ᠰᠢ ᠵᠢᠨ ᠫᠢᠩ᠄ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠪᠤᠳᠠᠳᠠᠢ ᠳᠦ ᠨᠠᠢᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ 2017-02-14 09:19

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠬᠡ   ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠠᠩᠬᠢ 13 ᠤ ᠦᠳᠡ ᠢᠢᠨ ᠡᠮᠦᠨ᠎ᠠ ᠲᠦᠪ ᠤᠨ ᠨᠠᠮ ᠤᠨ ᠰᠤᠷᠭᠠᠭᠤᠯᠢ ᠳ᠋ᠤ ᠰᠤᠷᠤᠯᠭ᠎ᠠ ᠡᠬᠢᠯᠡᠪᠡ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠵᠢᠨ ᠫᠢᠩ ᠰᠤᠷᠤᠯᠭ᠎ᠠ ᠡᠬᠢᠯᠡᠬᠦ ᠶᠤᠰᠤᠯᠠᠯ ᠲᠡᠭᠡᠷ᠎ᠠ ᠴᠢᠬᠤᠯᠠ ᠶᠠᠷᠢᠶ᠎ᠠ ᠲᠠᠯᠪᠢᠬᠤ ᠳ᠋ᠠᠭᠠᠨ᠂ ᠨᠠᠮ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠰᠠᠢᠢᠳᠤᠷ ᠲᠤᠤᠱᠯᠠᠭᠤᠯᠬᠤ ᠨᠢ ᠮᠠᠰᠢ ᠤᠯᠠᠨ ᠰᠢᠨ᠎ᠡ ᠲᠡᠤᠬᠡ ᠢᠢᠨ ᠤᠨᠴᠠᠯᠢᠭ ᠲᠠᠢ ᠠᠭᠤᠤ ᠶᠡᠬᠡ ᠲᠡᠮᠡᠴᠡᠯ᠂ ᠨᠠᠮ ᠤᠨ ᠪᠠᠢᠢᠭᠤᠯᠤᠯᠳᠠ ᠢᠢᠨ ᠰᠢᠨ᠎ᠠ ᠠᠭᠤᠤ ᠶᠡᠬᠡ ᠢᠨᠵᠧᠨ᠋᠋ᠧᠷᠢᠩ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠬᠡ ᠦᠢᠯᠡᠰ ᠢ ᠤᠷᠤᠭᠰᠢᠳᠠᠢ ᠲᠦᠯᠬᠢᠨ ᠠᠬᠢᠭᠤᠯᠬᠤ ᠳ᠋ᠤ ᠴᠢᠬᠤᠯᠠ ᠶᠡᠬᠡ ᠪᠦᠭᠡᠳ ᠠᠯᠤᠰ ᠬᠡᠳᠤ ᠢᠢᠨ ᠠᠴᠢ ᠬᠤᠯᠪᠤᠭᠳᠠᠯ ᠲᠠᠢ ᠶᠤᠮ᠃ ᠨᠠᠮ ᠤᠨ ᠲᠦᠪ ᠬᠤᠷᠢᠶᠠ ᠡᠴᠡ ᠲᠤᠰ ᠬᠤᠭᠤᠴᠠᠭᠠᠨ ᠤ ᠰᠤᠳᠤᠯᠤᠨ ᠶᠠᠷᠢᠯᠴᠠᠬᠤ ᠠᠩᠬᠢ ᠢᠢ ᠡᠷᠬᠢᠯᠡᠭᠰᠡᠡ ᠤ ᠵᠤᠷᠢᠯᠭ᠎ᠠ ᠪᠤᠯ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠡᠨᠡᠬᠦ ᠲᠠᠪᠬᠤᠷᠭ᠎ᠠ ᠳ᠋ᠤ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠬᠦᠨᠵᠡᠬᠡᠢ ᠤᠢᠢᠯᠠᠭᠠᠭᠤᠯᠵᠥ᠂ ᠨᠡᠪᠳᠡᠷᠡᠳᠡᠯ᠎ᠠ ᠤᠢᠢᠯᠠᠭᠠᠭᠤᠯᠵᠥ᠂《ᠪᠠᠷᠢᠮᠵᠢᠶ᠎ᠠ》᠂《ᠲᠦᠷᠢᠮ》  ᠤᠨ ᠡᠯ᠎ᠠ ᠵᠦᠢᠯ ᠤᠨ ᠲᠤᠭᠳᠠᠭᠠᠯ ᠢ ᠨᠠᠷᠢᠨ ᠡᠵᠡᠮᠰᠢᠬᠦᠯᠵᠥ᠂ ᠤᠨᠤᠪᠴᠢᠳᠠᠢ ᠡᠵᠡᠮᠰᠢᠬᠦᠯᠵᠥ᠂ ᠮᠤᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠦᠵᠡᠯ ᠰᠠᠨᠠᠭ᠎ᠠ᠂ ᠦᠢᠯᠡ ᠠᠵᠢᠯᠯᠠᠭ᠎ᠠ ᠪᠡᠷ ᠪᠦᠬᠦ ᠨᠠᠮ ᠤᠨ ᠲᠤᠤᠱᠯᠠᠭᠤᠯᠤᠨ ᠨᠠᠢᠢᠳᠠᠪᠤᠷᠢᠵᠢᠭᠤᠯᠬᠤ ᠢᠢ ᠲᠠᠢᠢᠴᠢᠯᠠᠵᠥ᠂ ᠲᠤᠪᠤᠢᠢᠮ᠎ᠠ ᠠᠰᠠᠭᠤᠳᠠᠯ ᠢ ᠰᠢᠢᠳᠪᠤᠷᠢᠯᠡᠬᠦ ᠪᠡᠷ ᠰᠢᠪᠳᠤᠯᠤᠯᠳᠡ ᠪᠤᠯᠤᠨ ᠭᠤᠤᠯ ᠠᠳᠬᠤᠴᠠ ᠪᠤᠯᠭᠠᠵᠥ᠂ ᠪᠦᠬᠦᠳᠡ ᠬᠤᠷᠠᠯ ᠤᠨ ᠵᠤᠷᠢᠭ ᠰᠠᠨᠠᠭ᠎ᠠ ᠢᠢ ᠪᠤᠳᠠᠳᠠᠢ ᠳᠦ ᠨᠠᠢᠢᠳᠠᠪᠤᠷᠢᠵᠢᠭᠤᠯᠬᠤ ᠢᠢᠨ ᠲᠦᠯᠥᠬᠡ ᠶᠤᠮ ᠬᠡᠵᠥ ᠴᠢᠬᠤᠯᠠᠴᠢᠯᠠᠪᠠ᠃

    ᠰᠤᠷᠤᠯᠭ᠎ᠠ ᠡᠬᠢᠯᠡᠬᠦ ᠶᠤᠰᠤᠯᠠᠯ ᠢ ᠨᠠᠮ ᠤᠨ ᠲᠦᠪ ᠬᠤᠷᠢᠶᠠᠨ ᠤ ᠤᠯᠤᠰ ᠲᠦᠷᠦ ᠢᠢᠨ ᠲᠤᠪᠴᠢᠶᠠᠨ ᠤ ᠪᠠᠢᠢᠩᠭᠤ ᠢᠢᠨ ᠬᠡᠰᠢᠬᠦᠨ ᠯᠢ ᠺᠧ ᠴᠢᠶᠠᠩ ᠡᠷᠬᠢᠯᠡᠵᠥ᠂ ᠨᠠᠮ ᠤᠨ ᠲᠦᠪ ᠬᠤᠷᠢᠶᠠᠨ ᠤ ᠤᠯᠤᠰ ᠲᠦᠷᠦ ᠢᠢᠨ ᠲᠤᠪᠴᠢᠶᠠᠨ ᠤ ᠪᠠᠢᠢᠩᠭᠤ ᠢᠢᠨ ᠬᠡᠰᠢᠬᠦᠨ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ ᠨᠠᠷ ᠬᠤᠷᠠᠯ ᠳ᠋ᠤ ᠤᠷᠤᠯᠴᠠᠪᠠ᠃

    ᠰᠢ ᠵᠢᠨ ᠫᠢᠩ ᠶᠠᠷᠢᠶᠠᠨ ᠳ᠋ᠠᠭᠠᠨ᠂ ᠮᠠᠨ ᠤ ᠨᠠᠮ ᠮᠠᠷᠺᠰ ᠤᠨ ᠦᠵᠡᠯ ᠤᠨ ᠲᠦᠷᠦ ᠢᠢᠨ ᠨᠠᠮ ᠪᠤᠯᠤᠭᠰᠠᠠ ᠤ ᠬᠤᠪᠢ ᠳ᠋ᠤ᠂ ᠡᠷᠬᠡᠪᠰᠢ ᠲᠤᠭ ᠲᠡᠮᠳᠡᠭ ᠲᠤᠳᠤᠷᠬᠠᠢ ᠪᠡᠷ ᠤᠯᠤᠰ ᠲᠦᠷᠦ ᠢᠢ ᠡᠷᠬᠢᠮᠯᠡᠵᠥ᠂ ᠨᠠᠮ ᠤᠨ ᠲᠤᠳᠤᠭᠠᠳᠤ ᠢᠢᠨ ᠤᠯᠤᠰ ᠲᠦᠷᠦ ᠢᠢᠨ ᠠᠮᠢᠳᠤᠷᠠᠯ ᠢ ᠲᠦᠪ ᠴᠢᠩᠭ᠎ᠠ ᠨᠠᠷᠢᠨ ᠬᠢᠨᠠᠮᠠᠭᠠᠢ ᠦᠷᠨᠢᠬᠦᠯᠬᠦ ᠬᠡᠷᠡᠭᠳᠡᠢ ᠬᠡᠳᠡᠭ ᠢ ᠲᠡᠤᠬᠡ ᠢᠢᠨ ᠲᠤᠷᠰᠢᠯᠭ᠎ᠠ ᠬᠠᠷᠠᠭᠤᠯᠤᠭᠰᠠᠠ ᠪᠠᠢᠢᠨ᠎ᠠ᠃ ᠤᠯᠤᠰ ᠲᠦᠷᠦ ᠢᠢ ᠡᠷᠬᠢᠮᠯᠡᠬᠦ ᠪᠤᠯ ᠮᠠᠨ ᠤ ᠨᠠᠮ ᠤᠨ ᠺᠠᠯᠼ ᠨᠦᠬᠦᠪᠦᠷᠢᠯᠡᠵᠥ᠂ ᠪᠡᠶ᠎ᠠ ᠴᠤᠭᠴᠠᠰ ᠢᠶᠡᠨ ᠴᠢᠬᠢᠷᠠᠭᠵᠢᠭᠤᠯᠬᠤ ᠦᠨᠳᠦᠰᠦᠨ ᠪᠠᠳᠤᠯᠠᠭ᠎ᠠ ᠮᠥᠨ᠂ ᠮᠠᠨ ᠤ ᠨᠠᠮ ᠤᠨ ᠦᠪᠡᠷ ᠤᠨ ᠪᠡᠶ᠎ᠠ ᠳ᠋ᠡᠬᠡᠨ ᠬᠤᠪᠢᠰᠬᠠᠯ ᠬᠢᠬᠦ ᠰᠦᠰᠦ ᠵᠤᠷᠢᠭ ᠢ ᠬᠦᠮᠥᠵᠢᠬᠦᠯᠬᠦ᠂ ᠦᠪᠡᠷ ᠢ ᠪᠡᠨ ᠴᠡᠪᠡᠷᠰᠢᠬᠦᠯᠬᠦ ᠴᠢᠳᠠᠪᠤᠷᠢ ᠢᠢ ᠴᠢᠩᠭᠠᠷᠠᠭᠤᠯᠬᠤ᠂ ᠬᠤᠤᠷ ᠢ ᠠᠷᠢᠯᠭᠠᠨ ᠪᠠᠺᠲ᠋ᠧᠷᠢ ᠢᠢ ᠤᠰᠠᠳᠬᠠᠬᠤ ᠤᠯᠤᠰ ᠲᠦᠷᠦ ᠢᠢᠨ ᠦᠯᠥ ᠬᠠᠯᠳᠠᠭᠠᠬᠤ ᠴᠢᠳᠠᠯ ᠢ ᠲᠡᠭᠡᠭᠰᠢᠯᠡᠬᠦᠯᠬᠦ ᠦᠨᠳᠦᠰᠦᠨ ᠠᠷᠭ᠎ᠠ ᠵᠠᠮ ᠮᠥᠨ᠃ ᠬᠡᠵᠢᠶ᠎ᠠ ᠴᠤ ᠪᠦᠬᠦ ᠨᠠᠮ ᠢᠶᠡᠷ ᠢᠶᠡᠨ ᠤᠯᠤᠰ ᠲᠦᠷᠦ ᠢᠢ ᠡᠷᠬᠢᠮᠯᠡᠵᠥ᠂ ᠨᠠᠮ ᠤᠨ ᠲᠤᠳᠤᠭᠠᠳᠤ ᠢᠢᠨ ᠤᠯᠤᠰ ᠲᠦᠷᠦ ᠢᠢᠨ ᠠᠮᠢᠳᠤᠷᠠᠯ ᠬᠡᠪ ᠤᠨ ᠶᠤᠰᠤᠭᠠᠷ ᠡᠷᠡᠬᠦᠯ ᠪᠤᠯᠪᠠᠯ ᠮᠠᠨ ᠤ ᠨᠠᠮ ᠳᠠᠷᠤᠢ ᠰᠤᠷᠳᠠᠯ ᠴᠢᠭᠡᠴᠢ ᠤᠪᠤᠷ ᠲᠦᠪ᠂ ᠪᠦᠯᠬᠦᠮᠳᠡᠯ ᠨᠢᠬᠡᠳᠤᠯᠳᠡᠢ ᠪᠤᠯᠵᠤ᠂ ᠠᠮᠢᠵᠢᠷᠠᠯ ᠤᠨ ᠬᠦᠴᠦᠨ ᠪᠢᠯᠬᠠᠵᠥ᠂ ᠨᠠᠮ ᠤᠨ ᠦᠢᠯᠡᠰ ᠦᠷᠨᠢᠨ ᠬᠦᠭᠵᠢᠬᠦ ᠪᠤᠯᠤᠨ᠎ᠠ; ᠡᠬᠦᠨ ᠲᠠᠢ ᠡᠰᠡᠷᠬᠦ ᠪᠤᠯᠪᠠᠯ ᠠᠷᠬᠠᠭ ᠭᠡᠮ ᠡᠭᠦᠰᠴᠤ᠂ ᠬᠦᠮᠥᠰ ᠤᠨ ᠰᠠᠨᠠᠭ᠎ᠠ ᠰᠡᠳᠬᠢᠯ ᠰᠠᠮᠠᠭᠤᠷᠠᠵᠥ᠂ ᠲᠡᠮᠡᠴᠡᠯ ᠤᠨ ᠵᠤᠷᠢᠭ ᠢᠶᠡᠨ ᠠᠯᠳᠠᠵᠥ᠂ ᠡᠯ᠎ᠠ ᠵᠦᠢᠯ ᠤᠨ ᠪᠤᠷᠤᠭᠤ ᠦᠵᠡᠯ ᠰᠠᠨᠠᠭ᠎ᠠ ᠢᠢ ᠴᠠᠭ ᠲᠤᠬᠠᠢ ᠳ᠋ᠤᠨᠢ ᠵᠠᠯᠠᠷᠠᠭᠤᠯᠵᠥ ᠴᠢᠳᠠᠬᠤ ᠦᠭᠡᠢ ᠪᠤᠯᠤᠭᠠᠳ ᠨᠠᠮ ᠤᠨ ᠦᠢᠯᠡᠰ ᠲᠦ ᠬᠦᠨᠳᠦ ᠨᠤᠴᠢᠲᠠᠢ ᠬᠤᠬᠢᠷᠠᠯ ᠤᠴᠠᠷᠠᠭᠤᠯᠬᠤ ᠪᠤᠯᠤᠨ᠎ᠠ᠃ ᠨᠠᠮ ᠤᠨ ᠲᠡᠭᠡᠳᠤ ᠵᠡᠷᠬᠡ ᠢᠢᠨ ᠤᠳᠤᠷᠢᠳᠬᠤ ᠺᠠᠳ᠋ᠷ ᠤᠯᠤᠰ ᠲᠦᠷᠦ ᠢᠢᠨ ᠴᠢᠳᠠᠪᠤᠷᠢ ᠪᠡᠨ ᠲᠡᠭᠡᠭᠰᠢᠯᠡᠬᠦᠯᠬᠦ ᠢᠢ ᠠᠩᠬᠠᠷᠴᠦ᠂ ᠤᠯᠤᠰ ᠲᠦᠷᠦ ᠢᠢᠨ ᠬᠦᠰᠡᠯᠡᠩ ᠢ ᠪᠠᠳᠤ ᠪᠤᠢ ᠪᠤᠯᠭᠠᠵᠥ᠂ ᠤᠯᠤᠰ ᠲᠦᠷᠦ ᠢᠢᠨ ᠴᠢᠭᠯᠡᠯ ᠢ ᠵᠦᠪ ᠡᠵᠡᠮᠰᠢᠵᠥ᠂ ᠤᠯᠤᠰ ᠲᠦᠷᠦ ᠢᠢᠨ ᠵᠤᠭᠰᠤᠯᠳᠠ ᠪᠡᠨ ᠡᠷᠡᠰ ᠪᠠᠲᠤᠳᠬᠠᠵᠤ᠂ ᠤᠯᠤᠰ ᠲᠦᠷᠦ ᠢᠢᠨ ᠰᠠᠬᠢᠯᠭ᠎ᠠ ᠪᠠᠳᠤ ᠢᠢ ᠴᠢᠩᠭ᠎ᠠ ᠰᠠᠬᠢᠵᠥ᠂ ᠤᠯᠤᠰ ᠲᠦᠷᠦ ᠢᠢᠨ ᠪᠤᠯᠪᠠᠰᠤᠷᠠᠯ ᠢᠶᠡᠨ ᠴᠢᠩᠭᠠᠳᠬᠠᠵᠥ᠂ ᠤᠯᠤᠰ ᠲᠦᠷᠦ ᠢᠢᠨ ᠲᠤᠷᠰᠢᠯᠭ᠎ᠠ ᠢᠢ ᠬᠤᠷᠠᠮᠳᠤᠭᠤᠯᠵᠥ᠂ ᠤᠬᠠᠮᠰᠠᠷ ᠡᠴᠡ ᠪᠡᠨ ᠤᠯᠤᠰ ᠲᠦᠷᠦ ᠢᠢ ᠡᠷᠬᠢᠮᠯᠡᠬᠦ ᠢᠢ ᠨᠠᠮᠴᠢ ᠴᠢᠨᠠᠷ ᠤᠨ ᠪᠤᠯᠪᠠᠰᠤᠷᠠᠯ ᠤᠨ ᠪᠦᠬᠦ ᠶᠠᠪᠤᠴᠠ ᠳ᠋ᠤ ᠲᠤᠤᠱᠯᠠᠭᠤᠯᠵᠥ᠂ ᠦᠪᠡᠷ ᠤᠨ ᠢᠶᠡᠨ ᠤᠯᠤᠰ ᠲᠦᠷᠦ ᠢᠢᠨ ᠴᠢᠳᠠᠪᠤᠷᠢ ᠪᠡᠨ ᠡᠬᠦᠷᠬᠡᠯᠡᠬᠦ ᠬᠡᠷᠡᠭᠳᠡᠢ ᠬᠡᠵᠥ ᠴᠢᠬᠤᠯᠠᠴᠢᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
010070230030000000000000011120701120461690