ᠰᠢ ᠶᠢᠨ ᠫᠢᠩ ᠨᠠᠶ᠋ᠮᠠᠨ ᠤᠯᠤᠰ ᠤᠨ ᠲᠤᠮᠳᠠᠳᠤ ᠤᠯᠤᠰ ᠲᠤ ᠰᠠᠭᠤᠬᠤ ᠰᠢᠨ᠎ᠡ ᠪᠠᠷ ᠲᠤᠮᠢᠯᠠᠭᠳᠠᠭᠰᠠᠠ ᠡᠯᠴᠢᠨ ᠰᠠᠶᠢᠳ ᠤᠨ ᠭᠠᠷᠳᠠᠭᠤᠯᠤᠭᠰᠠᠠ ᠲᠦᠷᠦ ᠶᠢᠨ ᠪᠢᠴᠢᠭ᠌ ᠢ ᠬᠦᠯᠢᠶᠡᠨ ᠠᠪᠤᠪᠠ 2017-07-13 11:48

    ᠰᠢᠨᠬᠤᠧᠠ ᠬᠤᠷᠢᠶ᠎ᠠ   ᠪᠡᠭᠡᠵᠢᠩ ᠤᠨ 7 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ   ᠤᠯᠤᠰ ᠤᠨ ᠲᠡᠷᠢᠬᠦᠯᠡᠭᠴᠢ ᠰᠢ ᠶᠢᠨ ᠫᠢᠩ 12 ᠤᠨ ᠡᠳᠤᠷ ᠠᠷᠠᠳ ᠤᠨ ᠶᠡᠭᠡ ᠬᠤᠷᠠᠯ ᠤᠨ ᠲᠠᠩᠬᠢᠮ ᠳᠤ 8 ᠤᠯᠤᠰ ᠤᠨ ᠲᠣᠮᠳᠠᠳᠣ ᠤᠯᠤᠰ ᠲᠤ ᠰᠠᠭᠤᠬᠤ ᠰᠢᠨ᠎ᠡ ᠪᠠᠷ ᠲᠤᠮᠢᠯᠠᠭᠳᠠᠭᠰᠠ ᠡᠯᠴᠢᠨ ᠰᠠᠶᠢᠳ ᠤᠨ ᠭᠠᠷᠳᠠᠭᠤᠯᠤᠭᠰᠠᠠ ᠲᠦᠷᠦ ᠶᠢᠨ ᠪᠢᠴᠢᠭ᠌ ᠢ ᠬᠦᠯᠢᠶᠡᠨ ᠠᠪᠤᠪᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠤ ᠡᠬᠦᠳᠡᠨ ᠤ ᠭᠠᠳᠠᠨᠠᠬᠢ ᠱᠠᠳᠤᠨ ᠲᠡᠭᠡᠷ᠎ᠡ᠂ ᠶᠤᠰᠤᠯᠠᠯ ᠤᠨ ᠴᠡᠷᠢᠭ ᠬᠤᠶᠠᠷ ᠭᠠᠷᠤᠯᠠᠨ ᠵᠤᠭᠰᠤᠭᠰᠠᠠ ᠪᠠᠶᠢᠯ᠎ᠠ᠃ ᠲᠤᠮᠳᠠᠳᠤ ᠤᠯᠤᠰ ᠲᠤ ᠰᠠᠭᠤᠬᠤ ᠰᠢᠨ᠎ᠡ ᠪᠠᠷ ᠲᠤᠮᠢᠯᠠᠭᠳᠠᠭᠰᠠᠠ ᠡᠯᠴᠢᠨ ᠰᠠᠶᠢᠳ ᠨᠡᠷ ᠤᠷᠢᠳ ᠬᠤᠵᠢᠳ ᠬᠦᠷᠦᠯᠴᠡᠨ ᠢᠷᠡᠵᠥ᠂ ᠱᠠᠳᠤ ᠶᠢ ᠲᠠᠭᠠᠨ ᠦᠭᠰᠦᠵᠥ᠂ ᠪᠡᠭᠡᠵᠢᠩ ᠲᠢᠩᠬᠢᠮ ᠳᠤ ᠤᠷᠤᠪᠠ᠃ 《ᠪᠡᠭᠡᠵᠢᠩ ᠤᠨ ᠲᠦᠢᠮᠤ》 ᠵᠢᠷᠤᠭ ᠤᠨ ᠡᠮᠤᠨ᠎ᠡ᠂ ᠡᠯᠴᠢᠨ ᠰᠠᠶᠢᠳ ᠨᠠᠷ ᠲᠡᠰ ᠲᠠᠷᠠᠭ᠎ᠠ ᠲᠠᠢ ᠪᠠᠷ ᠰᠢ ᠶᠢᠨ ᠫᠢᠩ ᠳᠤ ᠲᠦᠷᠦ ᠶᠢᠨ ᠪᠢᠴᠢᠭ᠌ ᠢᠶᠠᠨ ᠭᠠᠷᠳᠠᠭᠤᠯᠪᠡ᠂ ᠰᠢ ᠶᠢᠨ ᠫᠢᠩ ᠲᠡᠳᠡᠨ ᠲᠠᠢ ᠨᠢᠬᠡᠳ ᠨᠢᠬᠡ ᠪᠠᠷ ᠭᠠᠷ ᠠᠳᠬᠤᠵᠥ᠂ ᠬᠠᠮᠳᠤ ᠬᠡᠷᠡᠯ ᠵᠢᠷᠤᠭ ᠲᠠᠳᠠᠭᠤᠯᠵᠠᠢ᠃ ᠲᠤᠮᠳᠠᠳᠤ ᠤᠯᠤᠰ ᠲᠤ ᠰᠠᠭᠤᠭ᠎ᠠ 8 ᠰᠢᠨ᠎ᠡ ᠪᠠᠷ ᠲᠤᠮᠢᠯᠠᠭᠳᠠᠭᠰᠠᠠ ᠡᠯᠴᠢᠨ ᠰᠠᠶᠢᠳ ᠪᠤᠯ᠄ ᠲᠤᠮᠳᠠᠳᠤ ᠤᠯᠤᠰ ᠲᠤ ᠰᠠᠭᠤᠬᠤ ᠠᠯᠪᠠᠨᠢᠶ᠎ᠠ ᠶᠢᠨ ᠡᠯᠴᠢᠨ ᠰᠠᠶᠢᠳ ᠂ ᠲᠤᠮᠳᠠᠳᠤ ᠤᠯᠤᠰ ᠲᠤ ᠰᠠᠭᠤᠬᠤ ᠮᠧᠺᠰᠢᠺᠤ ᠶᠢᠨ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠬᠤ ᠺᠢᠷᠬᠢᠽᠰᠲ᠋ᠠᠨ ᠤ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠬᠤ ᠪᠤᠼᠸᠠᠨᠠ ᠶᠢᠨ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠬᠤ ᠭᠠᠨᠠ ᠶᠢᠨ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠬᠤ ᠠᠮᠧᠷᠢᠺᠠ ᠶᠢᠨ ᠡᠯᠴᠢᠨ ᠰᠠᠶᠢᠳ ᠂ ᠲᠤᠮᠳᠠᠳᠤ ᠤᠯᠤᠰ ᠲᠤ ᠰᠠᠭᠤᠬᠤ ᠹᠷᠠᠨᠼᠢ ᠶᠢᠨ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠬᠤ ᠺᠤᠰᠲ᠋ᠠ ᠷᠢᠺᠡ ᠶᠢᠨ ᠡᠯᠴᠢᠨ ᠰᠠᠶᠢᠳ ᠪᠤᠯᠤᠨ᠎ᠠ᠃

    ᠰᠢ ᠶᠢᠨ ᠫᠢᠩ ᠡᠯ᠎ᠠ ᠤᠯᠤᠰ ᠤᠨ ᠡᠯᠴᠢᠳ ᠤᠨ ᠳᠤᠮᠳᠠᠳᠤ ᠤᠯᠤᠰ ᠲᠤ ᠢᠷᠡᠵᠤ ᠲᠤᠰᠢᠶᠠᠯ ᠡᠭᠦᠷᠭᠡᠯᠡᠭᠰᠡᠨ ᠢ ᠪᠠᠶᠠᠷᠯᠠᠨ ᠤᠭᠲᠤᠵᠤ᠂ ᠡᠯ᠎ᠠ ᠬᠤᠯᠪᠤᠭᠳᠠᠯ ᠪᠦᠬᠦᠢ ᠤᠯᠤᠰ ᠤᠨ ᠤᠳᠤᠷᠢᠳᠬᠤ ᠬᠦᠮᠦᠰ ᠪᠤᠯᠤᠨ ᠠᠷᠠᠳ ᠲᠦᠮᠡᠨ ᠳᠤ ᠴᠢᠩ ᠰᠡᠳᠭᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠦᠩᠨᠡᠯ ᠳᠡᠪᠰᠢᠭᠦᠯᠵᠤ ᠪᠠᠶᠢᠬᠤ ᠶᠢ ᠲᠮᠠᠵᠢᠭᠤᠯᠵᠤ ᠦᠭ᠍ᠬᠦ ᠶᠢ ᠬᠦᠰᠡᠪᠡ᠃ ᠲᠡᠷᠡ᠂ ᠳᠤᠮᠳᠠᠳᠤ ᠤᠯᠤᠰ ᠤᠨ ᠵᠠᠰᠠᠭ ᠤᠨ ᠤᠷᠳᠤᠨ ᠡᠯ᠎ᠠ ᠤᠯᠤᠰ ᠤᠨ ᠡᠯᠴᠢᠨ ᠤ ᠲᠤᠰᠢᠶᠠᠯ ᠡᠭᠦᠷᠭᠡᠯᠡᠬᠦ ᠳᠤ ᠳᠦᠭᠦᠮ ᠳᠦᠳᠡ ᠪᠠ ᠳᠡᠮᠵᠢᠯᠭᠡ ᠬᠠᠩᠭ᠋ᠠᠨ᠎ᠠ᠂ ᠡᠯᠴᠢᠳ ᠬᠦᠭᠦᠷᠭᠡ ᠪᠠ ᠬᠤᠯᠪᠤᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠦᠭ᠍ᠵᠢᠯᠲᠠ ᠶᠢ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠬᠦ ᠶᠢ ᠬᠦᠰᠡᠵᠤ ᠪᠠᠶᠢᠨ᠎ᠠ ᠭᠡᠵᠤ ᠵᠢᠭᠠᠵᠤ ᠭᠠᠷᠭᠠᠵᠠᠢ᠃ ᠰᠢ ᠶᠢᠨ ᠫᠢᠩ ᠳᠤᠮᠳᠠᠳᠤ ᠤᠯᠤᠰ ᠪᠤᠯᠤᠨ ᠡᠯ᠎ᠠ ᠤᠯᠤᠰ ᠤᠨ ᠰᠠᠶᠢᠨ ᠰᠠᠶᠢᠬᠠᠨ ᠬᠠᠷᠢᠯᠴᠠᠭ᠎ᠠ ᠪᠠ ᠤᠯᠠᠮᠵᠢᠯᠠᠯᠲᠦ ᠨᠦᠬᠦᠷᠯᠡᠯ ᠢ ᠢᠳᠡᠪᠬᠢᠲᠠᠢ ᠪᠠᠷ ᠦᠨᠡᠯᠡᠵᠤ᠂ ᠳᠤᠮᠳᠠᠳᠤ ᠤᠯᠤᠰ ᠳᠤᠷᠠᠳᠠᠶ᠎ᠠ ᠡᠯ᠎ᠠ ᠤᠯᠤᠰ ᠯᠤᠭ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠨ ᠴᠢᠩᠭ᠋ᠠᠳᠬᠠᠵᠤ᠂ ᠪᠤᠳᠠᠳᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠭᠦᠨᠵᠡᠭᠡᠶᠢᠷᠡᠭᠦᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠠ ᠠᠬᠢᠯᠲᠠ ᠲᠠᠢ ᠪᠤᠯᠬᠤ ᠶᠢ ᠠᠬᠢᠭᠤᠯᠤᠨ᠎ᠠ ᠭᠡᠵᠤ ᠵᠢᠭᠠᠵᠤ ᠭᠠᠷᠭᠠᠪᠠ᠃

    ᠡᠯ᠎ᠠ ᠤᠯᠤᠰ ᠤᠨ ᠡᠯᠴᠢᠳ ᠲᠤᠰ ᠲᠤᠰ ᠤᠨ ᠤᠯᠤᠰ ᠤᠨ ᠤᠳᠤᠷᠢᠳᠬᠤ ᠬᠦᠮᠦᠰ ᠤᠨ ᠰᠢ ᠶᠢᠨ ᠫᠢᠩ ᠳᠤ ᠳᠡᠪᠰᠢᠭᠦᠯᠦᠭᠰᠡᠨ ᠳᠤᠳᠤᠨᠤ ᠮᠡᠨᠳᠦᠴᠢᠯᠡᠯ ᠢ ᠳᠠᠮᠵᠢᠭᠤᠯᠵᠤ᠂ ᠡᠯ᠎ᠠ ᠤᠯᠤᠰ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠠᠷᠠᠳ ᠤᠨ ᠬᠤᠭᠤᠷᠤᠨᠳᠤᠬᠢ ᠨᠦᠬᠦᠷᠯᠡᠯ ᠢ ᠨᠠᠨᠳᠢᠩᠨᠠᠵᠤ᠂ 《ᠨᠢᠭᠡ ᠪᠦᠰᠡ ᠨᠢᠭᠡ ᠵᠠᠮ》 ᠢ᠋ ᠬᠠᠮᠲᠦ ᠪᠠᠷ ᠪᠦᠲᠦᠭᠡᠨ ᠪᠠᠶᠢᠭᠤᠯᠬᠤ ᠵᠡᠷᠭᠡ ᠪᠠᠷ ᠳᠠᠮᠵᠢᠭᠤᠯᠵᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠤ ᠪᠠᠶᠢᠨ᠎ᠠ ᠭᠡᠵᠤ ᠢᠯᠡᠳᠭᠡᠵᠡᠭᠡᠪᠡ᠃ ᠡᠯᠴᠢᠳ᠂ ᠳᠤᠮᠳᠠᠳᠤ ᠤᠯᠤᠰ ᠲᠤ ᠢᠷᠡᠵᠤ ᠡᠯᠴᠢᠨ ᠤ ᠲᠤᠰᠢᠶᠠᠯ ᠡᠭᠦᠷᠭᠡᠯᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠂ ᠳᠤᠷᠠᠳᠠᠶ᠎ᠠ ᠬᠤᠶᠠᠷ ᠤᠯᠤᠰ ᠤᠨ ᠠᠷᠠᠳ ᠲᠦᠮᠡᠨ ᠤ ᠬᠤᠭᠤᠷᠤᠨᠳᠤᠬᠢ ᠤᠢᠢᠯᠠᠭᠠᠯᠴᠠᠭ᠎ᠠ ᠪᠠ ᠢᠳᠡᠭᠡᠯᠴᠡᠭᠡ ᠶᠢ ᠨᠡᠮᠡᠭᠳᠡᠭᠦᠯᠵᠤ᠂ ᠬᠤᠶᠠᠷ ᠤᠯᠤᠰ ᠤᠨ ᠡᠯ᠎ᠠ ᠬᠦᠷᠢᠶᠡᠨ ᠤ ᠰᠤᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠᠷ ᠴᠢᠷᠮᠠᠶᠢᠨ᠎ᠠ ᠭᠡᠵᠤ ᠢᠯᠡᠳᠭᠡᠵᠡᠭᠡᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121313065