ᠤ 10 ᠰᠠᠷ᠎ᠠ ᠡᠴᠡ ᠡᠬᠢᠯᠡᠨ ᠪᠠᠶᠢᠭᠤᠯᠤᠬᠰᠠᠨ ᠲᠤᠰ ᠬᠤᠷᠳᠤᠨ ᠤ ᠲᠡᠮᠦᠷ ᠵᠠᠮ ᠢ ᠨᠡᠨ ᠵᠢᠯ  ᠠᠰᠢᠭᠯᠠᠯᠳᠠ ᠳᠤ ᠤᠷᠤᠭᠤᠯᠬᠤ ᠪᠡᠷ ᠪᠠᠶᠢᠨ᠎ᠠ᠃ ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠰᠢ ᠠᠨ ᠡᠴᠡ ᠴᠧᠩᠳ᠋ᠦ᠋ ᠬᠦᠷᠬᠦ ᠭᠠᠯᠳᠤ ᠶᠢᠨ ᠴᠠᠭ ᠢ 16 ᠴᠠᠭ ᠪᠠᠶᠢᠭᠰᠠᠨ ᠡᠴᠡ ᠨᠢ 3 ᠴᠠᠭ ᠪᠤᠯᠭᠠᠨ ᠪᠤᠭᠤᠨᠢᠰᠬᠠᠨ᠎ᠠ᠃

 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953450