蒙古文网站Logo
ᠰᠢᠨᠬᠤᠸᠠ ᠮᠤᠩᠭ᠋ᠤᠯ ᠨᠧᠲ

2017 ᠤᠨ ᠤ ᠲᠦᠪ ᠤᠨ ᠨᠢᠬᠡᠳᠤᠭᠡᠷ ᠲᠤᠭᠠᠳᠤ ᠪᠢᠴᠢᠭ᠌ ᠮᠠᠲ᠋ᠧᠷᠢᠶᠠᠯ ᠢ ᠨᠡᠢᠢᠳᠡᠯᠡᠪᠡ

2017-02-06 10:19

    ᠰᠢᠨᠬᠤᠸᠠ ᠬᠤᠷᠢᠶ᠎ᠠ   ᠪᠡᠭᠡᠵᠢᠩ ᠤᠨ 2 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠳ᠋ᠦᠩ ᠵᠢᠶᠦ᠋ᠨ) ᠰᠢᠨ᠎ᠠ ᠵᠠᠭᠤᠨ ᠳ᠋ᠤ ᠤᠷᠤᠭᠰᠠᠠ ᠡᠴᠡ ᠨᠠᠰᠢᠬᠢ《ᠬᠦᠳᠡᠬᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ》 ᠤ ᠠᠵᠢᠯ ᠢ ᠵᠢᠯᠤᠭᠤᠳᠬᠤ ᠠᠷᠪᠠᠨ ᠲᠦᠷᠪᠡᠳᠡᠬᠢ ᠲᠦᠪ ᠤᠨ ᠨᠢᠬᠡᠳᠤᠭᠡᠷ ᠲᠤᠭᠠᠳᠤ ᠪᠢᠴᠢᠭ᠌ ᠮᠠᠲ᠋ᠧᠷᠢᠶᠠᠯ ᠢ 5 ᠤ ᠡᠳᠤᠷ ᠰᠢᠨᠬᠤᠸᠠ ᠬᠤᠷᠢᠶ᠎ᠠ ᠡᠷᠬᠡ ᠤᠯᠭᠤᠯᠳᠡ ᠪᠡᠷ ᠨᠡᠢᠢᠳᠡᠯᠡᠪᠡ᠃

    《ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠬᠡ ᠠᠵᠥ ᠠᠬᠤᠢ ᠢᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠢᠢᠨ ᠴᠢᠨᠠᠷᠳᠠᠢ ᠦᠭᠡᠷᠡᠴᠢᠯᠡᠯᠳᠡ ᠢᠢ ᠬᠦᠨᠵᠡᠬᠡᠢ ᠠᠬᠢᠭᠤᠯᠵᠥ ᠬᠦᠳᠡᠬᠡ ᠠᠵᠥ ᠠᠬᠤᠢ ᠬᠦᠳᠡᠬᠡ ᠲᠤᠰᠬᠤᠨ ᠤ ᠬᠦᠭᠵᠢᠯᠳᠡ ᠢᠢᠨ ᠰᠢᠨ᠎ᠠ ᠬᠦᠳᠡᠯᠬᠡᠬᠦ ᠴᠢᠳᠠᠪᠤᠷᠢ ᠵᠢ ᠲᠦᠷᠭᠡᠳᠬᠡᠨ ᠪᠤᠢᠢᠵᠢᠭᠤᠯᠬᠤ ᠲᠤᠬᠠᠢ ᠰᠠᠨᠠᠯ ᠤᠳ》ᠭᠡᠬᠦ ᠰᠡᠳᠦᠪ ᠲᠠᠢ ᠡᠨᠡᠬᠦ ᠨᠢᠭᠡᠳᠦᠭᠡᠷ ᠲᠤᠭᠠᠳᠦ ᠪᠢᠴᠢᠭ᠌ ᠮᠠᠲ᠋ᠧᠷᠢᠶᠠᠯ ᠨᠢ ᠨᠡᠢᠢᠳᠡ 13000 ᠰᠢᠬᠠᠮ ᠦᠰᠦᠭ ᠲᠠᠢ᠂ 6 ᠪᠦᠯᠥᠭ 33 ᠵᠦᠢᠯ ᠲᠠᠢ᠃ ᠡᠬᠦᠨ ᠳ᠋ᠤ᠂ ᠪᠦᠳᠦᠬᠡᠭᠳᠡᠬᠦᠨ ᠠᠵᠥ ᠦᠢᠯᠡᠰ ᠤᠨ ᠪᠦᠳᠦᠴᠡ ᠢᠢ ᠰᠢᠯᠢᠳᠡᠭᠵᠢᠬᠦᠯᠵᠥ᠂ ᠬᠦᠳᠡᠬᠡ ᠠᠵᠥ ᠠᠬᠤᠢ ᠢᠢᠨ ᠶᠠᠰᠤ ᠴᠢᠨᠠᠷ ᠢ ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠬᠦ ᠶᠢ ᠬᠦᠴᠦᠯᠡᠨ ᠠᠬᠢᠭᠤᠯᠬᠤ; ᠪᠤᠬᠢᠷᠳᠤᠯ ᠦᠭᠡᠢ ᠦᠢᠯᠡᠳᠪᠤᠷᠢᠯᠡᠯ ᠤᠨ ᠠᠷᠭ᠎ᠠ ᠬᠡᠯᠪᠡᠷᠢ ᠵᠢ ᠲᠡᠯᠭᠡᠷᠡᠬᠦᠯᠵᠥ᠂ ᠬᠦᠳᠡᠬᠡ ᠠᠵᠥ ᠠᠬᠤᠢ ᠢᠢᠨ ᠦᠷᠬᠦᠯᠵᠢᠯᠡᠬᠦ ᠬᠦᠭᠵᠢᠯᠳᠡ ᠢᠢᠨ ᠴᠢᠳᠠᠪᠤᠷᠢ ᠢᠢ ᠨᠡᠮᠡᠭᠳᠡᠬᠦᠯᠬᠦ; ᠰᠢᠨ᠎ᠠ ᠠᠵᠥ ᠦᠢᠯᠡᠰ ᠰᠢᠨ᠎ᠠ ᠡᠵᠡᠩᠨᠡᠯᠳᠡ ᠢᠢᠨ ᠬᠡᠯᠪᠡᠷᠢ ᠢᠢ ᠪᠤᠵᠠᠭᠠᠢᠢᠷᠠᠭᠤᠯᠵᠥ᠂ ᠬᠦᠳᠡᠬᠡ ᠠᠵᠥ ᠠᠬᠤᠢ ᠢᠢᠨ ᠠᠵᠥ ᠦᠢᠯᠡᠰ ᠤᠨ ᠬᠡᠯᠬᠢᠶ᠎ᠠ ᠦᠷᠳᠡᠭ ᠤᠨ ᠬᠡᠯᠬᠢᠶ᠎ᠠ ᠢᠢ ᠦᠷᠭᠡᠳᠭᠡᠬᠦ; ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠡᠬᠦᠳᠦᠯᠳᠡ ᠪᠡᠷ ᠬᠦᠳᠡᠯᠬᠡᠬᠦᠷ ᠪᠤᠯᠭᠠᠬᠤ ᠢᠢ ᠴᠢᠩᠭᠠᠳᠬᠠᠵᠤ᠂ ᠤᠳᠤ ᠦᠶ᠎ᠠ ᠢᠢᠨ ᠬᠦᠳᠡᠬᠡ ᠠᠵᠥ ᠠᠬᠤᠢ ᠢᠢᠨ ᠲᠦᠷᠭᠡᠨ ᠬᠦᠭᠵᠢᠯᠳᠡ ᠢᠢ ᠬᠦᠳᠦᠯᠥᠨ ᠲᠠᠭᠠᠭᠤᠯᠬᠤ; ᠬᠦᠳᠡᠭᠡ ᠠᠵᠥ ᠠᠬᠤᠢ ᠬᠦᠳᠡᠭᠡ ᠲᠤᠰᠬᠤᠨ ᠤ ᠲᠤᠳᠠᠭᠤᠳᠠᠯ ᠢ ᠨᠦᠬᠦᠪᠦᠷᠢᠯᠡᠵᠥ᠂ ᠬᠦᠳᠡᠭᠡ ᠲᠤᠰᠬᠤᠨ ᠤ ᠬᠠᠮᠳᠤᠪᠡᠷ ᠡᠳ᠋ᠯᠡᠬᠦ ᠬᠦᠭᠵᠢᠯᠳᠡ ᠢᠢᠨ ᠰᠠᠭᠤᠷᠢ ᠢᠢ ᠪᠡᠬᠢᠵᠢᠬᠦᠯᠬᠦ; ᠬᠦᠳᠡᠭᠡ ᠲᠤᠰᠬᠤᠨ ᠤ ᠦᠭᠡᠷᠡᠴᠢᠯᠡᠯᠳᠡ ᠢᠢᠨ ᠡᠷᠴᠢᠮ ᠢ ᠴᠢᠩᠭᠠᠷᠠᠭᠤᠯᠵᠥ᠂ ᠬᠦᠳᠡᠭᠡ ᠠᠵᠥ ᠠᠬᠤᠢ ᠬᠦᠳᠡᠭᠡ ᠲᠤᠰᠬᠤᠨ ᠤ ᠬᠦᠭᠵᠢᠯᠳᠡ ᠢᠢᠨ ᠲᠤᠳᠤᠭᠠᠳᠤ ᠬᠦᠳᠡᠯᠬᠡᠬᠦ ᠬᠦᠴᠦᠨ ᠢ ᠬᠦᠭᠵᠢᠬᠡᠬᠦ ᠵᠡᠷᠬᠡ ᠪᠠᠭᠳᠠᠨ᠎ᠠ᠃

    ᠪᠢᠴᠢᠭ᠌ ᠮᠠᠲ᠋ᠧᠷᠢᠶᠠᠯ ᠳ᠋ᠤ᠂ ᠬᠦᠳᠡᠬᠡ ᠠᠵᠥ ᠠᠬᠤᠢ ᠢᠢᠨ ᠬᠠᠩᠭᠠᠯᠭ᠎ᠠ ᠢᠢᠨ ᠲᠠᠯ᠎ᠠ ᠢᠢᠨ ᠪᠦᠳᠦᠴᠡ ᠢᠢᠨ ᠴᠢᠨᠠᠷᠳᠠᠢ ᠦᠭᠡᠷᠡᠴᠢᠯᠡᠯᠳᠡ ᠢᠢ ᠠᠬᠢᠭᠤᠯᠬᠤ ᠳ᠋ᠤ᠂ ᠤᠯᠤᠰ ᠤᠨ ᠠᠮᠤ ᠪᠤᠳᠠᠭᠠᠨ ᠤ ᠠᠶᠤᠯᠬᠦᠢ ᠶᠢ ᠦᠨᠡᠨᠬᠦ ᠪᠠᠳᠤᠯᠠᠭᠰᠠᠠ ᠰᠠᠭᠤᠷᠢᠨ ᠲᠡᠭᠡᠷ᠎ᠠ ᠵᠠᠬ᠎ᠠ ᠵᠡᠬᠡᠯᠢ ᠶᠢᠨ ᠬᠡᠷᠡᠭᠴᠡᠭᠡᠨ ᠤ ᠬᠤᠪᠢᠷᠠᠯᠳᠡ ᠪᠡᠷ ᠭᠤᠤᠯᠳᠠᠭᠤᠯᠵᠥ᠂ ᠲᠠᠷᠢᠶᠠᠴᠢᠳ ᠤᠨ ᠤᠷᠤᠯᠭ᠎ᠠ ᠢᠢ ᠨᠡᠮᠡᠭᠳᠡᠬᠦᠯᠬᠦ᠂ ᠪᠦᠳᠦᠮᠵᠢᠳᠡᠢ ᠬᠠᠩᠭᠠᠯᠭ᠎ᠠ ᠢᠢ ᠪᠠᠳᠤᠯᠠᠬᠤ ᠪᠡᠷ ᠭᠤᠤᠯ ᠬᠠᠷᠠᠯᠳᠡ ᠪᠠᠨ ᠪᠤᠯᠭᠠᠨ᠂ ᠬᠦᠳᠡᠭᠡ ᠠᠵᠥ ᠠᠬᠤᠢ ᠢᠢᠨ ᠬᠠᠩᠭᠠᠯᠭ᠎ᠠ ᠢᠢᠨ ᠶᠠᠰᠤ ᠴᠢᠨᠠᠷ ᠢ ᠲᠡᠭᠡᠭᠰᠢᠯᠡᠬᠦᠯᠬᠦ ᠪᠡᠷ ᠭᠤᠤᠯ ᠰᠢᠪᠳᠤᠯᠬᠤ ᠴᠢᠭᠯᠡᠯ ᠵᠢᠡᠨ ᠪᠤᠯᠭᠠᠵᠥ᠂ ᠪᠠᠢᠢᠭᠤᠯᠤᠮᠵᠢ ᠢᠢᠨ ᠦᠭᠡᠷᠡᠴᠢᠯᠡᠯᠳᠡ ᠢᠢᠨ ᠪᠦᠳᠦᠴᠡ ᠢᠢᠨ ᠰᠢᠨ᠎ᠠ ᠵᠢ ᠡᠬᠦᠳᠬᠦ ᠪᠡᠷ ᠦᠨᠳᠦᠰᠦᠨ ᠠᠷᠭ᠎ᠠ ᠵᠠᠮ ᠵᠢᠡᠨ ᠪᠤᠯᠭᠠᠵᠥ᠂ ᠬᠦᠳᠡᠭᠡ ᠠᠵᠥ ᠠᠬᠤᠢ ᠢᠢᠨ ᠠᠵᠥ ᠦᠢᠯᠡᠰ ᠤᠨ ᠰᠢᠰᠲ᠋ᠧᠮ᠂ ᠦᠢᠯᠡᠳᠪᠤᠷᠢᠯᠡᠯ ᠤᠨ ᠰᠢᠰᠲ᠋ᠧᠮ ᠪᠤᠯᠤᠨ ᠡᠵᠡᠩᠨᠡᠯᠳᠡ ᠢᠢᠨ ᠰᠢᠰᠲ᠋ᠧᠮ ᠢ ᠰᠢᠯᠢᠳᠡᠭᠵᠢᠬᠦᠯᠵᠥ᠂ ᠭᠠᠵᠠᠷ ᠰᠢᠷᠤᠢ ᠢᠢᠨ ᠤᠨᠠᠯᠳᠠ ᠢᠢᠨ ᠨᠤᠷᠮ᠎ᠠ᠂ ᠡᠬᠢ ᠪᠠᠶᠠᠯᠢᠭ ᠤᠨ ᠠᠰᠢᠬᠯᠠᠯᠳᠡ ᠢᠢᠨ ᠨᠤᠷᠮ᠎ᠠ ᠪᠤᠯᠤᠨ ᠬᠦᠳᠡᠯᠮᠤᠷᠢ ᠦᠢᠯᠡᠳᠪᠤᠷᠢᠯᠡᠯ ᠤᠨ ᠨᠤᠷᠮ᠎ᠠ ᠢᠢ ᠲᠡᠭᠡᠭᠰᠢᠯᠡᠬᠦᠯᠵᠥ᠂ ᠬᠦᠳᠡᠭᠡ ᠠᠵᠥ ᠠᠬᠤᠢ ᠬᠦᠳᠡᠬᠡ ᠲᠤᠰᠬᠤᠨ ᠤ ᠬᠦᠭᠵᠢᠯᠳᠡ ᠢᠢᠨ ᠡᠬᠢ ᠪᠠᠶᠠᠯᠢᠭ ᠢ ᠬᠤᠷᠤᠭᠳᠠᠭᠤᠯᠬᠤ᠂ ᠲᠤᠭ᠎ᠠ ᠬᠡᠮᠵᠢᠶ᠎ᠠ ᠢᠢᠨ ᠬᠡᠷᠡᠭᠴᠡᠭᠡ ᠢᠢ ᠬᠠᠩᠭᠠᠬᠤ ᠳ᠋ᠤ ᠲᠦᠰᠢᠭᠯᠡᠵᠥ ᠪᠠᠢᠢᠭᠰᠠᠠ ᠡᠴᠡ ᠪᠤᠬᠢᠷᠳᠤᠯ ᠦᠭᠡᠢ ᠠᠮᠢ ᠠᠬᠤᠢ ᠢᠢᠨ ᠦᠷᠬᠦᠯᠵᠢᠯᠡᠬᠦ᠂ ᠶᠠᠰᠤ ᠴᠢᠨᠠᠷ ᠤᠨ ᠬᠡᠷᠡᠭᠴᠡᠭᠡ ᠢᠢ ᠤᠯᠠᠮ ᠢᠯᠡᠬᠦᠤ ᠠᠩᠬᠠᠷᠬᠤ ᠪᠤᠯᠭᠠᠨ ᠬᠤᠪᠢᠷᠠᠭᠤᠯᠬᠤ ᠬᠡᠷᠡᠭᠳᠡᠢ ᠬᠡᠵᠥ ᠵᠢᠭᠠᠪᠠ᠃

    ᠪᠢᠴᠢᠭ᠌ ᠮᠠᠲ᠋ᠧᠷᠢᠶᠠᠯ ᠳᠤ᠂ ᠬᠦᠳᠡᠭᠡ ᠠᠵᠦ ᠠᠬᠤᠢ ᠵᠢᠨ ᠬᠠᠨᠭᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠠᠬᠢᠭᠤᠯᠬᠤ ᠪᠤᠯ ᠤᠷᠲᠦ ᠬᠤᠭᠤᠴᠠᠭᠠᠨ ᠤ ᠶᠠᠪᠤᠴᠠ ᠮᠦᠨ᠂ ᠵᠠᠰᠠᠭ ᠤᠨ ᠤᠷᠳᠤᠨ ᠪᠤᠯᠤᠨ ᠵᠠᠬ᠎ᠠ ᠲᠡᠯᠭᠡᠭᠦᠷ ᠤᠨ ᠬᠠᠷᠢᠴᠠᠭ᠎ᠠ ᠵᠢ ᠰᠠᠢᠢᠲᠤᠷ ᠰᠢᠢᠳᠪᠤᠷᠢᠯᠡᠬᠦ᠂ ᠡᠯ᠎ᠠ ᠲᠠᠯ᠎ᠠ ᠵᠢᠨ ᠠᠰᠢᠭ ᠲᠤᠰᠠ ᠵᠢ ᠰᠠᠢᠢᠲᠤᠷ ᠵᠤᠬᠢᠴᠠᠭᠤᠯᠬᠤ ᠳᠦ ᠮᠠᠰᠢ ᠤᠯᠠᠨ ᠴᠢᠬᠤᠯᠠ ᠶᠡᠬᠡ ᠰᠢᠯᠭᠠᠯᠲᠠ ᠲᠤᠯᠭᠠᠷᠠᠵᠦ ᠪᠤᠢ᠃ ᠡᠷᠬᠡᠪᠰᠢ ᠬᠦᠴᠢᠷ ᠪᠡᠷᠬᠡᠰᠢᠶᠡᠯ ᠪᠤᠯᠤᠨ ᠦᠷᠢᠰᠦᠯᠳᠦᠭᠡᠨ ᠲᠡᠮᠡᠴᠡᠭᠡᠨ ᠳᠦ ᠰᠢᠭᠤᠳ ᠬᠠᠨᠳᠤᠵᠦ᠂ ᠦᠭᠡᠷᠡᠴᠢᠯᠡᠯᠲᠡ ᠵᠢ ᠭᠤᠢᠢᠪᠢᠰᠢ ᠦᠭᠡᠢ ᠠᠬᠢᠭᠤᠯᠵᠦ᠂ ᠦᠭᠡᠷᠡᠴᠢᠯᠡᠯᠲᠡ ᠵᠢᠨ ᠡᠪᠡᠷᠰᠢᠶᠡᠯ ᠢ ᠵᠤᠷᠢᠬᠲᠠᠢ ᠪᠡᠷ ᠲᠠᠭᠠᠭᠠᠵᠦ᠂ ᠦᠭᠡᠷᠡᠴᠢᠯᠡᠯᠲᠡ ᠵᠢᠨ ᠦᠪᠡᠷ ᠤᠨ ᠦᠷᠲᠡᠭ ᠢ ᠠᠯᠢ ᠴᠢᠳᠠᠬᠤ ᠪᠡᠷ ᠪᠠᠭᠠᠰᠬᠠᠵᠦ᠂ ᠦᠭᠡᠷᠡᠴᠢᠯᠡᠯᠲᠡ ᠵᠢᠨ ᠠᠶᠤᠯ ᠲᠦᠭᠰᠢᠭᠦᠷᠢ ᠵᠢ ᠢᠲᠡᠪᠬᠢᠲᠠᠢ ᠰᠡᠷᠭᠡᠢᠢᠯᠡᠵᠦ᠂ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠵᠢ ᠪᠠᠭᠤᠷᠠᠭᠤᠯᠬᠤ ᠦᠭᠡᠢ᠂ ᠲᠠᠷᠢᠶᠠᠴᠢᠳ ᠤᠨ ᠤᠷᠤᠯᠭ᠎ᠠ ᠵᠢ ᠨᠡᠮᠡᠭᠳᠡᠭᠦᠯᠬᠦ ᠬᠠᠨᠳᠤᠰᠢ ᠵᠢ ᠬᠤᠪᠢᠷᠠᠭᠤᠯᠬᠤ ᠦᠭᠡᠢ᠂ ᠬᠦᠳᠡᠭᠡ ᠲᠤᠰᠬᠤᠨ ᠤ ᠲᠤᠭᠲᠠᠭᠤᠨ ᠪᠠᠢᠢᠳᠠᠯ ᠳᠦ ᠠᠰᠠᠭᠤᠳᠠᠯ ᠭᠠᠷᠬᠤ ᠦᠭᠡᠢ ᠪᠠᠢᠢᠬᠤ ᠵᠢ ᠦᠨᠡᠨᠬᠦ ᠪᠠᠲᠤᠯᠠᠬᠤ ᠬᠡᠷᠡᠭᠲᠠᠢ ᠭᠡᠵᠦ ᠴᠢᠬᠤᠯᠠᠴᠢᠯᠠᠵᠠᠢ᠃

    《ᠤᠢᠢᠷ᠎ᠠ ᠵᠢᠨ ᠬᠡᠳᠦᠨ ᠵᠢᠯ ᠳᠦ ᠮᠠᠨ ᠤ ᠤᠯᠤᠰ ᠬᠦᠳᠡᠬᠡ ᠠᠵᠦ ᠠᠬᠤᠢ ᠵᠢᠨ ᠬᠦᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠬᠤ᠂ ᠪᠦᠲᠦᠴᠡ ᠵᠢ ᠲᠤᠬᠢᠷᠠᠭᠤᠯᠬᠤ᠂ ᠦᠭᠡᠷᠡᠴᠢᠯᠡᠯᠲᠡ ᠵᠢ ᠠᠬᠢᠭᠤᠯᠬᠤ ᠵᠡᠷᠭᠡ ᠲᠠᠯ᠎ᠠ ᠪᠡᠷ ᠢᠲᠡᠪᠬᠢᠲᠠᠢ ᠰᠦᠪᠡᠭᠴᠢᠯᠡᠯ ᠬᠢᠵᠠᠢ᠃ ᠬᠦᠳᠡᠭᠡ ᠠᠵᠦ ᠠᠬᠤᠢ ᠵᠢᠨ ᠬᠠᠨᠭᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠬᠢᠵᠦ ᠡᠬᠢᠯᠡᠨ ᠠᠬᠢᠯᠲᠠ ᠲᠠᠢ ᠪᠤᠯᠤᠭᠰᠠᠨ ᠪᠤᠯᠪᠠᠴᠤ ᠬᠦᠭᠵᠢᠯᠲᠡ ᠵᠢᠨ ᠬᠠᠷᠠᠯᠲᠠ ᠵᠢᠨ ᠲᠠᠯ᠎ᠠ ᠪᠡᠷ ᠲᠠᠬᠢᠨ ᠲᠦᠪᠯᠡᠷᠡᠭᠦᠯᠵᠦ᠂ ᠠᠵᠢᠯ ᠤᠨ ᠠᠷᠭ᠎ᠠ ᠵᠠᠮ ᠤᠨ ᠲᠠᠯ᠎ᠠ ᠪᠡᠷ ᠲᠠᠬᠢᠨ ᠴᠡᠭᠴᠡᠯᠡᠵᠦ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠠ ᠵᠢᠨ ᠲᠠᠯ᠎ᠠ ᠪᠡᠷ ᠲᠠᠬᠢᠨ ᠬᠦᠴᠦᠯᠡᠬᠦ ᠴᠢᠬᠤᠯᠠᠲᠠᠢ ᠪᠠᠢᠢᠨ᠎ᠠ》ᠬᠡᠳ ᠲᠦᠪ ᠤᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠳᠡᠳ᠋ ᠳᠠᠷᠤᠭ᠎ᠠ᠂ ᠲᠦᠪ ᠤᠨ ᠬᠦᠳᠡᠭᠡ ᠲᠤᠰᠬᠤᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠲᠠᠩ ᠷᠧᠨ ᠵᠢᠶᠡᠨ ᠪᠠᠰᠠ᠄《ᠭᠠᠭᠴᠠᠬᠦ ᠬᠦᠳᠡᠭᠡ ᠠᠵᠦ ᠠᠬᠤᠢ ᠵᠢᠨ ᠬᠠᠨᠭᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠠᠬᠢᠭᠤᠯᠬᠤ ᠡᠨᠡᠬᠦ ᠭᠤᠤᠯ ᠱᠤᠭᠤᠮ ᠢ ᠪᠠᠲᠦ ᠡᠵᠡᠮᠰᠢᠵᠦ᠂ ᠪᠦᠬᠦᠢᠢᠯᠡ ᠬᠠᠨᠭᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠳᠦ ᠰᠠᠢᠢᠲᠤᠷ ᠬᠤᠰᠢᠭᠤᠴᠢ ᠪᠤᠯᠵᠦ᠂ ᠲᠦᠰᠢᠭ ᠲᠤᠯᠭᠠᠭᠤᠷᠢ ᠬᠠᠨᠭᠭᠠᠪᠠᠯ ᠰᠠᠶ᠊ᠢ ᠬᠦᠳᠡᠭᠡ ᠠᠵᠦ ᠠᠬᠤᠢ ᠬᠦᠳᠡᠭᠡ ᠲᠤᠰᠬᠤᠨ ᠤ ᠬᠦᠭᠵᠢᠯᠲᠡ ᠵᠢ ᠰᠢᠨ᠎ᠠ ᠪᠠᠢᠢᠳᠠᠯ ᠲᠠᠢ ᠪᠤᠯᠭᠠᠵᠦ ᠴᠢᠳᠠᠨ᠎᠎ᠠ》ᠭᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120416366