ᠰᠢ ᠵᠢᠨ ᠫᠢᠩ ᠠᠷᠭᠧᠨ᠋ᠲ᠋ᠢᠨ ᠤ ᠶᠡᠷᠦᠩᠭᠡᠢᠢᠯᠡᠭᠴᠢ ᠮᠠᠺᠷᠢ ᠲᠠᠢ ᠭᠡᠯᠡᠯᠴᠡᠭᠡ ᠬᠢᠪᠡ 2017-05-18 09:04

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ ) ᠤᠯᠤᠰ ᠤᠨ ᠲᠡᠷᠢᠬᠦᠯᠡᠭᠴᠢ ᠰᠢ ᠵᠢᠨ ᠫᠢᠩ 17 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳ᠋ᠦ ᠠᠷᠭᠧᠨ᠋ᠲ᠋ᠢᠨ ᠤ ᠶᠡᠷᠦᠩᠭᠡᠢᠢᠯᠡᠭᠴᠢ ᠮᠠᠺᠷᠢ ᠲᠠᠢ ᠭᠡᠯᠡᠯᠴᠡᠭᠡ ᠬᠢᠵᠠᠢ᠃ ᠬᠤᠶᠠᠷ ᠤᠯᠤᠰ ᠤᠨ ᠲᠡᠷᠢᠬᠦᠨ ᠬᠤᠶᠠᠷ ᠤᠯᠤᠰ ᠤᠨ ᠪᠦᠬᠦ ᠰᠠᠯᠪᠤᠷᠢ ᠳ᠋ᠡᠬᠢ ᠬᠠᠷᠢᠯᠴᠠᠨ ᠠᠰᠢᠭ ᠬᠦᠷᠲᠡᠭᠡᠬᠦ ᠨᠦᠬᠦᠷᠰᠡᠭ ᠬᠠᠮᠲᠤ ᠶᠢᠨ ᠠᠵᠢᠯᠯᠠᠭ᠎ᠠ ᠶᠢ ᠦᠷᠭᠡᠳᠭᠡᠵᠤ ᠳᠤᠮᠳᠠᠳᠤ ᠠᠷᠭᠧᠨ᠋ᠲ᠋ᠢᠨ ᠤ ᠪᠦᠬᠦ ᠲᠠᠯ᠎ᠠ ᠵᠢᠨ ᠪᠠᠢᠢᠯᠳᠤᠬᠤ ᠪᠤᠳᠤᠯᠭ᠎ᠠ ᠵᠢᠨ ᠳᠦᠩᠰᠢᠯᠡᠯ ᠤᠨ ᠬᠠᠷᠢᠯᠴᠠᠭᠠᠨ ᠤ ᠨᠡᠩ ᠶᠡᠭᠡ ᠬᠦᠭᠵᠢᠯᠳᠠ ᠲᠠᠢ ᠪᠤᠯᠬᠤ ᠵᠢ ᠠᠬᠢᠭᠤᠯᠤᠨ᠎ᠠ ᠭᠡᠵᠦ ᠰᠠᠨᠠᠯ ᠨᠢᠭᠡᠳᠠᠢ ᠵᠦᠪᠰᠢᠶᠡᠷᠡᠪᠡ᠃

    ᠰᠢ ᠵᠢᠨ ᠫᠢᠩ᠂ ᠡᠨᠡ ᠵᠢᠯ ᠪᠤᠯ ᠳᠤᠮᠳᠠᠳᠤ ᠠᠷᠭᠧᠨ᠋ᠲ᠋ᠢᠨ ᠤ ᠭᠠᠳᠠᠭᠠᠳᠦ ᠬᠠᠷᠢᠯᠴᠠᠭ᠎ᠠ ᠪᠠᠢᠢᠭᠤᠯᠤᠭᠰᠠᠨ 45 ᠵᠢᠯ ᠤᠨ ᠤᠢ ᠪᠤᠯᠤᠨ᠎ᠠ᠃ ᠳᠤᠮᠳᠠᠳᠤ ᠠᠷᠭᠧᠨ᠋ᠲ᠋ᠢᠨ ᠬᠤᠶᠠᠷ ᠤᠯᠤᠰ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠪᠠ ᠴᠢᠬᠤᠯᠠ ᠰᠢᠨ᠎ᠠ ᠪᠡᠷ ᠮᠠᠨᠳᠤᠭᠰᠠᠨ ᠵᠠᠬ᠎ᠠ ᠳᠡᠯᠭᠡᠬᠦᠷ ᠤᠨ ᠤᠯᠤᠰ ᠪᠤᠯᠤᠭᠰᠠᠨ ᠤ ᠬᠤᠪᠢ ᠳ᠋ᠦ ᠬᠤᠶᠠᠷ ᠲᠠᠯ᠎ᠠ ᠢᠢᠨ ᠬᠠᠮᠳᠤ ᠶᠢᠨ ᠠᠵᠢᠯᠯᠠᠭ᠎ᠠ ᠪᠡᠨ ᠴᠢᠩᠭᠠᠳᠬᠠᠬᠤ ᠨᠢ ᠬᠤᠶᠠᠷ ᠤᠯᠤᠰ ᠪᠠ ᠬᠤᠶᠠᠷ ᠤᠯᠤᠰ ᠤᠨ ᠢᠷᠬᠡᠳ ᠤᠨ ᠦᠨᠳᠦᠰᠦᠨ ᠠᠰᠢᠬ ᠲᠤᠰᠠ ᠳ᠋ᠦ ᠨᠡᠢᠢᠴᠡᠬᠦ ᠪᠡᠷ ᠪᠠᠷᠠᠬᠤ ᠦᠭᠡᠢ ᠪᠠᠰᠠ ᠳᠡᠯᠡᠭᠡᠢ ᠵᠢᠨ ᠬᠦᠭᠵᠢᠯ ᠪᠠᠳᠠᠷᠠᠯ ᠲᠤᠭᠳᠠᠭᠤᠨ ᠢ ᠠᠬᠢᠭᠤᠯᠬᠤ ᠳ᠋ᠦ ᠠᠰᠢᠬᠳᠠᠢ ᠶᠤᠮ᠃ ᠳᠤᠮᠳᠠᠳᠤ ᠠᠷᠭᠧᠨ᠋ᠲ᠋ᠢᠨ ᠬᠤᠶᠠᠷ ᠲᠠᠯ᠎ᠠ ᠪᠡᠷ ᠢᠶᠡᠨ ᠤᠯᠤᠰ ᠲᠦᠷᠦ ᠵᠢᠨ ᠬᠠᠮᠳᠦ ᠵᠢᠨ ᠲᠠᠨᠢᠯᠳᠠ ᠵᠢ ᠪᠡᠬᠢᠵᠢᠬᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠬᠦᠭᠵᠢᠯᠳᠠ ᠵᠢᠨ ᠴᠢᠭᠯᠡᠯ ᠢ ᠰᠠᠢᠢᠳᠤᠷ ᠬᠦᠲᠦᠯᠵᠤ᠂ ᠬᠤᠶᠠᠷ ᠤᠯᠤᠰ ᠤᠨ ᠬᠠᠮᠳᠤ ᠶᠢᠨ ᠠᠵᠢᠯᠯᠠᠭᠠᠨ ᠤ ᠦᠷ᠎ᠠ ᠪᠦᠳᠦᠭᠡᠯ ᠢ ᠬᠤᠶᠠᠷ ᠤᠯᠤᠰ ᠤᠨ ᠢᠷᠬᠡᠳ ᠲᠤ ᠨᠡᠩ ᠰᠠᠢᠢᠳᠤᠷ ᠬᠦᠷᠳᠡᠭᠡᠶ᠎ᠠ ᠭᠡᠪᠠ᠃(ᠳᠤᠪᠴᠢᠯᠠᠯ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
010070230030000000000000011120701120992059