蒙古文网站Logo
ᠰᠢᠨᠬᠤᠸᠠ ᠮᠤᠩᠭ᠋ᠤᠯ ᠨᠧᠲ

2017 ᠤᠨ ᠤ ᠳᠤᠮᠳᠠᠳᠤ ᠤᠯᠤᠰ ᠤᠨ ᠦᠢᠯᠡᠰ ᠪᠤᠰᠬᠠᠯᠳᠠ ᠰᠢᠨ᠎ᠡ ᠡᠬᠦᠳᠦᠯᠳᠡ ᠶᠢᠨ ᠦᠵᠡᠰᠬᠦᠯᠡᠩ ᠤᠯᠠᠭᠠᠨᠴᠠᠪ ᠲᠤ ᠨᠡᠬᠡᠬᠡᠯᠳᠡ ᠪᠡᠨ ᠬᠢᠪᠡ

2017-07-17 17:39

    ᠰᠢᠨᠬᠤᠧᠠ ᠨᠧᠲ ᠤᠯᠠᠭᠠᠨᠴᠠᠪ ᠤᠨ 7 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠵᠠᠩ ᠰᠢᠤᠧᠠᠢ ᠬᠤᠧᠠ᠂ ᠬᠤᠤ ᠹᠠᠩ ᠹᠠᠩ᠂ ᠪᠤᠯᠤᠷᠴᠡᠴᠡᠭ) 17 ᠤ ᠡᠳᠦᠷ᠂ 2017 ᠤᠨ ᠤ ᠳᠤᠮᠳᠠᠳᠤ ᠤᠯᠤᠰ ᠤᠨ ᠦᠢᠯᠡᠰ ᠪᠤᠰᠬᠠᠯᠳᠠ ᠰᠢᠨ᠎ᠡ ᠡᠬᠦᠳᠦᠯᠳᠡ ᠶᠢᠨ ᠦᠵᠡᠰᠬᠦᠯᠡᠩ ᠤᠯᠠᠭᠠᠨᠴᠠᠪ ᠬᠤᠳᠠ ᠶᠢᠨ ᠳᠠᠯ᠎ᠠ ᠨᠤᠳᠤᠭ ᠤᠨ ᠳᠤᠷᠭᠠᠨ ᠤ ᠵᠠᠮ ᠤᠨ ᠦᠵᠡᠰᠬᠦᠯᠡᠩ ᠬᠤᠳᠠᠯᠳᠤᠭᠠᠨ ᠤ ᠳᠦᠪ ᠲᠤ ᠦᠪᠡᠳᠡᠭᠰᠢ ᠶᠡᠬᠡᠪᠡᠷ ᠨᠡᠬᠡᠬᠡᠯᠳᠡ ᠪᠡᠨ ᠬᠢᠪᠡ᠃ 

    5 ᠡᠳᠦᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠬᠤ ᠡᠨᠡᠬᠦ ᠦᠵᠡᠰᠬᠦᠯᠡᠩ ᠢᠶᠡᠷ ᠤᠯᠤᠰ ᠲᠠᠶᠠᠭᠠᠷ ᠤᠨ ᠡᠯ᠎ᠡ ᠭᠠᠵᠠᠷ ᠤᠨ ᠵᠠᠰᠠᠭ ᠤᠨ ᠤᠷᠳᠤᠨ ᠤ ᠤᠳᠤᠷᠢᠳᠬᠤ ᠬᠦᠮᠦᠰ ᠪᠠ ᠳᠤᠰᠬᠠᠢ ᠮᠡᠷᠬᠡᠵᠢᠯᠳᠡᠳ᠂ ᠨᠡᠷᠡᠳᠦ ᠠᠵᠤ ᠠᠬᠤᠶᠢᠯᠠᠯᠳᠠᠳ᠂ ᠰᠢᠯᠢᠳᠡᠭ ᠰᠢᠨ᠎ᠡ ᠶᠢ ᠡᠬᠦᠳᠦᠭᠴᠢ ᠨᠠᠷ ᠬᠤᠷᠠᠨ ᠴᠤᠭᠯᠠᠷᠠᠵᠤ᠂ ᠳᠡᠬᠡᠳᠦ ᠳᠦᠪᠰᠢᠨ ᠤ 12 ᠹᠤᠷᠦ᠋ᠮ ᠳᠤ ᠤᠷᠤᠯᠴᠠᠨ《ᠰᠢᠨ᠎ᠠ ᠬᠡᠷᠡᠭᠴᠡᠬᠡ᠂ ᠰᠢᠨ᠎ᠡ ᠪᠠᠶᠢᠳᠠᠯ᠂ ᠰᠢᠨ᠎ᠡ ᠴᠢᠳᠠᠪᠬᠢ》ᠬᠡᠮᠡᠬᠦ ᠭᠤᠤᠯ ᠰᠡᠳᠦᠪ ᠤᠨ ᠳᠤᠭᠤᠷᠢᠨ ᠳᠤ ᠦᠢᠯᠡᠰ ᠪᠤᠰᠬᠠᠵᠤ ᠰᠢᠨ᠎ᠡ ᠶᠢ ᠡᠬᠦᠳᠬᠦ ᠴᠢᠭᠯᠡᠯ ᠬᠠᠨᠳᠤᠯᠭ᠎ᠠ ᠵᠢᠴᠢ ᠡᠨᠡᠬᠦ ᠠᠵᠢᠯ ᠦᠢᠯᠡᠰ ᠤᠨ ᠬᠦᠨᠵᠡᠬᠡᠢ ᠬᠦᠭᠵᠢᠯᠳᠡ ᠶᠢ ᠰᠤᠳᠤᠯᠤᠨ ᠶᠠᠷᠢᠯᠴᠠᠬᠤ ᠪᠤᠯᠤᠨ᠎ᠠ᠃

    ᠦᠵᠡᠰᠬᠦᠯᠡᠩ ᠢᠶᠡᠷ ᠪᠠᠰᠠ 8000 ᠺᠦᠧᠠᠳ᠋ ᠮᠧᠲ᠋ᠷ ᠳᠠᠯᠠᠪᠠᠢ ᠪᠦᠬᠦᠢ ᠠᠷᠪᠠᠨ ᠳᠤᠮᠤ ᠭᠤᠤᠯ ᠰᠡᠳᠦᠪᠳᠤ ᠳᠡᠯᠬᠡᠨ ᠦᠵᠡᠬᠦᠯᠦᠯᠬᠡ ᠶᠢᠨ ᠪᠦᠰᠡ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳ᠋ᠧᠮᠢ᠂ ᠴᠢᠩᠬᠤᠧᠠ ᠲᠦᠩ ᠹᠠᠩ᠂ ᠭᠤᠤ ᠲᠦᠩ᠂ ᠢᠨᠲ᠋ᠧᠷ ᠵᠡᠷᠬᠡ ᠶᠢ ᠪᠠᠭᠳᠠᠭᠠᠭᠰᠠᠨ ᠤᠯᠤᠰ ᠤᠨ ᠳᠤᠳᠤᠭᠠᠳᠤ ᠭᠠᠳᠠᠭᠠᠳᠤ ᠶᠢᠨ 200 ᠭᠠᠷᠤᠢ ᠨᠡᠷᠡᠳᠦ ᠪᠠᠶᠢᠭᠤᠯᠤᠮᠵᠢ ᠪᠤᠯᠤᠨ ᠠᠵᠤ ᠠᠬᠤᠶᠢᠯᠠᠯ ᠤᠨ ᠲᠡᠷᠢᠬᠦᠨ ᠤ ᠲᠧᠭᠨᠤᠯᠤᠬᠢ ᠶᠢᠨ ᠪᠦᠳᠦᠬᠡᠭᠳᠡᠬᠦᠨ ᠢ ᠳᠡᠯᠬᠡᠨ ᠦᠵᠡᠬᠦᠯᠬᠦ ᠪᠤᠯᠤᠨ᠎ᠠ᠃

 

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121332994