蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠰᠧᠴᠤᠸᠠᠨ ᠤ ᠵᠢᠤ ᠵᠠᠢ ᠭᠧᠤ ᠶᠢᠨ 7.0 ᠲᠡᠰ ᠤᠨ ᠭᠠᠵᠠᠷ ᠬᠦᠳᠡᠯᠦᠯᠳᠡ ᠳᠤ ᠴᠢᠬᠤᠯᠠ ᠵᠢᠭᠠᠪᠤᠷᠢ ᠦᠭᠴᠡᠢ

2017-08-09 14:59

    ᠰᠢ ᠵᠢᠨ ᠫᠢᠩ ᠰᠧᠴᠤᠸᠠᠨ ᠤ ᠵᠢᠤ ᠵᠠᠢ ᠭᠧᠤ ᠶᠢᠨ 7.0 ᠲᠡᠰ ᠤᠨ ᠭᠠᠵᠠᠷ ᠬᠦᠳᠡᠯᠦᠯᠳᠡ ᠳᠤ ᠴᠢᠬᠤᠯᠠ ᠵᠢᠭᠠᠪᠤᠷᠢ ᠦᠭ᠍ᠪᠡ

    ᠬᠦᠴᠦᠨ ᠢᠶᠡᠨ ᠲᠠᠷᠤᠢ ᠲᠦᠷᠭᠡᠨ ᠵᠤᠬᠢᠶᠠᠨ ᠪᠠᠶᠢᠭᠤᠯᠵᠤ ᠭᠠᠮᠰᠢᠭ ᠡᠴᠡ ᠠᠪᠤᠷᠠᠵᠤ ᠰᠢᠷᠬᠠᠳᠤᠭᠰᠠᠳ ᠢ ᠪᠦᠬᠦ ᠬᠦᠴᠦᠨ ᠢᠶᠡᠷ ᠢᠶᠡᠨ ᠲᠦᠷᠭᠡᠨ ᠠᠪᠤᠷᠠᠵᠤ ᠬᠠᠮᠤᠭ ᠤᠨ ᠶᠡᠬᠡ ᠬᠡᠮᠵᠢᠶ᠎ᠡ ᠪᠡᠷ ᠬᠦᠮᠦᠨ ᠬᠠᠷ᠎ᠠ ᠶᠢᠨ ᠡᠨᠳᠡᠯ ᠰᠢᠷᠬᠠᠳᠤᠯ ᠢ ᠪᠠᠭᠠᠰᠬᠠᠬᠤ ᠬᠡᠷᠡᠭᠲᠡᠢ ᠭᠡᠵᠤ ᠱᠠᠭᠠᠷᠳᠠᠪᠠ

    ᠯᠢ ᠺᠧ ᠴᠢᠶᠠᠩ ᠭᠠᠵᠠᠷ ᠬᠦᠳᠡᠯᠦᠯᠳᠡ ᠡᠴᠡ ᠠᠪᠤᠷᠠᠨ ᠲᠤᠰᠠᠯᠠᠬᠤ ᠠᠵᠢᠯ ᠳᠤ ᠴᠢᠬᠤᠯᠠ ᠴᠤᠬᠤᠯᠠᠪᠤᠷᠢ ᠦᠭ᠍ᠪᠡ

    ᠰᠢᠨᠬᠤᠸᠠ ᠬᠤᠷᠢᠶ᠎ᠠ ᠪᠡᠭᠡᠵᠢᠩ ᠤᠨ 8 ᠰᠠᠷ᠎ᠠ ᠶᠢᠨ 8 ᠤ ᠡᠳᠤᠷ ᠤᠨ ᠴᠠᠬᠢᠯᠭᠠᠨ ᠮᠡᠳᠡᠬᠡ 8 ᠰᠠᠷ᠎ᠠ ᠶᠢᠨ 8 ᠤ ᠡᠳᠤᠷ ᠤᠨ 21᠄19 ᠴᠠᠭ ᠤᠨ ᠦᠶ᠎ᠡ ᠪᠡᠷ᠂ ᠰᠧᠴᠤᠸᠠᠨ ᠮᠤᠵᠢ ᠶᠢᠨ ᠠᠸᠠ ᠲᠦᠪᠡᠳ ᠦᠨᠳᠦᠰᠦᠳᠡᠨ ᠤ ᠦᠪᠡᠷᠳᠡᠬᠡᠨ ᠵᠠᠰᠠᠬᠤ ᠵᠧᠤ ᠶᠢᠨ ᠵᠢᠦ ᠵᠠᠢ ᠭᠧᠤ ᠰᠢᠶᠠᠨ (ᠤᠮᠠᠷᠠᠳᠤ ᠦᠷᠭᠡᠷᠢᠭ᠌᠌ 33.2 °᠂ ᠵᠡᠬᠦᠨ ᠤᠷᠳᠤᠷᠢᠭ ᠤᠨ103.82 °)  ᠳ᠋ᠤ 7.0 ᠲᠡᠰ ᠤᠨ ᠭᠠᠵᠠᠷ ᠬᠦᠳᠡᠯᠵᠤ᠂ ᠭᠠᠵᠠᠷ ᠬᠦᠳᠡᠯᠦᠯᠳᠡ ᠶᠢᠨ ᠭᠤᠯᠤᠮᠳᠠ ᠶᠢᠨ ᠬᠦᠨᠴᠠ ᠨᠢ 20 ᠺᠢᠯᠤᠮᠧᠲ᠋ᠷ ᠲᠤ ᠬᠦᠷᠴᠡᠢ᠃ 8 ᠰᠠᠷ᠎ᠠ ᠶᠢᠨ 8  ᠤ ᠡᠳᠤᠷ ᠤᠨ 23᠄30 ᠴᠠᠭ  ᠪᠤᠯᠬᠤ ᠳᠤ ᠭᠠᠵᠠᠷ ᠬᠦᠳᠡᠯᠦᠯᠳᠡ ᠳᠤ ᠨᠢᠬᠡᠨᠳᠡ 5 ᠬᠦᠮᠦᠨ ᠡᠨᠳᠡᠵᠤ 70 ᠭᠠᠷᠤᠢ ᠬᠦᠮᠦᠨ ᠰᠢᠷᠬᠠᠳᠤᠪᠠ᠃

    ᠭᠠᠵᠠᠷ ᠬᠦᠳᠡᠯᠦᠯᠳᠠ ᠡᠬᠦᠰᠦᠭᠰᠡᠨ ᠤ ᠳᠠᠷᠠᠭ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠵᠢᠨ ᠫᠢᠩ ᠳᠡᠭᠡᠳᠦ ᠭᠡᠮᠵᠢᠶ᠎ᠠ ᠪᠡᠷ ᠴᠢᠬᠤᠯᠠᠴᠢᠯᠠᠵᠦ᠂ ᠳᠠᠷᠡ ᠳᠠᠷᠤᠢ ᠳ᠋ᠤᠨᠢ ᠴᠢᠬᠤᠯᠠ ᠵᠢᠭᠠᠪᠤᠷᠢ ᠦᠭᠴᠤ᠂ ᠵᠢᠦ ᠵᠠᠢ ᠭ᠍ᠧᠤ ᠵᠢᠨ 7.0 ᠲᠡᠰ ᠤᠨ ᠭᠠᠵᠠᠷ ᠬᠦᠳᠡᠯᠦᠯᠳᠠ ᠵᠢᠨ ᠭᠠᠮᠰᠢᠭ ᠤᠨ ᠪᠠᠢᠢᠳᠠᠯ ᠢ ᠴᠠᠭ ᠢ ᠠᠮᠵᠢᠨ ᠤᠢᠢᠯᠠᠭᠠᠨ ᠳᠤᠳᠤᠯᠠᠵᠦ᠂ ᠬᠦᠴᠦᠨ ᠵᠢᠡᠨ ᠲᠠᠷᠤᠢ ᠲᠦᠷᠭᠡᠨ ᠵᠤᠬᠢᠶᠠᠨ ᠪᠠᠢᠢᠭᠤᠯᠵᠦ ᠭᠠᠮᠰᠢᠭ ᠡᠴᠡ ᠠᠪᠤᠷᠠᠨ᠂ ᠰᠢᠷᠬᠠᠳᠤᠬᠰᠠᠳ ᠢ ᠪᠦᠬᠦ ᠬᠦᠴᠦᠨ ᠵᠢᠡᠷ ᠠᠪᠤᠷᠠᠨ ᠡᠮᠨᠡᠵᠦ᠂ ᠵᠢᠭᠤᠯᠴᠢᠳ ᠪᠠ ᠭᠠᠮᠰᠢᠬᠳᠠᠭᠰᠠᠨ ᠤᠯᠠᠨ ᠲᠦᠮᠡᠨ ᠢ ᠳᠠᠷᠬᠠᠭᠠᠨ ᠰᠠᠢᠢᠳᠦᠷ ᠲᠦᠪᠬᠢᠨᠡᠬᠦᠯᠵᠦ᠂ ᠬᠦᠮᠦᠨ ᠬᠠᠷ᠎ᠠ ᠵᠢᠨ ᠡᠨᠳᠡᠯ ᠰᠢᠷᠬᠠᠳᠤᠯ ᠢ ᠠᠯᠢ ᠴᠢᠳᠠᠬᠤ ᠪᠠᠷ ᠪᠠᠭᠠᠰᠬᠠᠬᠤ ᠭᠡᠷᠡᠭᠲᠡᠢ᠃ ᠤᠳᠤᠬᠠᠨ ᠳ᠋ᠦ ᠶᠠᠭ ᠦᠶᠡᠷ ᠤᠨ ᠬᠤᠭᠤᠴᠠᠭ᠎ᠠ ᠪᠦᠭᠡᠳ ᠠᠶᠠᠯᠠᠯ ᠵᠢᠭᠤᠯᠴᠢᠯᠠᠯ ᠬᠦᠭᠵᠢᠶᠡᠨᠳᠠᠢ ᠤᠯᠠᠷᠢᠯ ᠪᠤᠯᠬᠤᠷ ᠴᠠᠭ ᠠᠭᠤᠷ ᠤᠨ ᠤᠷᠢᠳᠴᠢᠯᠡᠨ ᠰᠡᠷᠡᠮᠵᠢᠯᠡᠬᠦᠯᠬᠦ ᠪᠠ ᠭᠠᠵᠠᠷ ᠰᠢᠨᠵᠢᠯᠡᠭᠡᠨ ᠤ ᠬᠢᠨᠠᠨ ᠭᠡᠮᠵᠢᠯᠳᠠ ᠵᠢ ᠤᠯᠠᠮ ᠴᠢᠩᠭᠠᠳᠬᠠᠵᠦ᠂ ᠡᠯ᠎ᠠ ᠲᠦᠷᠦᠯ ᠤᠨ ᠭᠠᠮᠰᠢᠬ ᠢ ᠨᠢᠭᠳᠠ ᠰᠡᠷᠭᠡᠢᠢᠯᠡᠵᠦ᠂ ᠭᠠᠮᠰᠢᠬ ᠲᠠᠢ ᠲᠡᠮᠡᠴᠡᠨ ᠭᠠᠮᠰᠢᠭ ᠡᠴᠡ ᠠᠪᠤᠷᠠᠬᠤ ᠠᠵᠢᠯ ᠢ ᠦᠨᠡᠨᠬᠦ ᠰᠠᠢᠢᠳᠤᠷ ᠬᠢᠵᠦ᠂ ᠢᠷᠭᠡᠳ ᠤᠨ ᠠᠮᠢ ᠨᠠᠰᠤ ᠡᠳ᠋ ᠬᠦᠷᠦᠩᠭᠡ ᠵᠢᠨ ᠠᠶᠤᠯᠬᠦᠢ ᠶᠢ ᠴᠢᠷᠮᠠᠢᠢᠨ ᠪᠠᠳᠤᠯᠠᠬᠤ ᠭᠡᠷᠡᠭᠲᠡᠢ ᠭᠡᠵᠦ ᠱᠠᠭᠠᠷᠳᠠᠵᠠᠢ᠃

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠴᠤᠬᠤᠯᠠᠪᠤᠷᠢ ᠦᠭ᠍ᠴᠦ᠂ ᠭᠠᠮᠰᠢᠭ ᠤᠨ ᠪᠠᠶᠢᠳᠠᠯ ᠢ ᠴᠠᠭ ᠲᠤᠬᠠᠢ ᠳᠤ ᠨᠢ ᠠᠩᠬᠠᠷᠴᠤ᠂ ᠪᠦᠬᠦ ᠬᠦᠴᠦᠨ ᠢᠶᠡᠨ ᠵᠤᠬᠢᠶᠠᠨ ᠪᠠᠶᠢᠭᠤᠯᠵᠤ ᠭᠠᠮᠰᠢᠭ ᠤᠨ ᠠᠶᠤᠯ ᠡᠴᠡ ᠠᠪᠤᠷᠠᠨ ᠲᠤᠰᠠᠯᠠᠵᠤ᠂ ᠬᠦᠮᠦᠨ ᠬᠠᠷ᠎ᠠ ᠶᠢᠨ ᠡᠨᠳᠡᠯ ᠰᠢᠷᠬᠠᠳᠤᠯ ᠢ ᠬᠠᠮᠤᠭ ᠤᠨ ᠶᠡᠬᠡ ᠬᠡᠮᠵᠢᠶ᠎  ᠡ ᠪᠡᠷ ᠪᠠᠭᠠᠰᠬᠠᠵᠤ᠂ ᠭᠠᠮᠰᠢᠭᠳᠠᠭᠰᠠᠨ ᠢᠷᠭᠡᠳ ᠢ ᠰᠠᠢᠢᠲᠤᠷ ᠨᠡᠭᠦᠯᠭᠡᠨ ᠲᠦᠪᠬᠢᠨᠡᠭᠦᠯᠬᠦ ᠬᠡᠷᠡᠭᠲᠡᠢ᠃ ᠭᠠᠵᠠᠷ ᠬᠦᠳᠡᠯᠦᠯᠲᠡ ᠵᠢᠨ ᠪᠠᠢᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠳᠠᠭᠠᠯᠲᠠ ᠭᠠᠮᠰᠢᠭ ᠡᠭᠦᠰᠬᠦ ᠵᠢ ᠰᠡᠷᠭᠡᠢᠢᠯᠡᠬᠦ ᠬᠡᠷᠡᠭᠲᠡᠢ ᠭᠡᠵᠤ ᠱᠠᠭᠠᠷᠳᠠᠵᠠᠢ᠃

    ᠰᠢ ᠵᠢᠨ ᠫᠢᠩ ᠤᠨ ᠵᠢᠭᠠᠪᠤᠷᠢ ᠪᠤᠯᠤᠨ ᠯᠢ ᠺᠧ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠡᠴᠡ ᠤᠯᠤᠰ ᠤᠨ ᠭᠠᠮᠰᠢᠭ ᠤᠨ ᠠᠶᠤᠯ ᠢ ᠪᠠᠭᠠᠰᠬᠠᠬᠤ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠬᠦᠳᠡᠯᠦᠯᠳᠡ ᠲᠠᠢ ᠲᠡᠮᠡᠴᠡᠨ ᠭᠠᠮᠰᠢᠭ ᠡᠴᠡ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠢᠶᠡᠷ ᠪᠦᠷᠢᠯᠳᠦᠭᠰᠡᠨ ᠠᠵᠢᠯ ᠤᠨ ᠪᠠᠭ ᠲᠤᠮᠢᠯᠠᠨ ᠲᠤᠬᠠᠢ ᠶᠢᠨ ᠭᠠᠵᠠᠷ ᠲᠤ ᠬᠦᠷᠴᠦ ᠭᠠᠵᠠᠷ ᠬᠦᠳᠡᠯᠦᠯᠳᠡ ᠲᠠᠢ ᠲᠡᠮᠡᠴᠡᠨ ᠭᠠᠮᠰᠢᠭ ᠡᠴᠡ ᠠᠪᠤᠷᠠᠨ ᠲᠤᠰᠠᠯᠠᠬᠤ ᠠᠵᠢᠯ ᠢ ᠵᠢᠯᠤᠭᠤᠳᠤᠨ ᠬᠢᠵᠤ ᠪᠤᠢ᠃ ᠰᠧᠴᠤᠸᠠᠨ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠳ ᠭᠠᠮᠰᠢᠭ ᠤᠨ ᠲᠠᠯᠠᠪᠠᠢ ᠳᠤ ᠬᠦᠷᠴᠦ ᠠᠪᠤᠷᠠᠨ ᠲᠤᠰᠠᠯᠠᠬᠤ ᠠᠵᠢᠯ ᠦᠷᠨᠢᠬᠦᠯᠪᠡ᠃ ᠰᠧᠴᠤᠸᠠᠨ ᠮᠤᠵᠢ᠂ ᠠᠧᠨ ᠵᠧᠤ ᠨᠢᠬᠡᠨᠳᠡ Ⅰ ᠲᠡᠰ ᠤᠨ ᠭᠠᠵᠠᠷ ᠬᠦᠳᠡᠯᠦᠯᠳᠡ ᠶᠢᠨ ᠪᠠᠴᠢᠮ ᠠᠪᠤᠷᠠᠬᠤ ᠠᠷᠭ᠎ᠠ ᠬᠡᠮᠵᠢᠶ᠎ᠡ ᠠᠪᠴᠠᠢ᠃ ᠤᠳᠤᠬᠠᠨ ᠳᠤ ᠭᠠᠵᠠᠷ ᠬᠦᠳᠡᠯᠦᠯᠳᠡ ᠲᠠᠢ ᠲᠡᠮᠡᠴᠡᠵᠤ ᠭᠠᠮᠰᠢᠭ ᠡᠴᠡ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠶᠠᠭ ᠶᠠᠭᠠᠷᠠᠯᠳᠠᠢ ᠪᠦᠭᠡᠳ ᠡᠮᠬᠢ ᠵᠢᠷᠦᠮ ᠲᠡᠢ ᠶᠠᠪᠤᠭᠳᠠᠵᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121456862