蒙古文网站Logo
ᠰᠢᠨᠬᠤᠸᠠ ᠮᠤᠩᠭ᠋ᠤᠯ ᠨᠧᠲ

ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠡᠩ ᠭᠤᠶᠤᠵᠢᠪᠠᠢ

2017-05-02 13:21

ᠤᠯᠠᠭᠠᠨᠬᠤᠲᠠ ᠳ᠋ᠡᠬᠢ ᠴᠢᠩᠬᠢᠰ ᠬᠠᠭᠠᠨ ᠤ ᠰᠦᠮ᠎ᠡ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ )

    ᠰᠢᠨᠬᠤᠸᠠ ᠬᠤᠷᠢᠶ᠎ᠠ  ᠬᠦᠬᠡᠬᠤᠲᠠ ᠶᠢᠨ 5 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠿᠧᠨ ᠬᠤ᠂ ᠶᠢᠨ ᠶᠤᠤ᠂ ᠿᠧᠨ ᠡᠾᠦ᠋ᠢ ᠪᠢᠨ ) ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠡᠩ ᠭᠤᠶᠤᠵᠢᠪᠠᠢ

    — ᠮᠠᠨ ᠤ ᠤᠯᠤᠰ ᠤᠨ ᠤᠤᠭᠠᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠪᠠ

    ᠤᠮᠠᠷᠠᠳᠤ ᠬᠢᠯᠢ ᠶᠢᠨ 5 ᠰᠠᠷ᠎ᠠ ᠳᠤ᠂ ᠶᠡᠭᠡ ᠬᠢᠩᠭ᠋ᠠᠨ ᠲᠠᠪᠠᠭ᠎ᠠ ᠶᠢᠨ ᠡᠮᠤᠨ᠎ᠡ ᠪᠡᠯ ᠳᠤ ᠪᠠᠶᠢᠷᠢᠰᠢᠭ᠎ᠠ ᠤᠯᠠᠭᠠᠨᠬᠤᠳᠠ ᠬᠠᠪᠤᠷ ᠤᠨ ᠦᠩᠬᠡ ᠪᠠᠷ ᠪᠢᠯᠬᠠᠨ᠎ᠠ᠃ ᠬᠦᠬᠡᠷᠡᠨ ᠨᠤᠭᠤᠭᠠᠷᠠᠬᠤ ᠮᠤᠳᠤᠳ ᠪᠤᠯᠤᠨ ᠰᠤᠷᠭᠤᠭ ᠴᠡᠴᠡᠭ ᠤᠨ ᠲᠤᠤᠷ᠎ᠠ᠂ ᠬᠦᠬᠡ ᠸᠠᠭᠠᠷ ᠤᠨ ᠬᠤᠶᠠᠷ ᠲᠠᠪᠬᠤᠷᠯᠢᠭ ᠶᠤᠰᠤᠯᠠᠯ ᠤᠨ ᠲᠠᠩᠬᠢᠮ ᠬᠦᠮᠥᠰ ᠤᠨ ᠠᠩᠬᠠᠷᠤᠯ ᠢ ᠤᠨᠴᠠᠭᠠᠢ ᠲᠠᠳᠠᠨ᠎ᠠ᠃ ᠡᠨᠡ ᠪᠤᠯ ᠠᠯᠳᠠᠷᠳᠤ 《ᠲᠠᠪᠦ ᠨᠢᠬᠡ ᠶᠢᠨ ᠬᠤᠷᠠᠯ ᠤᠨ ᠭᠠᠵᠠᠷ》 ᠪᠤᠯᠤᠨ᠎ᠠ — ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ᠂ 1947 ᠤᠨ ᠤ 5 ᠰᠠᠷ᠎ᠠ ᠶᠢᠨ 1 ᠤ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠳᠡ ᠪᠠᠶᠢᠭᠤᠯᠤᠭᠳᠠᠭᠰᠠᠠ ᠢᠶᠠᠨ ᠲᠤᠩᠬᠠᠭᠯᠠᠪᠠ᠃

    ᠦᠩᠬᠡᠷᠡᠭᠰᠡᠨ ᠢᠶᠠᠨ ᠡᠷᠬᠢᠴᠡᠭᠦᠯᠬᠦᠶ᠎ᠠ ᠬᠦᠴᠢᠷ ᠪᠡᠷᠬᠡᠰᠢᠶᠡᠯ ᠤᠯᠠᠨ᠂ ᠦᠨᠦᠳᠤᠷ ᠢᠶᠠᠨ ᠪᠠᠷᠠᠯᠠᠬᠤᠶ᠎ᠠ ᠠᠮᠵᠢᠯᠳᠠ ᠪᠦᠲᠦᠮᠵᠢ ᠦᠯᠡᠮᠵᠢ᠃ 70 ᠵᠢᠯ ᠤᠨ ᠲᠤᠷᠰᠢ᠂ ᠤᠨᠴᠠᠭᠠᠢᠢᠯᠠᠨ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠡᠷᠡᠰ ᠭᠤᠶᠢᠪᠢᠰᠢ ᠦᠭᠡᠢ ᠬᠡᠷᠡᠭᠵᠢᠬᠦᠯᠵᠥ᠂ ᠦᠨᠳᠦᠰᠦᠳᠡᠨ ᠨᠦᠭᠦᠳ ᠪᠦᠯᠬᠦᠮᠳᠡᠵᠥ᠂ ᠠᠵᠥ ᠠᠬᠤᠢ ᠬᠦᠭ᠍ᠵᠢᠨ᠂ ᠨᠡᠶᠢᠭᠡᠮ ᠲᠤᠭᠳᠠᠭᠤᠨ᠂ ᠰᠤᠶᠤᠯ ᠴᠡᠴᠡᠭᠯᠡᠵᠥ᠂ ᠦᠩᠭᠡ ᠦᠵᠡᠮᠵᠢ ᠰᠦᠷᠯᠢᠭ᠌᠌ ᠰᠠᠶᠢᠬᠠᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠤᠭᠰᠠᠠ ᠪᠠᠶᠢᠨ᠎ᠠ᠃

    ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠤ ᠰᠢᠯᠢᠳᠡᠭ ᠠᠮᠵᠢᠯᠳᠠ ᠪᠦᠳᠦᠮᠵᠢ ᠤᠯᠪᠠ

    ᠦᠪᠤᠷ ᠮᠤᠩᠭᠤᠯ ᠳᠤ ᠤᠯᠠᠨ ᠦᠨᠳᠦᠰᠦᠳᠡᠨ ᠲᠠᠢ᠂ ᠤᠳᠤᠬᠠᠨ ᠳᠤ 55 ᠦᠨᠳᠦᠰᠦᠳᠡᠨ ᠠᠵᠥ ᠲᠦᠷᠦᠨ ᠠᠮᠢᠳᠤᠷᠠᠵᠤ ᠪᠠᠶᠢᠨ᠎ᠠ᠂ 2511 ᠲᠦᠮᠡᠨ ᠬᠦᠮᠥᠨ ᠠᠮᠠ ᠶᠢᠨ ᠲᠤᠳᠤᠷ᠎ᠠ ᠴᠦᠭᠡᠨ ᠲᠤᠭᠠᠳᠤ ᠦᠨᠳᠦᠰᠦᠳᠡᠨ ᠤ ᠬᠦᠮᠥᠨ ᠠᠮᠠ 551 ᠲᠦᠮᠡ ᠬᠦᠷᠴᠤ ᠪᠤᠢ᠂ ᠮᠤᠩᠭᠤᠯ ᠦᠨᠳᠦᠰᠦᠳᠡᠨ ᠤ ᠬᠦᠮᠥᠨ ᠠᠮᠠ ᠪᠠᠷᠤᠭ 462 ᠲᠦᠮᠡ ᠪᠤᠢ᠃ ᠤᠯᠠᠨ ᠵᠢᠯ ᠤᠨ ᠲᠤᠷᠰᠢ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠠᠮ ᠤᠨ ᠦᠨᠳᠦᠰᠦᠳᠡᠨ ᠤ ᠲᠤᠬᠠᠢ ᠲᠦᠷᠦ ᠶᠢᠨ ᠪᠤᠳᠤᠯᠭ᠎ᠠ ᠪᠤᠯᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠵᠡᠷᠬᠡ ᠦᠨᠳᠦᠰᠦᠳᠡᠨ ᠤ ᠤᠷᠤᠨ ᠤ ᠬᠠᠤᠯᠢ ᠴᠠᠭᠠᠵᠠ ᠬᠠᠤᠯᠢ ᠲᠦᠷᠢᠮ ᠢ ᠴᠢᠩᠭ᠋᠎ᠠ ᠬᠡᠷᠡᠭᠵᠢᠬᠦᠯᠵᠥ᠂ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠡᠷᠬᠡ ᠠᠰᠢᠭ ᠢ ᠦᠨᠡᠨᠬᠦ ᠪᠠᠳᠤᠯᠠᠵᠠᠢ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠲᠤᠸᠠᠨ ᠶᠢᠩ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤᠷᠢᠳ ᠬᠤᠵᠢᠳ ᠤᠷᠴᠤᠨ᠂ ᠡᠸᠠᠩᠭᠢ᠂ ᠳᠠᠭᠤᠷ ᠵᠡᠷᠭᠡ 3 ᠴᠦᠬᠡᠨ ᠲᠤᠭᠠᠲᠦ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠪᠤᠯᠤᠨ 18 ᠦᠨᠳᠦᠰᠦᠲᠡᠨ ᠤ ᠰᠢᠶᠠᠩ ᠢ ᠪᠠᠶᠢᠭᠤᠯᠪᠠ︔ ᠨᠤᠲᠤᠭ ᠪᠡᠯᠴᠢᠭᠡᠷ ᠤᠨ ᠬᠠᠮᠢᠶᠠᠷᠤᠯᠲᠠ᠂ ᠦᠨᠳᠦᠰᠦᠲᠡᠨ ᠤ ᠰᠤᠷᠭᠠᠨ ᠬᠦᠮᠦᠵᠢᠯ᠂ ᠮᠤᠩᠭᠤᠯ ᠡᠮ ᠡᠮᠨᠡᠯᠬᠡ ᠵᠡᠷᠭᠡ ᠶᠢᠨ ᠲᠤᠬᠠᠢ ᠠᠯᠢ ᠤᠯᠠᠨ ᠬᠠᠤᠯᠢ ᠳᠦᠷᠢᠮ ᠪᠠ ᠬᠠᠤᠯᠢ ᠲᠤᠭᠳᠠᠭᠠᠯ ᠢ ᠲᠤᠭᠳᠠᠭᠠᠨ ᠨᠡᠶᠢᠳᠡᠯᠡᠵᠤ᠂ ᠦᠨᠳᠦᠰᠦᠲᠡᠨ ᠤ ᠲᠤᠬᠠᠢ ᠬᠠᠤᠯᠢ ᠳᠦᠷᠢᠮ ᠤᠨ ᠰᠢᠰᠲ᠋ᠧᠮ ᠡᠳᠦᠷ ᠠᠴᠠ ᠡᠳᠦᠷ ᠲᠡᠭᠦᠯᠳᠡᠷᠵᠢᠪᠡ︔ ᠴᠦᠬᠡᠨ ᠲᠤᠭᠠᠲᠦ ᠦᠨᠳᠦᠰᠦᠲᠡᠨ ᠤ ᠦᠭᠡ ᠬᠡᠯᠡ ᠦᠰᠦᠭ ᠪᠢᠴᠢᠭ᠌᠂ ᠠᠮᠢᠳᠤᠷᠠᠯ ᠤᠨ ᠠᠷᠭ᠎ᠠ ᠬᠡᠯᠪᠡᠷᠢ᠂ ᠵᠠᠩ ᠦᠢᠯᠡ᠂ ᠱᠠᠰᠢᠨ ᠰᠢᠳᠦᠯᠭᠡ ᠵᠡᠷᠭᠡ ᠶᠢ ᠭᠦᠢᠴᠡᠳ ᠬᠦᠨᠳᠦᠳᠭᠡᠵᠤ᠂ ᠬᠤᠲᠠ ᠶᠢᠨ ᠴᠦᠬᠡᠨ ᠲᠤᠭᠠᠲᠦ ᠦᠨᠳᠦᠰᠦᠲᠡᠨ ᠤ ᠲᠤᠬᠠᠢ ᠦᠢᠯᠡᠴᠢᠯᠡᠭᠡ ᠶᠢᠨ ᠰᠢᠰᠲ᠋ᠧᠮ ᠡᠳᠦᠷ ᠢᠷᠡᠬᠦᠶ᠎ᠠ ᠲᠡᠭᠦᠯᠳᠡᠷᠵᠢᠪᠡ᠃ ᠡᠳᠡᠭᠡᠷ ᠠᠷᠭ᠎ᠠ ᠬᠡᠮᠵᠢᠶ᠎ᠠ ᠨᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠡᠷᠬᠡ ᠶᠢ ᠪᠦᠲᠦᠮᠵᠢᠲᠠᠢ ᠪᠠᠲᠤᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠤᠯᠢᠯᠴᠠᠭ᠎ᠠ ᠪᠠ ᠬᠠᠷᠢᠯᠴᠠᠨ ᠠᠭᠤᠰᠤᠯᠴᠠᠬᠤ᠂ ᠬᠠᠮᠲᠦᠪᠡᠷ ᠴᠡᠴᠡᠭᠯᠡᠨ ᠬᠦᠭ᠍ᠵᠢᠬᠦ ᠰᠠᠭᠤᠷᠢ ᠶᠢ ᠪᠠᠬᠢᠵᠢᠭᠦᠯᠵᠠᠢ ᠭᠡᠵᠤ ᠬᠡᠯᠡᠪᠡ᠃

    ᠦᠪᠦᠷ ᠮᠤᠩᠭᠤᠯ ᠴᠦᠬᠡᠨ ᠲᠤᠭᠠᠳᠦ ᠦᠨᠳᠦᠰᠦᠲᠡᠨ ᠤ ᠺᠠᠳ᠋ᠷ ᠢ ᠰᠤᠩᠭᠤᠨ ᠳᠡᠪᠰᠢᠭᠦᠯᠬᠦ᠂ ᠬᠦᠮᠦᠵᠢᠭᠦᠯᠬᠦ᠂ ᠬᠡᠷᠡᠭᠯᠡᠬᠦ ᠲᠤᠭᠳᠠᠴᠠ ᠶᠢ ᠲᠡᠭᠦᠯᠳᠡᠷᠵᠢᠭᠦᠯᠵᠤ᠂ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠨᠠᠶᠢᠳᠠᠪᠤᠷᠢᠵᠢᠭᠤᠯᠬᠤ ᠳᠤ ᠬᠦᠴᠦᠲᠠᠢ ᠲᠤᠯᠭᠠᠭᠤᠷᠢᠯᠠᠯ ᠬᠠᠩᠭ᠋ᠠᠪᠠ᠃ ᠤᠳᠤᠬᠠᠨ ᠳᠤ ᠪᠦᠬᠦ ᠤᠷᠤᠨ ᠤ ᠴᠦᠬᠡᠨ ᠲᠤᠭᠠᠲᠦ ᠦᠨᠳᠦᠰᠦᠲᠡᠨ ᠤ ᠺᠠᠳ᠋ᠷ ᠪᠠᠷᠤᠭ 6.8 ᠲᠦᠮᠡᠨ ᠬᠦᠮᠦᠨ ᠪᠠᠶᠢᠵᠤ᠂ ᠺᠠᠳ᠋ᠷ ᠤᠨ ᠶᠡᠷᠤᠩᠬᠡᠢ ᠲᠤᠭᠠᠨ ᠤ 33% ᠤᠷᠴᠢᠮ ᠢ ᠡᠵᠡᠯᠡᠵᠤ ᠪᠤᠢ᠂ ᠡᠭᠦᠨ ᠤ ᠳᠤᠳᠤᠷ᠎ᠠ ᠮᠤᠵᠢ ᠶᠠᠮᠤᠨ ᠤ ᠳᠡᠰ ᠤᠨ᠂ ᠲᠤᠰᠬᠠᠢ ᠤᠷᠤᠨ ᠪᠠ ᠲᠢᠩᠭᠢᠮ ᠤᠨ ᠳᠡᠰ ᠤᠨ᠂ ᠰᠢᠶᠠᠨ ᠪᠠ ᠭᠠᠵᠠᠷ ᠤᠨ ᠳᠡᠰ ᠤᠨ ᠴᠦᠬᠡᠨ ᠲᠤᠭᠠᠲᠦ ᠦᠨᠳᠦᠰᠦᠲᠡᠨ ᠤ ᠺᠠᠳ᠋ᠷ ᠲᠤᠰᠪᠤᠷᠢ 41.67%᠂ 33.72% ᠪᠤᠯᠤᠨ 30% ᠢ᠋ ᠡᠵᠡᠯᠡᠵᠤ᠂ ᠴᠦᠬᠡᠨ ᠲᠤᠭᠠᠲᠦ ᠦᠨᠳᠦᠰᠦᠲᠡᠨ ᠤ ᠬᠦᠮᠦᠨ ᠠᠮᠠ ᠶᠢᠨ ᠬᠠᠷᠢᠴᠠᠯ ᠠᠴᠠ ᠴᠦᠮ ᠬᠤᠯᠠ ᠳᠠᠪᠠᠵᠤ ᠪᠠᠶᠢᠨ᠎ᠠ᠃

    ᠤᠷᠲᠦ ᠶᠢᠨ ᠳᠠᠭᠤᠤ᠂ ᠬᠦᠭᠡᠮᠠᠢ᠂ ᠮᠤᠩᠭᠤᠯ ᠠᠨᠠᠭᠠᠬᠤ ᠤᠬᠠᠭᠠᠨ᠂ ᠠᠮᠢᠳᠠᠨ ᠤ ᠠᠷᠠᠰᠤ ᠰᠢᠷᠢ ᠶᠢᠨ ᠪᠦᠲᠦᠭᠡᠭ᠍ᠳᠡᠬᠦᠨ᠂ ᠲᠦᠳᠡᠭ ᠭᠠᠯ ᠤᠨ ᠨᠠᠶᠢᠷ ᠵᠡᠷᠭᠡ 4400 ᠭᠠᠷᠤᠢ ᠲᠦᠷᠦᠯ ᠤᠨ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ ᠪᠤᠢ︔ 《ᠮᠤᠩᠭᠤᠯ ᠤᠨ ᠨᠢᠭᠤᠴᠠ ᠲᠤᠪᠴᠢᠶᠠᠨ》᠂ 《ᠭᠡᠰᠡᠷ ᠤᠨ ᠲᠤᠭᠤᠵᠢ》᠂ 《ᠵᠢᠩᠭᠠᠷ》᠂ 《 ᠤᠷᠴᠤᠨ ᠬᠡᠯᠡᠨ ᠤ ᠲᠠᠶᠢᠯᠪᠤᠷᠢ》 ᠵᠡᠷᠭᠡ ᠠᠯᠢ ᠤᠯᠠᠨ ᠦᠨᠳᠦᠰᠦᠲᠡᠨ ᠤ ᠰᠤᠳᠤᠷ ᠪᠢᠴᠢᠭ᠌᠂ ᠠᠮᠠ ᠪᠠᠷ ᠤᠯᠠᠮᠵᠢᠯᠠᠭᠳᠠᠭᠰᠠᠨ ᠡᠷᠳᠡᠨ ᠤ ᠰᠤᠳᠤᠷ ᠢ ᠡᠮᠬᠢᠳᠭᠡᠨ ᠬᠡᠪᠯᠡᠭᠦᠯᠵᠤ᠂ ᠮᠢᠩᠭ᠋᠎ᠠ ᠭᠠᠷᠤᠢ ᠵᠦᠢᠯ ᠤᠨ ᠳᠠᠭᠤᠤ ᠪᠦᠵᠢᠭ᠌᠂ ᠳᠠᠭᠤᠤ ᠬᠦᠭ᠍ᠵᠢᠮ ᠵᠡᠷᠭᠡ ᠠᠷᠠᠳ ᠤᠨ ᠤᠷᠠᠯᠢᠭ ᠢ ᠠᠭᠤᠳᠠᠯᠤᠨ ᠡᠮᠬᠢᠳᠭᠡᠵᠠᠢ ᠁ ᠦᠨᠢ ᠤᠳᠠᠭᠠᠨ ᠲᠡᠤᠬᠡ ᠲᠠᠢ ᠲᠠᠯ᠎ᠠ ᠨᠤᠲᠤᠭ ᠤᠨ ᠰᠤᠶᠤᠯ ᠢ ᠰᠢᠨ᠎ᠠ ᠴᠠᠭ ᠦᠶ᠎ᠠ ᠳᠤ ᠤᠯᠠᠮᠵᠢᠯᠠᠨ ᠬᠦᠭ᠍ᠵᠢᠭᠦᠯᠪᠡ᠃

    70 ᠨᠠᠰᠤᠲᠠᠢ ᠮᠠᠩᠯᠠᠢ ᠨᠠᠰᠤᠲᠠᠨ ᠪᠤᠯ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠤᠯᠬᠤ 《ᠴᠤᠭᠤᠷ ᠳᠠᠭᠤᠤ (ᠨᠠᠶᠢᠷᠠᠯ ᠳᠠᠭᠤᠤ)》  ᠶ᠋ᠢᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ ᠪᠤᠯᠤᠨ᠎ᠠ᠂ ᠤᠢᠢᠷ᠎ᠠ ᠶᠢᠨ ᠵᠢᠯ ᠠᠴᠠ ᠲᠡᠷᠡ ᠵᠠᠰᠠᠭ ᠤᠨ ᠤᠷᠳᠤᠨ ᠤ ᠪᠡᠯᠡ ᠮᠦᠩᠭᠦ ᠶᠢᠨ ᠳᠡᠮᠵᠢᠯᠭᠡ ᠳᠤᠤᠷ᠎ᠠ᠂ 100 ᠭᠠᠷᠤᠢ ᠰᠤᠷᠤᠭᠴᠢ ᠳᠤ ᠡᠨᠡᠬᠦ ᠡᠷᠲᠡᠨ ᠤ ᠤᠷᠠᠯᠢᠭ ᠢᠶᠠᠨ ᠤᠯᠠᠮᠵᠢᠯᠠᠵᠠᠢ᠃ 《ᠤᠯᠠᠮᠵᠢᠯᠠᠭᠴᠢ ᠲᠠᠢ ᠪᠤᠯᠤᠭᠰᠠᠨ ᠳᠠᠭᠠᠨ ᠪᠢ ᠮᠠᠰᠢ ᠪᠠᠶᠠᠷᠲᠠᠢ ᠪᠠᠶᠢᠨ᠎ᠠ》 ᠭᠡᠵᠤ ᠮᠠᠩᠯᠠᠢ ᠨᠠᠰᠤᠲᠠᠨ ᠬᠡᠯᠡᠵᠤ ᠪᠠᠶᠢᠯ᠎ᠠ᠃

    ᠦᠨᠳᠦᠰᠦᠲᠡᠨ ᠤ ᠪᠦᠯᠬᠦᠮᠳᠡᠯ ᠪᠠ ᠳᠠᠪᠰᠢᠯᠲᠠ ᠪᠤᠯ ᠤᠩᠭ᠋ᠤᠴᠠ ᠶᠢᠨ ᠬᠤᠶᠠᠷ ᠰᠡᠯᠢᠭᠦᠷ ᠮᠡᠲᠦ ᠪᠠᠷ ᠬᠠᠷᠢᠯᠴᠠᠨ ᠬᠠᠮᠵᠢᠯᠴᠠᠨ ᠬᠠᠷᠢᠯᠴᠠᠨ ᠲᠦᠰᠢᠯᠴᠡᠳᠡᠭ ᠶᠤᠮ᠃ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠦᠪᠡᠷ ᠡᠷᠬᠡ ᠮᠡᠳᠡᠨ ᠡᠵᠡᠨ ᠰᠠᠭᠤᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠨᠠᠶᠢᠷᠲᠠᠢ ᠦᠨᠳᠦᠰᠦᠲᠡᠨ ᠤ ᠬᠠᠷᠢᠴᠠᠭ᠎ᠠ ᠶᠢ ᠤᠬᠠᠮᠰᠠᠷ ᠠᠴᠠ ᠪᠠᠨ ᠬᠠᠮᠠᠭᠠᠯᠠᠳᠠᠭ᠃ ᠳᠡᠭᠡᠷ᠎ᠠ ᠵᠠᠭᠤᠨ ᠤ ᠨᠠᠶᠠᠭᠠᠳ ᠤᠨ ᠤ ᠦᠶ᠎ᠠ ᠪᠠᠷ᠂ ᠪᠤᠭᠤᠲᠦ ᠬᠤᠲᠠ ᠶᠢᠨ ᠬᠢᠲᠠᠳ ᠡᠮᠴᠢ ᠯᠢ ᠵᠢᠩ ᠴᠢᠦ ᠵᠠᠯᠭᠠᠪᠡᠷ ᠬᠡᠳᠦᠨ ᠡᠳᠦᠷ ᠠᠵᠢᠯᠯᠠᠭᠠᠳ᠂ ᠨᠢᠭᠡ ᠮᠤᠩᠭᠤᠯ ᠪᠦᠰᠡᠭᠦᠢ ᠶᠢ ᠬᠦᠩᠭᠡᠵᠢᠭᠦᠯᠬᠦ ᠦᠶᠡᠰ ᠲᠤ ᠶᠠᠳᠠᠷᠠᠬᠤ ᠶᠢᠨ ᠲᠦᠢᠯ ᠳᠤ ᠬᠦᠷᠴᠤ ᠡᠪᠡᠳᠴᠢᠲᠡᠨ ᠤ ᠤᠷᠤ ᠶᠢᠨ ᠬᠠᠵᠠᠭᠤ ᠳᠤ ᠮᠠᠨᠠᠷᠠᠨ ᠤᠨᠠᠵᠤ᠂ ᠵᠤᠯ ᠪᠤᠰᠤ ᠪᠠᠷ ᠨᠠᠰᠤ ᠪᠠᠷᠠᠭᠰᠠᠨ ᠠᠴᠠ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ 《ᠳᠠᠬᠢᠨᠢ》 ᠬᠡᠮᠡᠭᠳᠡᠵᠠᠢ᠃ ᠰᠢᠨ᠎ᠠ ᠴᠠᠭ ᠦᠶ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠮᠤᠩᠭᠤᠯ ᠡᠮᠴᠢ ᠸᠠᠩ ᠪᠦᠬᠡ ᠬᠡᠳᠦᠨ ᠠᠷᠪᠠᠨ ᠵᠢᠯ ᠢᠶᠠᠷ ᠡᠯ᠎ᠠ ᠦᠨᠳᠦᠰᠦᠲᠡᠨ ᠤ ᠶᠠᠳᠠᠭᠤ ᠬᠦᠴᠢᠷᠳᠡᠯᠲᠠᠢ ᠤᠯᠠᠨ ᠲᠦᠮᠡᠨ ᠢ ᠰᠦᠢᠳᠭᠡᠯ ᠠᠪᠬᠤ ᠦᠭᠡᠢ ᠪᠠᠷ ᠡᠮᠴᠢᠯᠡᠵᠤ᠂ ᠤᠯᠠᠨ ᠲᠦᠮᠡᠨ ᠳᠤ 《ᠬᠦᠳᠡᠭᠡ ᠲᠤᠰᠬᠤᠨ ᠤ ᠬᠠᠮᠤᠭ ᠤᠨ ᠰᠠᠶᠢᠬᠠᠨ ᠡᠮᠴᠢ》 ᠬᠡᠮᠡᠭᠳᠡᠪᠡ᠃

    《ᠲᠠᠯ᠎ᠠ ᠨᠤᠲᠤᠭ ᠤᠨ ᠡᠵᠢ》 ᠳᠦᠭᠢᠮ᠎ᠠ᠂ ᠦᠨᠳᠦᠰᠦᠲᠡᠨ ᠤ ᠰᠢᠯᠢᠳᠡᠭ ᠺᠠᠳ᠋ᠷ ᠨᠢᠦ ᠢᠤᠢ ᠷᠦ᠋᠂ ᠪᠦᠬᠦ ᠤᠯᠤᠰ ᠤᠨ ᠰᠢᠯᠢᠳᠡᠭ ᠡᠪ ᠬᠠᠮᠲᠦ ᠨᠠᠮ ᠤᠨ ᠭᠡᠰᠢᠭᠦᠨ ᠲᠢᠩ • ᠪᠠᠭᠠᠲᠤᠷ ᠁ 118 ᠲᠦᠮᠡᠨ ᠲᠡᠭᠰᠢ ᠳᠦᠷᠪᠡᠯᠵᠢᠨ ᠺᠢᠯᠦᠮᠧᠲ᠋ᠷ ᠨᠤᠲᠤᠭ ᠳᠡᠪᠢᠰᠭᠡᠷ ᠳᠡᠭᠡᠷ᠎ᠠ ᠪᠦᠯᠬᠦᠮᠳᠡᠯ ᠪᠠ ᠬᠠᠶᠢᠷ᠎ᠠ ᠬᠠᠯᠠᠮᠵᠢ ᠶᠢᠨ ᠲᠤᠬᠠᠢ ᠦᠯᠢᠭᠡᠷ ᠵᠠᠬ᠎ᠠ ᠠᠴᠠ ᠪᠠᠨ ᠤᠯᠠᠨ ᠭᠠᠷᠴᠤ᠂ 《ᠵᠢᠱᠢᠶᠡᠴᠢ ᠦᠪᠡᠷᠲᠡᠭᠡᠨ ᠵᠠᠰᠠᠬᠤ ᠤᠷᠤᠨ》  ᠤ᠋ ᠴᠤᠭ ᠵᠢᠪᠬᠤᠭ᠎ᠠ ᠶᠢ ᠪᠢᠴᠢᠭᠯᠡᠵᠤ᠂ ᠤᠮᠠᠷᠠᠲᠦ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠶᠢ ᠪᠠᠲᠦ ᠴᠤᠭᠴᠠᠯᠠᠵᠤ ᠪᠠᠶᠢᠨ᠎ᠠ᠃

ᠢᠯᠠᠯᠲᠠ ᠭᠤᠤᠯ ᠪᠠᠭ᠎ᠠ ᠰᠤᠷᠭᠠᠭᠤᠯᠢ ᠶᠢᠨ ᠰᠤᠷᠤᠭᠴᠢᠳ ᠮᠤᠩᠭ᠋ᠤᠯ ᠪᠦᠵᠢᠭ᠌ ᠶᠢᠡᠨ ᠰᠤᠷᠤᠯᠴᠠᠵᠤ ᠪᠠᠢᠢᠭ᠎ᠠ ᠨᠢ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ )

    ᠠᠵᠤ ᠠᠬᠤᠢ ᠶᠢᠨ ᠬᠦᠭ᠍ᠵᠢᠯᠳᠡ ᠲᠠᠰᠤᠷᠠᠯᠳᠠ ᠦᠭᠡᠢ ᠠᠬᠢᠪᠠ

    ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠬᠤᠴᠤᠷᠤᠩᠭᠤᠢ ᠪᠠᠭᠤᠷᠠᠢ ᠪᠠᠶᠢᠵᠤ᠂ ᠠᠵᠤ ᠤᠢᠢᠯᠡᠳᠪᠤᠷᠢ ᠭᠡᠬᠦ ᠪᠠᠷ ᠬᠡᠳᠦᠨ ᠵᠢᠵᠢᠭ᠌ ᠤᠢᠢᠯᠡᠳᠪᠤᠷᠢ ᠪᠠ ᠵᠢᠵᠢᠭ᠌ ᠤᠢᠢᠯᠡᠳᠬᠡᠯ ᠤᠨ ᠭᠠᠵᠠᠷ ᠯᠡ ᠪᠠᠶᠢᠭᠰᠠᠨ ᠁ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠤ ᠠᠴᠠ ᠡᠮᠤᠨ᠎ᠠ᠂ ᠦᠪᠦᠷ ᠮᠤᠩᠭᠤᠯ ᠪᠤᠯ ᠪᠦᠬᠦ ᠤᠯᠤᠰ ᠤᠨ ᠬᠠᠮᠤᠬ ᠠᠴᠠ ᠬᠤᠴᠤᠷᠤᠩᠭᠤᠢ ᠤᠷᠤᠨ ᠤ ᠨᠢᠬᠡ ᠪᠠᠶᠢᠵᠤ᠂ 1947 ᠤᠨ ᠳᠤ ᠤᠯᠤᠰ ᠤᠨ ᠳᠤᠳᠤᠭᠠᠳᠤ ᠶᠢᠨ ᠤᠢᠢᠯᠡᠳᠪᠤᠷᠢᠯᠠᠯ ᠤᠨ ᠶᠠᠷᠤᠩᠬᠡᠢ ᠦᠷᠳᠡᠭ ᠵᠦᠪᠬᠡᠨ 5.37 ᠳ᠋ᠦᠩᠰᠢᠭᠤᠷ ᠲᠦᠬᠦᠷᠢᠭ᠌ ᠲᠡᠳᠦᠢ ᠯᠡ ᠪᠠᠶᠢᠪᠠ᠃

    70 ᠵᠢᠯ ᠤᠨ ᠲᠤᠷᠰᠢ᠂ ᠦᠪᠡᠷᠳᠡᠬᠡᠨ ᠵᠠᠰᠠᠬᠤ ᠤᠷᠤᠨ ᠨᠠᠮ ᠤᠨ ᠲᠦᠪ ᠬᠤᠷᠢᠶᠠᠨ ᠤ ᠬᠠᠯᠠᠮᠵᠢᠯᠠᠯ ᠪᠤᠯᠤᠨ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠤ ᠲᠡᠮᠵᠢᠯᠬᠡ ᠪᠠᠷ᠂ ᠦᠨᠳᠤᠰᠤᠳᠠᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠲᠡᠰᠪᠤᠷᠢ ᠬᠠᠳᠠᠭᠤᠵᠢᠯᠳᠠᠢ ᠪᠠᠷ ᠲᠡᠮᠡᠴᠡᠬᠦ᠂ ᠴᠤᠴᠠᠯᠳᠠ ᠦᠬᠡᠢ ᠤᠷᠤᠬᠰᠢᠯᠠᠬᠤ 《ᠮᠤᠩᠭᠤᠯ ᠮᠤᠷᠢᠨ ᠤ ᠵᠤᠷᠢᠬ ᠰᠠᠨᠠᠭ᠎ᠠ》 ᠶ᠋ᠢ ᠪᠠᠳᠠᠷᠠᠭᠤᠯᠵᠤ᠂ ᠤᠷᠤᠨ ᠪᠠᠶᠢᠷᠢ᠂ ᠡᠬᠢ ᠪᠠᠶᠠᠯᠢᠬ ᠤᠨ ᠲᠠᠪᠠᠭᠤᠯᠢᠬ ᠢᠶᠠᠨ ᠪᠠᠳᠠᠷᠠᠭᠤᠯᠵᠤ᠂ ᠲᠦᠷᠤ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠠᠵᠤ ᠠᠬᠤᠢ ᠲᠡᠤᠬᠡᠳᠤ ᠴᠢᠨᠠᠷᠳᠠᠢ ᠲᠠᠪᠠᠯᠳᠠ ᠶᠢ ᠪᠡᠶᠡᠯᠡᠬᠦᠯᠪᠠ᠃ ᠤᠯᠠᠮᠵᠢᠯᠠᠯᠳᠤ ᠮᠠᠯ ᠠᠵᠤ ᠠᠬᠤᠢ ᠠᠴᠠ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠵᠦᠭ ᠲᠦᠷᠬᠡᠨ ᠬᠦᠭ᠍ᠵᠢᠪᠠ᠃ ᠨᠢᠳᠤᠨᠤᠨ ᠪᠦᠬᠦ ᠤᠷᠤᠨ ᠤ ᠠᠮᠤ ᠪᠤᠳᠠᠭᠠᠨ ᠤ ᠭᠠᠷᠤᠯᠳᠠ 556 ᠳ᠋ᠦᠩᠰᠢᠭᠤᠷ ᠵᠢᠩ ᠳᠤ ᠬᠦᠷᠴᠤ᠂ ᠮᠠᠯ ᠤᠨ ᠲᠤᠭ᠎ᠠ ᠲᠤᠯᠤᠭᠠᠢ 1.36 ᠳ᠋ᠦᠩᠰᠢᠭᠤᠷ ᠲᠤ ᠬᠦᠷᠴᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ ᠡᠬᠢᠨ ᠤ ᠦᠶ᠎ᠠ ᠶᠢᠨ 15 ᠲᠠᠭᠢᠨ ᠪᠤᠯᠤᠨ 14 ᠲᠠᠬᠢᠨ ᠪᠤᠯᠪᠠ︔ ᠦᠨᠢᠶᠠᠨ ᠰᠦ᠋᠂ ᠬᠤᠨᠢᠨ ᠮᠢᠬ᠎ᠠ᠂ ᠨᠤᠤᠰᠤ ᠨᠤᠯᠤᠤᠷ ᠤᠨ ᠭᠠᠷᠤᠯᠳᠠ ᠴᠦᠮ ᠤᠯᠤᠰ ᠤᠨ ᠲᠡᠷᠢᠬᠦᠨ ᠳᠤ ᠤᠷᠤᠵᠤ᠂ ᠪᠦᠬᠦ ᠤᠯᠤᠰ ᠤᠨ 13 ᠠᠮᠤ ᠪᠤᠳᠠᠭᠠᠨ ᠤ ᠭᠤᠤᠯ ᠭᠠᠷᠤᠯᠳᠠ ᠶᠢᠨ ᠤᠷᠤᠨ ᠪᠤᠯᠤᠨ 6 ᠠᠮᠤ ᠪᠤᠳᠠᠭ᠎ᠠ ᠶᠢ ᠭᠠᠳᠠᠭᠰᠢ ᠭᠠᠷᠭᠠᠬᠤ ᠤᠷᠤᠨ ᠤ ᠡᠩᠨᠡᠬᠡᠨ ᠳᠤ ᠯᠠᠪᠳᠠᠭᠤᠨ ᠤᠷᠤᠪᠠ ᠁ ᠨᠡᠷ᠎ᠠ ᠨᠢᠳᠡᠷ ᠲᠡᠭᠡᠨ ᠲᠡᠩᠴᠡᠭᠰᠡᠨ ᠪᠦᠬᠦ ᠤᠯᠤᠰ ᠤᠨ ᠪᠤᠬᠢᠷᠳᠤᠯ ᠦᠬᠡᠢ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠤᠭᠡᠭ᠍ᠳᠡᠬᠦᠨ ᠢ ᠡᠳ᠋ᠰᠢᠬᠦᠯᠵᠤ ᠭᠠᠷᠭᠠᠬᠤ ᠰᠠᠭᠤᠷᠢᠨ ᠪᠤᠯᠤᠬᠰᠠᠨ ᠪᠠᠶᠢᠨ᠎ᠠ᠃ ᠭᠠᠷ ᠤᠢᠢᠯᠡᠳᠬᠡᠯ ᠤᠨ ᠭᠠᠵᠠᠷ ᠠᠴᠠ ᠤᠳᠤ ᠦᠶ᠎ᠠ ᠶᠢᠨ ᠬᠦᠨᠳᠤ ᠬᠢᠮᠢ ᠶᠢᠨ ᠠᠵᠤ ᠤᠢᠢᠯᠡᠳᠪᠤᠷᠢ ᠲᠡᠰᠢ ᠲᠡᠰ ᠲᠡᠪᠰᠢᠪᠠ᠃ 《ᠨᠢᠬᠡᠳᠤᠭᠡᠷ ᠲᠠᠪᠤᠨ ᠵᠢᠯ》 ᠤᠨ ᠬᠤᠭᠤᠴᠠᠭᠠᠨ ᠳᠤ᠂ ᠪᠤᠭᠤᠳᠤ ᠶᠢᠨ ᠪᠤᠯᠤᠳ ᠲᠡᠮᠤᠷ ᠤᠨ ᠪᠦᠯᠦᠭᠯᠡᠯ ᠺᠤᠮᠫᠠᠨᠢ ᠵᠡᠷᠬᠡ ᠤᠯᠤᠰ ᠤᠨ ᠳᠡᠰ ᠤᠨ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠵᠤ ᠤᠢᠢᠯᠡᠳᠪᠤᠷᠢᠵᠢᠯᠳᠠ ᠶᠢᠨ ᠠᠬᠢᠴᠠ ᠶᠢ ᠡᠬᠢᠯᠡᠬᠦᠯᠦᠭᠰᠡᠨ ᠶᠤᠮ᠃ ᠰᠢᠨ᠎ᠠ ᠵᠠᠭᠤᠨ ᠳᠤ ᠤᠷᠤᠭᠰᠠᠨ ᠠᠴᠠ ᠨᠠᠰᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠠᠴᠠ ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭ᠍ᠵᠢᠬᠦᠯᠬᠦ ᠵᠡᠷᠬᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠠᠵᠤ ᠠᠬᠤᠢ ᠶᠢᠨ ᠰᠢᠨ᠎ᠠ ᠬᠡᠪ ᠪᠠᠶᠢᠳᠠᠯ ᠳᠤ ᠵᠤᠬᠢᠴᠠᠵᠤ᠂ 《ᠨᠡᠬᠦᠷᠡᠰᠤ ᠮᠠᠯᠳᠠᠵᠤ ᠨᠡᠬᠦᠷᠡᠰᠤ ᠬᠤᠳᠠᠯᠳᠤᠬᠤ᠂ ᠰᠢᠷᠤᠢ (ᠬᠤᠪᠤᠷ ᠰᠢᠷᠤᠢ) ᠮᠠᠯᠳᠠᠵᠤ ᠰᠢᠷᠤᠢ ᠬᠤᠳᠠᠯᠳᠤᠬᠤ》 ᠬᠠᠭᠤᠴᠢᠨ ᠪᠠᠶᠢᠷᠢᠰᠢᠯ ᠠᠴᠠ ᠮᠤᠯᠳᠤᠷᠠᠵᠤ᠂ ᠠᠵᠤ ᠦᠢᠯᠡᠳᠪᠤᠷᠢ ᠶᠢᠨ ᠪᠦᠳᠤᠴᠠ ᠳᠤ ᠲᠤᠬᠢᠷᠠᠭᠤᠯᠤᠯᠳᠠ ᠬᠢᠬᠦ᠂ ᠲᠡᠰ ᠲᠡᠪᠰᠢᠬᠦᠯᠬᠦ ᠪᠠᠨ ᠲᠦᠷᠬᠡᠳᠬᠡᠵᠤ᠂ ᠤᠯᠤᠰ ᠤᠨ ᠴᠢᠬᠤᠯᠠ ᠡᠨᠧᠷᠬᠢ᠂ ᠰᠢᠨ᠎ᠠ ᠮᠠᠶ᠊ᠢᠭ ᠤᠨ ᠬᠢᠮᠢ ᠶᠢᠨ ᠤᠢᠢᠯᠡᠳᠪᠤᠷᠢ᠂ ᠦᠩᠬᠡᠳᠤ ᠲᠡᠮᠦᠷᠯᠢᠭ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠤ ᠤᠢᠢᠯᠡᠰ ᠤᠨ ᠰᠠᠭᠤᠷᠢᠨ ᠤ ᠪᠦᠳᠤᠬᠡᠨ ᠪᠠᠶᠢᠭᠤᠯᠤᠯᠳᠠ ᠨᠢᠬᠡᠨᠳᠠ ᠬᠡᠪᠴᠢᠶᠡᠵᠢᠵᠤ᠂ ᠨᠡᠬᠦᠷᠡᠰᠤ ᠪᠠᠷ ᠲᠤᠰᠤ ᠦᠢᠯᠡᠳᠪᠤᠷᠢᠯᠡᠬᠦ᠂ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠬᠡᠢ ᠤᠢᠢᠯᠡᠳᠪᠤᠷᠢᠯᠡᠬᠦ ᠵᠡᠷᠬᠡ ᠰᠢᠨ᠎ᠠ ᠮᠠᠶ᠊ᠢᠭ ᠤᠨ ᠨᠡᠬᠦᠷᠡᠰᠤ ᠬᠢᠮᠢ ᠶᠢᠨ ᠠᠵᠤ ᠤᠢᠢᠯᠡᠳᠪᠤᠷᠢ ᠶᠢᠨ ᠤᠢᠢᠯᠡᠰ ᠤᠨ ᠬᠦᠭ᠍ᠵᠢᠯᠳᠠ ᠪᠦᠬᠦ ᠤᠯᠤᠰ ᠤᠨ ᠲᠡᠷᠢᠬᠦᠨ ᠳᠤ ᠤᠷᠤᠬᠰᠠᠨ ᠪᠠᠶᠢᠨ᠎ᠠ᠃ ᠪᠤᠭᠤᠳᠤ ᠶᠢᠨ ᠪᠤᠯᠤᠳ ᠲᠡᠮᠤᠷ ᠤᠨ ᠲᠡᠭᠡᠳᠤ ᠲᠡᠰ ᠤᠨ ᠬᠤᠪᠤᠷ ᠰᠢᠷᠤᠢ ᠪᠤᠯᠤᠳ ᠬᠠᠪᠳᠠᠰᠤᠨ ᠤ ᠬᠦᠢᠳᠡᠨ ᠬᠡᠪᠰᠢᠬᠦᠯᠬᠡ ᠶᠢᠨ ᠢᠨᠵᠧᠨᠧᠷᠢᠩ ᠢᠶᠠᠷ ᠲᠦᠯᠦᠬᠡᠯᠡᠬᠦᠯᠦᠭᠰᠡᠨ ᠶᠡᠭᠡ ᠬᠡᠮᠵᠢᠶᠠᠨ ᠤ ᠤᠯᠠᠮᠵᠢᠯᠠᠯᠳᠤ ᠠᠵᠤ ᠤᠢᠢᠯᠡᠳᠪᠤᠷᠢ ᠶᠢᠨ ᠲᠡᠰ ᠲᠡᠪᠰᠢᠬᠦᠯᠬᠦ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠠᠰᠢᠬᠯᠠᠯᠳᠠ ᠳᠤ ᠤᠷᠤᠵᠤ᠂ ᠬᠤᠸᠠ ᠸᠧᠢ᠂ ᠠ ᠯᠢ ᠪᠠ ᠪᠠ᠂ ᠲᠧᠩ ᠰᠢᠶᠦ᠋ᠨ᠂ ᠪᠠᠢ ᠳ᠋ᠦ᠋ ᠵᠡᠷᠬᠡ ᠮᠡᠳᠡᠭᠡ ᠵᠠᠩᠬᠢ ᠶᠢᠨ ᠲᠤᠮᠤ ᠠᠵᠤ ᠤᠢᠢᠯᠡᠰ ᠵᠠᠯᠭᠠᠪᠠᠷ ᠦᠪᠤᠷ ᠮᠤᠩᠭᠤᠯ ᠳᠤ ᠢᠷᠡᠵᠦ ᠨᠤᠳᠤᠬᠰᠢᠨ᠂ ᠡᠬᠦᠯᠠᠨ ᠪᠤᠳᠤᠯᠳᠠ ᠶᠢᠨ ᠦᠢᠯᠡᠴᠢᠯᠡᠭᠡᠨ ᠤ ᠭᠤᠤᠯ ᠮᠠᠰᠢᠨ 90 ᠲᠦᠮᠡᠨ ᠰᠠᠤᠷᠢ ᠳᠤ ᠬᠦᠷᠴᠤ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ ᠵᠡᠷᠬᠡ ᠰᠢᠨ᠎ᠠ ᠪᠠᠷ ᠮᠠᠨᠳᠤᠬᠰᠠᠨ ᠠᠵᠤ ᠤᠢᠢᠯᠡᠰ ᠤᠨ ᠰᠦᠷᠦᠭᠵᠢᠯ ᠢ ᠪᠤᠢ ᠪᠤᠯᠭᠠᠪᠠ ᠁

    2016 ᠤᠨ ᠳᠤ ᠦᠪᠤᠷ ᠮᠤᠩᠭᠤᠯ 18633 ᠳ᠋ᠦᠩᠰᠢᠭᠤᠷ ᠲᠦᠬᠦᠷᠢᠭ᠌ ᠤᠨ ᠤᠢᠢᠯᠡᠳᠪᠤᠷᠢᠯᠠᠯ ᠤᠨ ᠶᠠᠷᠤᠩᠬᠡᠢ ᠦᠷᠳᠡᠭ᠂ 7758.24 ᠳ᠋ᠦᠩᠰᠢᠭᠤᠷ ᠲᠦᠬᠦᠷᠢᠭ᠌ ᠤᠨ ᠠᠵᠤ ᠤᠢᠢᠯᠡᠳᠪᠤᠷᠢ ᠶᠢᠨ ᠨᠡᠮᠡᠭᠳᠡᠯ ᠦᠷᠳᠡᠭ ᠢ ᠪᠡᠶᠡᠯᠡᠬᠦᠯᠵᠤ᠂ 1947 ᠤᠨ ᠤ ᠬᠢ ᠠᠴᠠ ᠲᠤᠰ ᠲᠤᠰ 642 ᠲᠠᠬᠢᠨ ᠪᠠ 6148 ᠲᠠᠬᠢᠨ ᠨᠡᠮᠡᠭᠳᠡᠵᠤ᠂ ᠬᠦᠮᠤᠨ ᠲᠤᠮᠳᠠᠴᠢ ᠤᠢᠢᠯᠡᠳᠪᠤᠷᠢᠯᠠᠯ ᠤᠨ ᠶᠠᠷᠤᠩᠬᠡᠢ ᠦᠷᠳᠡᠭ ᠪᠦᠬᠦ ᠤᠯᠤᠰ ᠤᠨ ᠵᠢᠷᠭᠤᠳᠤᠭᠠᠷ ᠲᠤ ᠤᠷᠤᠬᠰᠠᠨ ᠪᠠᠶᠢᠨ᠎ᠠ᠃ 《ᠤᠳᠤ᠂ ᠪᠦᠬᠦ ᠤᠷᠤᠨ ᠢᠶᠠᠷ ᠢᠶᠠᠨ ᠤᠯᠠᠮᠵᠢᠯᠠᠯᠳᠤ ᠠᠵᠤ ᠤᠢᠢᠯᠡᠰ ᠰᠢᠨ᠎ᠠ ᠮᠠᠶ᠊ᠢᠭᠴᠢᠯᠠᠬᠤ᠂ ᠰᠢᠨ᠎ᠠ ᠪᠠᠷ ᠮᠠᠨᠳᠤᠬᠰᠠᠨ ᠠᠵᠤ ᠤᠢᠢᠯᠡᠰ ᠬᠡᠪᠴᠢᠶᠠᠵᠢᠬᠦ ᠪᠤᠯᠤᠨ ᠲᠤᠯᠭᠠᠭᠤᠷᠢ ᠠᠵᠤ ᠤᠢᠢᠯᠡᠰ ᠤᠯᠠᠨ ᠡᠰᠢᠴᠢᠯᠡᠬᠦ ᠲᠡᠰᠢ ᠢᠳᠡᠷᠡᠬᠦᠨ ᠢᠶᠠᠷ ᠤᠷᠤᠬᠰᠢᠯᠠᠵᠤ ᠪᠤᠢ》 ᠬᠡᠵᠤ ᠦᠪᠤᠷ ᠮᠤᠩᠭᠤᠯ ᠤᠨ ᠠᠵᠤ ᠠᠬᠤᠢ ᠮᠡᠳᠡᠭᠡ ᠵᠠᠩᠬᠢᠵᠢᠯᠳᠠ ᠶᠢᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠪᠢᠩ ᠵᠢᠶᠦ᠋ᠨ ᠬᠡᠯᠡᠪᠡ᠃

    ᠠᠯᠳᠠᠨ ᠠᠭᠤᠯᠠ ᠮᠦᠩᠭᠦᠨ ᠠᠭᠤᠯᠠ ᠲᠠᠢ ᠪᠦᠭᠡᠳ ᠬᠦᠬᠡᠮᠳᠦᠭ ᠨᠤᠭᠤᠭᠠᠨ ᠠᠭᠤᠯᠠ ᠤᠰᠤ ᠲᠠᠢ ᠪᠠᠶᠢᠬᠤ ᠶᠢ ᠴᠢᠬᠤᠯᠠᠴᠢᠯᠠᠪᠠ᠃ ᠦᠪᠤᠷ ᠮᠤᠩᠭᠤᠯ ᠦᠵᠡᠰᠬᠦᠯᠡᠩᠳᠤ ᠰᠠᠶᠢᠬᠠᠨ ᠪᠤᠯᠤᠨ ᠦᠷᠨᠢᠩᠭᠦᠢ ᠬᠦᠭ᠍ᠵᠢᠯᠳᠠ ᠶᠢ ᠬᠠᠮᠳᠤ ᠳᠤᠨᠢ ᠪᠠᠷᠢᠮᠳᠠᠯᠠᠵᠤ᠂ ᠪᠦᠬᠦ ᠤᠷᠤᠨ ᠤ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠪᠤᠯᠤᠨ ᠨᠤᠳᠤᠬ ᠪᠡᠯᠴᠢᠬᠡᠷ ᠤᠨ ᠤᠷᠭᠤᠮᠠᠯ ᠤᠨ ᠪᠦᠷᠬᠦᠴᠠ ᠶᠢᠨ ᠬᠡᠮᠵᠢᠶ᠎ᠠ ᠵᠢᠯ ᠲᠠᠷᠭᠠᠯᠠᠨ 《ᠬᠤᠤᠰ ᠨᠡᠮᠡᠭᠳᠡᠯ》  ᠢ᠋ ᠪᠡᠶᠡᠯᠡᠬᠦᠯᠵᠤ᠂ ᠡᠯᠡᠰᠦᠷᠭᠡᠭ᠍ᠵᠢᠨ ᠲᠠᠴᠢᠷᠰᠢᠭᠬᠰᠠᠨ ᠭᠠᠵᠠᠷ ᠰᠢᠷᠤᠢ ᠶᠢᠨ ᠲᠠᠯᠠᠪᠠᠢ ᠵᠠᠯᠭᠠᠪᠠᠷ ᠬᠠᠰᠤᠬᠳᠠᠵᠤ᠂ ᠠᠮᠢ ᠠᠬᠤᠢ ᠶᠢᠨ ᠮᠠᠭᠤᠳᠠᠯ ᠪᠦᠬᠦᠯᠢ ᠴᠤᠬᠴᠠ ᠪᠠᠷ ᠬᠢᠵᠠᠭᠠᠷᠯᠠᠭᠳᠠᠵᠤ᠂ ᠭᠡᠰᠡᠭ ᠲᠠᠯ᠎ᠠ ᠪᠠᠷ ᠰᠠᠶᠢᠵᠢᠷᠠᠭᠰᠠᠨ ᠰᠠᠶᠢᠨ ᠬᠠᠨᠳᠤᠰᠢ ᠢᠯᠡᠷᠡᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠭᠰᠠᠨ ᠪᠠᠶᠢᠨ᠎ᠠ᠃

ᠦᠪᠦᠷ ᠮᠤᠩᠭ᠋ᠤᠯ ᠤᠨ ᠮᠸᠩ ᠪᠸᠨ ᠲᠡᠵᠢᠭᠡᠨ ᠦᠷᠡᠵᠢᠬᠦᠯᠬᠦ ᠬᠢᠵᠠᠭᠠᠷᠲᠤ ᠺᠤᠮᠫᠠᠨᠢ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ )

    ᠭᠠᠷ ᠬᠤᠯᠪᠤᠯᠴᠠᠨ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠤᠨ᠎ᠠ

    61 ᠨᠠᠰᠤᠲᠠᠢ ᠪᠠᠶᠠᠷᠪᠠᠲᠤ ᠪᠤᠯ ᠤᠲᠤᠬ ᠬᠤᠰᠢᠭᠤᠨ ᠤ ᠰᠠᠶᠢᠬᠤᠰᠤ ᠭᠠᠴᠠᠭᠠᠨ ᠤ ᠮᠠᠯᠴᠢᠨ᠂ 3000 ᠭᠠᠷᠤᠢ ᠮᠦ ᠪᠡᠯᠴᠢᠭᠡᠷ ᠢ ᠳᠠᠭᠠᠭᠠᠴᠢᠯᠠᠵᠤ ᠪᠤᠢ᠂ ᠵᠢᠯ ᠪᠤᠯᠭᠠᠨ ᠤ ᠮᠠᠯ ᠠᠵᠤ ᠠᠬᠤᠢ ᠶᠢᠨ ᠤᠷᠤᠯᠭ᠎ᠠ ᠪᠠ ᠲᠠᠯ᠎ᠠ ᠨᠤᠲᠤᠬ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠯᠭᠤᠬᠤ ᠲᠦᠷᠦ ᠶᠢᠨ ᠪᠤᠳᠤᠯᠭ᠎ᠠ ᠶᠢᠨ ᠤᠷᠤᠯᠭ᠎ᠠ ᠨᠢ 20 ᠰᠢᠬᠠᠮ ᠲᠦᠮᠡᠨ ᠲᠦᠭᠦᠷᠢᠭ᠌ ᠬᠦᠷᠴᠤ ᠪᠤᠢ᠃ ᠭᠡᠭᠡᠨ ᠰᠠᠷᠠᠭᠤᠯ ᠭᠡᠷ ᠲᠡᠭᠡᠨ ᠰᠠᠭᠤᠵᠤ᠂ ᠲᠡᠷᠡ᠄ 《ᠤᠳᠤ ᠶᠢᠨ ᠬᠤᠲᠠ ᠶᠢᠨ ᠬᠦᠮᠦᠰ ᠤᠨ ᠪᠠᠶᠢᠳᠠᠬ ᠶᠠᠭᠤᠮ᠎ᠠ ᠮᠠᠨ ᠤ ᠬᠢᠨ ᠳᠤ ᠪᠦᠷ ᠪᠤᠢ》 ᠭᠡᠵᠦ ᠢᠨᠢᠶᠡᠮᠰᠦᠭᠯᠡᠨ ᠬᠡᠯᠡᠨ᠎ᠡ᠃

    ᠶᠠᠳᠠᠭᠤ ᠬᠦᠴᠢᠷᠳᠡᠯᠲᠡᠢ ᠠᠴᠠ ᠪᠠᠶᠠᠨ ᠴᠢᠨᠡᠭᠡᠯᠢᠭ᠌ ᠪᠤᠯᠲᠠᠯ᠎ᠠ᠂ ᠢᠳᠡᠵᠦ ᠴᠠᠳᠬᠤ ᠦᠭᠡᠢ ᠠᠴᠠ ᠰᠠᠶᠢᠨ ᠢ ᠢᠳᠡᠬᠦ ᠪᠤᠯᠲᠠᠯ᠎ᠠ᠂ ᠤᠷᠤᠨ ᠰᠠᠭᠤᠴᠠ ᠦᠭᠡᠢ ᠵᠤᠪᠠᠨᠢᠵᠤ ᠪᠠᠶᠢᠭᠰᠠᠨ ᠠᠴᠠ ᠠᠮᠤᠭᠤᠯᠠᠩ ᠰᠠᠭᠤᠴᠠ ᠲᠠᠢ ᠪᠤᠯᠵᠤ᠂ ᠳᠤᠬᠢᠯᠢᠭ ᠰᠠᠭᠤᠴᠠ ᠲᠠᠢ ᠪᠤᠯᠬᠤ ᠪᠤᠯᠲᠠᠯ᠎ᠠ᠂ ᠳᠤᠯᠠᠭᠠᠬᠠᠨ ᠡᠮᠦᠰᠬᠦ ᠶᠢ ᠬᠦᠰᠡᠵᠦ ᠪᠠᠶᠢᠭᠰᠠᠨ ᠠᠴᠠ ᠮᠤᠳ᠋ ᠵᠠᠰᠠᠯ ᠢ ᠬᠦᠭᠡᠭᠡᠴᠡᠯᠳᠦᠬᠦ ᠪᠤᠯᠲᠠᠯ᠎ᠠ ᠁ 70 ᠵᠢᠯ ᠤᠨ ᠲᠤᠷᠰᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠪᠠ ᠤᠷᠤᠯᠭ᠎ᠠ ᠶᠡᠬᠡᠪᠡᠷ ᠰᠠᠶᠢᠵᠢᠷᠠᠪᠠ᠃

    《ᠪᠠᠭ᠎ᠠ ᠡᠪᠡᠳᠴᠢᠨ ᠪᠤᠯ ᠲᠡᠰᠪᠦᠷᠢᠯᠡᠵᠦ᠂ ᠶᠡᠭᠡ ᠡᠪᠡᠳᠴᠢᠨ ᠪᠤᠯ ᠬᠡᠪᠲᠡᠵᠦ᠂ ᠬᠦᠨᠳᠦ ᠡᠪᠡᠳᠴᠢᠨ ᠤᠯᠪᠠᠯ ᠦᠬᠦᠬᠦ ᠪᠠᠨ ᠬᠦᠯᠢᠶᠡᠴᠢᠬᠡᠨ᠎ᠠ》 ᠭᠡᠭ᠍ᠴᠢ ᠪᠠᠷ᠂ ᠦᠪᠦᠷ ᠮᠤᠩᠭᠤᠯ ᠳᠤ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠤ ᠠᠴᠠ ᠡᠮᠦᠨ᠎ᠡ ᠡᠮ ᠡᠮᠨᠡᠯᠭᠡ ᠲᠤᠳᠠᠬᠳᠠᠵᠤ᠂ ᠬᠤᠯᠤᠭᠠᠨ᠎ᠠ ᠶᠢᠨ ᠬᠢᠵᠢᠭ᠌᠂ ᠴᠡᠴᠡᠭ ᠡᠪᠡᠳᠴᠢᠨ᠂ ᠰᠦᠷᠢᠶ᠎ᠡ ᠡᠪᠡᠳᠴᠢᠨ᠂ ᠨᠤᠲᠤᠬ ᠤᠨ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ᠂ ᠭᠠᠵᠠᠷ ᠤᠷᠤᠨ ᠤ ᠡᠪᠡᠳᠴᠢᠨ ᠳᠡᠯᠭᠡᠷᠡᠬᠦ ᠪᠠᠷ᠂ ᠵᠢᠯ ᠪᠤᠯᠭᠠᠨ ᠲᠦᠭ ᠲᠦᠮᠡᠨ ᠬᠦᠮᠦᠨ ᠤ ᠠᠮᠢ ᠨᠠᠰᠤ ᠶᠢ ᠬᠤᠷᠤᠭᠠᠵᠤ᠂ ᠨᠢᠯᠬ᠎ᠠ ᠬᠡᠤᠬᠡᠳ ᠤᠨ ᠦᠬᠦᠬᠦ ᠨᠤᠷᠮ᠎ᠠ 430 ‰ ᠢ᠋ ᠳᠠᠪᠠᠵᠤ᠂ ᠵᠢᠷᠮᠦᠰᠦᠨ ᠪᠦᠰᠡᠬᠦᠢ ᠬᠦᠩᠭᠡᠵᠢᠬᠦ ᠦᠶᠡᠰ ᠲᠡᠭᠡᠨ ᠦᠬᠦᠬᠦ ᠨᠤᠷᠮ᠎ᠠ ᠨᠢ 1600/ 10 ᠲᠦᠮᠡ ᠳᠤ ᠬᠦᠷᠴᠤ᠂ ᠬᠦᠮᠦᠨ ᠳᠤᠮᠳᠠᠴᠢ ᠶᠢᠨ ᠠᠮᠢ ᠨᠠᠰᠤ ᠨᠢ 35 ᠨᠠᠰᠤ ᠬᠦᠷᠬᠦ ᠦᠭᠡᠢ ᠪᠠᠶᠢᠵᠤ᠂ ᠡᠭᠦᠨ ᠳᠤ ᠮᠤᠩᠭᠤᠯ ᠦᠨᠳᠦᠰᠦᠲᠡᠨ ᠤ ᠬᠦᠮᠦᠨ ᠳᠤᠮᠳᠠᠴᠢ ᠶᠢᠨ ᠠᠮᠢ ᠨᠠᠰᠤ ᠨᠢ ᠵᠦᠪᠬᠡᠨ 19.6 ᠨᠠᠰᠤ ᠪᠠᠶᠢᠬᠰᠠᠨ ᠪᠢᠯᠡ᠃

    ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠦᠭ᠍ᠵᠢᠯᠲᠡ ᠶᠢᠨ ᠦᠷ᠎ᠡ ᠪᠦᠲᠦᠮᠵᠢ ᠤᠯᠠᠨ ᠤ ᠠᠩᠬᠠᠷᠤᠯ ᠢ ᠳᠠᠳᠠᠵᠤ᠂ ᠬᠦᠮᠦᠰ ᠬᠠᠯᠳᠠᠪᠤᠷᠢᠲᠤ ᠡᠪᠡᠳᠴᠢᠨ ᠪᠠ ᠭᠠᠵᠠᠷ ᠤᠷᠤᠨ ᠤ ᠡᠪᠡᠳᠴᠢᠨ ᠤ ᠬᠤᠤᠷᠯᠠᠯ ᠠᠴᠠ ᠠᠭᠠᠵᠢᠮ ᠢᠶᠠᠷ ᠮᠤᠯᠲᠤᠷᠴᠤ᠂ ᠬᠦᠳᠡᠭᠡ ᠲᠠᠯ᠎ᠠ ᠳᠤ ᠬᠦᠮᠦᠨ ᠠᠮᠠ ᠦᠨᠢᠷ ᠦᠰᠬᠦ ᠪᠠᠶᠢᠳᠠᠯ ᠢᠯᠡᠷᠡᠪᠡ᠃ ᠤᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠬᠤᠲᠠ ᠬᠦᠳᠡᠭᠡ ᠶᠢ ᠨᠡᠶᠢᠳᠡᠮ ᠬᠠᠮᠤᠷᠤᠭᠰᠠᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠪᠦᠷᠢᠯᠳᠦᠵᠦ᠂ ᠡᠮᠴᠢᠯᠡᠭᠡᠨ ᠤ ᠲᠦᠪᠰᠢᠨ ᠶᠡᠬᠡᠪᠡᠷ ᠳᠡᠭᠡᠭ᠍ᠰᠢᠯᠡᠵᠦ᠂ ᠬᠦᠮᠦᠨ ᠳᠤᠮᠳᠠᠴᠢ ᠶᠢᠨ ᠵᠢᠱᠢᠭᠰᠡᠨ ᠠᠮᠢ ᠨᠠᠰᠤ ᠨᠢᠭᠡᠨᠲᠡ 75.8 ᠨᠠᠰᠤ ᠪᠤᠯᠵᠤ ᠨᠡᠮᠡᠭᠳᠡᠭᠰᠡᠨ ᠪᠠᠶᠢᠨ᠎ᠠ᠃

    ᠨᠢᠳᠤᠨᠤᠨ᠂ ᠦᠪᠦᠷ ᠮᠤᠩᠭᠤᠯ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠨᠢ 32975 ᠲᠦᠭᠦᠷᠢᠭ᠌ ᠲᠤ ᠬᠦᠷᠴᠤ᠂ ᠮᠠᠯᠴᠢᠨ ᠲᠠᠷᠢᠶᠠᠴᠢᠨ ᠤ ᠬᠦᠮᠦᠨ ᠳᠤᠮᠳᠠᠴᠢ ᠶᠢᠨ ᠴᠡᠪᠡᠷ ᠤᠷᠤᠯᠭ᠎ᠠ ᠨᠢ 11609 ᠲᠦᠭᠦᠷᠢᠭ᠌ ᠲᠤ ᠬᠦᠷᠴᠠᠢ᠃ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠳᠠᠮᠵᠢᠨ᠂ 2020 ᠤᠨ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠪᠤᠯ ᠶᠠᠳᠠᠭᠤ ᠬᠦᠴᠢᠷᠳᠡᠯᠲᠡᠢ ᠬᠦᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠦᠬᠦ ᠤᠯᠤᠰ ᠲᠠᠢ ᠵᠡᠷᠭᠡᠪᠡᠷ ᠪᠦᠬᠦ ᠲᠠᠯ᠎ᠠ ᠪᠠᠷ ᠴᠢᠨᠡᠭᠡᠯᠢᠭ᠍ᠵᠢᠬᠦ ᠶᠢ ᠪᠡᠶᠡᠯᠡᠭᠦᠯᠬᠦ ᠪᠤᠯᠤᠨ᠎ᠠ᠃

    ᠨᠢᠭᠡᠨ ᠰᠢᠷᠢᠰ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠤᠤᠷ᠎ᠠ᠂ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠦᠢᠯᠡᠰ ᠲᠦᠷᠭᠡᠨ ᠬᠦᠭ᠍ᠵᠢᠵᠦ᠂ ᠬᠤᠲᠠ ᠬᠦᠳᠡᠭᠡ ᠶᠢ ᠪᠦᠷᠬᠦᠭ᠍ᠰᠡᠨ᠂ ᠱᠠᠳᠤ ᠳᠠᠪᠬᠤᠷᠭ᠎ᠠ ᠪᠦᠷᠢᠨ ᠭᠦᠢᠴᠡᠳ ᠤᠳᠤᠬᠢᠴᠢᠯᠠᠬᠰᠠᠨ ᠰᠤᠷᠭᠠᠭᠤᠯᠢ ᠡᠷᠬᠢᠯᠡᠬᠦ ᠰᠢᠰᠲ᠋ᠧᠮ ᠢ ᠪᠦᠷᠢᠯᠳᠦᠭᠦᠯᠵᠦ᠂ ᠨᠢᠳᠦᠨᠤᠨ ᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ ᠨᠢ ᠲᠤᠰ ᠲᠤᠰ 93% ᠪᠠ 33% ᠠᠴᠠ ᠳᠡᠭᠡᠭ᠍ᠰᠢ ᠳᠤ ᠬᠦᠷᠪᠡ᠂ ᠡᠭᠦᠨ ᠲᠠᠢ ᠬᠠᠷᠢᠴᠠᠭᠤᠯᠤᠯ ᠪᠤᠯᠬᠤ ᠨᠢ᠂ ᠦᠪᠦᠷ ᠮᠤᠩᠭᠤᠯ ᠳᠤ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠤ ᠠᠴᠠ ᠡᠮᠦᠨᠡᠬᠢ ᠬᠦᠮᠦᠨ ᠠᠮᠠ ᠶᠢᠨ ᠪᠢᠴᠢᠭ᠌ ᠤᠨ ᠪᠠᠯᠠᠢ ᠪᠠᠶᠢᠬᠤ ᠨᠤᠷᠮ᠎ᠠ ᠨᠢ 90% ᠰᠢᠬᠠᠮ ᠪᠠᠶᠢᠵᠠᠢ᠃ ᠤᠳᠤ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠨᠡᠩ ᠴᠤ ᠡᠳᠦᠷ ᠠᠴᠠ ᠡᠳᠦᠷ ᠦᠭᠡᠳᠡᠯᠡᠨ ᠮᠠᠨᠳᠤᠵᠤ᠂ ᠰᠤᠷᠭᠠᠭᠤᠯᠢ ᠡᠷᠬᠢᠯᠡᠬᠦ ᠨᠦᠬᠦᠴᠡᠯ ᠨᠢ ᠠᠳᠠᠯᠢ ᠱᠠᠲᠤᠨ ᠤ ᠰᠤᠷᠭᠠᠭᠤᠯᠢ ᠳᠤᠮᠳᠠ ᠰᠢᠯᠢᠳᠡᠭ ᠲᠦᠪᠰᠢᠨ ᠢ ᠪᠠᠳᠤᠯᠠᠵᠤ᠂ ᠡᠯ᠎ᠡ ᠰᠤᠷᠬᠤ ᠨᠠᠰᠤᠨ ᠤ ᠴᠦᠬᠡᠨ ᠲᠤᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠬᠴᠢ ᠶᠢᠨ ᠬᠠᠷᠢᠴᠠᠯ ᠨᠢ ᠴᠦᠮ ᠪᠦᠬᠦ ᠤᠷᠤᠨ ᠤ ᠬᠦᠮᠦᠨ ᠠᠮᠠ ᠳᠠᠬᠢ ᠡᠵᠡᠯᠡᠬᠦ ᠬᠠᠷᠢᠴᠠᠯ ᠢ ᠳᠠᠪᠠᠵᠤ᠂ ᠪᠦᠬᠦ ᠤᠯᠤᠰ ᠤᠨ ᠡᠮᠦᠨ᠎ᠠ ᠡᠩᠨᠡᠭᠡᠨ ᠳᠤ ᠤᠷᠤᠨ᠎ᠠ᠃

    70 ᠵᠢᠯ ᠤᠨ ᠲᠤᠷᠰᠢᠬᠢ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭ᠍ᠵᠢᠯᠲᠡ ᠳᠠᠬᠢ ᠭᠡᠷᠡᠯ ᠰᠠᠴᠤᠷᠠᠩᠭᠤᠢ ᠦᠷ᠎ᠡ ᠪᠦᠲᠦᠮᠵᠢ ᠶᠢ ᠲᠤᠭᠠᠯᠠᠭᠠᠳ ᠪᠠᠷᠠᠰᠢ ᠦᠭᠡᠢ᠃ 《ᠡᠳᠡᠭᠡᠷ ᠨᠢ ᠴᠦᠮ ᠨᠠᠮ ᠤᠨ ᠦᠨᠳᠦᠰᠦᠲᠡᠨ ᠤ ᠲᠤᠬᠠᠢ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠪᠠ ᠤᠨᠤᠯ ᠤᠨ ᠵᠢᠯᠤᠭᠤᠳᠤᠯᠭ᠎ᠠ ᠶᠢᠨ ᠰᠠᠭᠤᠷᠢᠨ ᠳᠤ ᠤᠯᠤᠬᠰᠠᠨ ᠶᠤᠮ᠂ ᠮᠦᠨᠴᠤ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠠᠮᠵᠢᠯᠲᠠᠲᠠᠢ ᠪᠠᠷ ᠦᠢᠯᠡᠳᠦᠯᠭᠡᠵᠢᠭᠦᠯᠦᠭᠰᠡᠨ ᠦᠷ᠎ᠡ ᠪᠦᠲᠦᠭᠡᠯ ᠪᠠ ᠬᠦᠰᠢᠶ᠎ᠠ ᠲᠡᠮᠳᠡᠭ ᠪᠤᠯᠤᠨ᠎ᠠ》 ᠭᠡᠵᠦ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠴᠢᠮᠡᠳᠳᠤᠷᠵᠢ ᠶᠠᠷᠢᠵᠦ ᠪᠠᠶᠢᠯ᠎ᠠ᠃

    ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠬᠰᠠᠨ 70 ᠵᠢᠯ ᠤᠨ ᠤᠢ ᠪᠠᠨ ᠤᠭᠳᠤᠵᠤ᠂ ᠳᠠᠷᠪᠠᠭᠤᠯ ᠬᠡᠶᠢᠰᠭᠡᠨ ᠰᠢᠨ᠎ᠠ ᠠᠶᠠᠨ ᠳᠠᠭᠠᠨ ᠮᠤᠷᠳᠠᠨᠠᠮ! 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791120904626