ᠰᠢ ᠵᠢᠨ ᠫᠢᠩ《ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠢᠢᠯᠡᠨ ᠵᠠᠰᠠᠬᠤ ᠨᠡᠢᠢᠳᠡ ᠵᠢᠨ ᠬᠡᠷ᠎ᠠ》ᠵᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠦ ᠲᠠᠯ᠎ᠠ ᠵᠢᠨ ᠶᠡᠭᠡ ᠬᠤᠷᠠᠯ ᠤᠨ ᠲᠡᠭᠡᠳᠦ ᠵᠡᠷᠭᠡᠯᠡᠯ ᠤᠨ ᠬᠤᠷᠠᠯ  ᠳ᠋ᠤ ᠪᠠᠶᠠᠷ ᠤᠨ ᠵᠠᠬᠢᠶ᠎ᠠ ᠢᠯᠡᠬᠡᠪᠡ 2017-09-12 10:59

    ᠰᠢᠨᠬᠤᠸᠠ ᠬᠤᠷᠢᠶ᠎ᠠ  ᠬᠦᠬᠡᠬᠤᠳᠠ ᠶᠢᠨ 9 ᠰᠠᠷ᠎ᠠ ᠶᠢᠨ 11 ᠤ ᠡᠳᠤᠷ ᠤᠨ ᠴᠠᠬᠢᠯᠭᠠᠨ ᠮᠡᠳᠡᠬᠡ 《ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠢᠢᠯᠡᠨ ᠵᠠᠰᠠᠬᠤ ᠨᠡᠢᠢᠳᠡ ᠵᠢᠨ ᠬᠡᠷ᠎ᠠ》ᠵᠢᠨ ᠠᠷᠪᠠᠨ ᠭᠤᠷᠪᠠᠳᠤᠭᠠᠷ ᠤᠳᠠᠭᠠᠨ ᠤ ᠬᠡᠷᠡᠳᠦ ᠲᠠᠯ᠎ᠠ ᠵᠢᠨ ᠶᠡᠭᠡ ᠬᠤᠷᠠᠯ ᠤᠨ ᠲᠡᠭᠡᠳᠦ ᠵᠡᠷᠭᠡᠯᠡᠯ ᠤᠨ ᠬᠤᠷᠠᠯ 11 ᠤ ᠡᠳᠦᠷ ᠦᠪᠦᠷ ᠮᠤᠩᠭᠤᠯ ᠤᠨ ᠤᠷᠳᠤᠰ ᠬᠤᠳᠠ ᠳ᠋ᠤ ᠬᠤᠷᠠᠯᠳᠤᠪᠠ᠃ ᠤᠯᠤᠰ ᠤᠨ ᠲᠡᠷᠢᠭᠦᠯᠡᠭᠴᠢ ᠰᠢ ᠵᠢᠨ ᠫᠢᠩ ᠪᠠᠶᠠᠷ ᠤᠨ ᠵᠠᠬᠢᠶ᠎ᠠ ᠢᠯᠡᠭᠡᠵᠤ᠂ ᠬᠤᠷᠠᠯ ᠳ᠋ᠤ ᠬᠠᠯᠠᠭᠤᠨ ᠪᠠᠶᠠᠷ ᠬᠦᠷᠭᠡᠵᠤ᠂ ᠬᠤᠷᠠᠯ ᠳ᠋ᠤ ᠤᠷᠤᠯᠴᠠᠭᠰᠠᠨ ᠡᠯ᠎ᠠ ᠤᠯᠤᠰ ᠤᠨ ᠲᠦᠯᠦᠭᠡᠯᠡᠭᠴᠢᠳ᠂ ᠤᠯᠠᠨ ᠤᠯᠤᠰ ᠤᠨ ᠪᠠᠢᠢᠭᠤᠯᠤᠮᠵᠢ ᠵᠢᠨ ᠬᠠᠷᠢᠭᠤᠴᠠᠯᠭᠠᠳᠠᠳ ᠪᠠ ᠡᠯ᠎ᠠ ᠡᠳᠡᠭᠡᠳ ᠤᠨ ᠬᠦᠮᠦᠰ ᠢ ᠴᠢᠩ ᠰᠡᠳᠬᠢᠯ ᠡᠴᠡ ᠪᠠᠨ ᠤᠬᠳᠤᠬᠤ ᠵᠢᠨ ᠬᠠᠮᠳᠤ ᠶᠡᠭᠡ ᠬᠤᠷᠠᠯ ᠤᠨ ᠲᠡᠭᠦᠰ ᠠᠮᠵᠢᠯᠳᠡ ᠲᠠᠢ ᠬᠤᠷᠠᠯᠳᠤᠬᠤ ᠵᠢ ᠢᠷᠦᠭᠡᠨ ᠵᠦᠩᠨᠡᠪᠡ᠃

    ᠰᠢ ᠵᠢᠨ ᠫᠢᠩ ᠂ ᠭᠠᠵᠠᠷ ᠰᠢᠷᠤᠢ ᠵᠢᠨ ᠴᠦᠯᠵᠢᠯ ᠪᠤᠯ ᠬᠦᠮᠦᠨ ᠲᠦᠷᠦᠯᠬᠢᠳᠡᠨ ᠤ ᠤᠷᠤᠰᠢᠨ ᠳᠤᠭᠳᠠᠨᠢᠯ ᠪᠤᠯᠤᠨ ᠬᠦᠭᠵᠢᠯᠳᠡ ᠵᠢ ᠨᠦᠯᠦᠭᠡᠯᠡᠵᠦ ᠪᠠᠢᠢᠭ᠎ᠠ ᠪᠦᠬᠦ ᠪᠦᠮᠪᠦᠷᠴᠡᠭ ᠤᠨ ᠴᠢᠨᠠᠷᠲᠠᠢ ᠠᠮᠢ ᠠᠬᠤᠢ ᠵᠢᠨ ᠴᠢᠬᠤᠯᠠ ᠠᠰᠠᠭᠤᠳᠠᠯ ᠪᠤᠯᠤᠨ᠎ᠠ᠃ ᠨᠡᠢᠢᠳᠡ ᠵᠢᠨ ᠬᠡᠷ᠎ᠠ ᠬᠦᠴᠦᠨ ᠲᠠᠢ ᠪᠤᠯᠤᠬᠰᠠᠨ 21 ᠵᠢᠯ ᠤᠨ ᠲᠤᠷᠰᠢ᠂ ᠡᠯ᠎ᠠ ᠲᠠᠯ᠎ᠠ ᠵᠢᠨ ᠬᠠᠮᠳᠤ ᠵᠢᠨ ᠴᠢᠷᠮᠠᠢᠢᠯᠭ᠎ᠠ ᠪᠡᠷ᠂ ᠪᠦᠬᠦ ᠪᠦᠮᠪᠦᠷᠴᠡᠭ ᠤᠨ ᠴᠦᠯᠵᠢᠯ ᠢ ᠰᠡᠷᠬᠡᠢᠢᠯᠡᠨ ᠵᠠᠰᠠᠬᠤ ᠠᠵᠢᠯ ᠢᠯᠡᠳᠳᠡ ᠦᠷ᠎ᠠ ᠪᠦᠳᠦᠮᠵᠢ ᠤᠯᠤᠭᠰᠠᠨ ᠪᠤᠯᠪᠠᠴᠤ ᠪᠠᠢᠢᠳᠠᠯ ᠮᠦᠨ ᠬᠦᠨᠳᠦ ᠨᠤᠴᠢᠳᠠᠢ ᠪᠠᠢᠢᠨ᠎ᠠ᠂ ᠲᠡᠯᠡᠬᠡᠢ ᠲᠡᠭᠡᠷ᠎ᠡ ᠮᠦᠨ ᠮᠠᠰᠢ ᠤᠯᠠᠨ ᠭᠠᠵᠠᠷ ᠤᠨ ᠠᠷᠠᠳ ᠲᠦᠮᠡᠨ ᠴᠦᠯᠵᠢᠯ ᠤᠨ ᠬᠠᠯᠠ ᠵᠢ ᠠᠮᠰᠠᠵᠤ ᠪᠠᠢᠢᠨ᠎ᠠ᠃ ᠡᠨᠡ ᠤᠳᠠᠭ᠎ᠠ ᠵᠢᠨ ᠶᠡᠭᠡ ᠬᠤᠷᠠᠯ《ᠴᠦᠯᠵᠢᠯ ᠢ ᠬᠠᠮᠳᠤ ᠪᠡᠷ ᠰᠡᠷᠬᠡᠢᠢᠯᠡᠨ ᠵᠠᠰᠠᠵᠤ᠂ ᠬᠦᠮᠦᠨ ᠲᠦᠷᠦᠯᠬᠢᠳᠡᠨ ᠤ ᠰᠠᠶᠢᠨ ᠰᠠᠶᠢᠬᠠᠨ ᠢ ᠬᠠᠮᠳᠤᠪᠡᠷ ᠴᠤᠭᠴᠠᠯᠠᠶ᠎ᠠ》ᠭᠡᠬᠦ ᠭᠤᠤᠯ ᠰᠡᠳᠦᠪ ᠵᠢᠡᠷ᠂ ᠨᠡᠢᠢᠳᠡ ᠵᠢᠨ ᠬᠡᠷ᠎ᠠ ᠵᠢᠨ ᠰᠢᠨ᠎ᠠ ᠪᠠᠢᠢᠯᠳᠤᠬᠤ ᠪᠤᠳᠤᠯᠭ᠎ᠠ ᠵᠢᠨ ᠵᠠᠭᠪᠤᠷ ᠢ ᠬᠠᠮᠳᠤᠪᠡᠷ ᠵᠦᠪᠯᠡᠵᠤ᠂ ᠪᠦᠬᠦ ᠪᠦᠮᠪᠦᠷᠴᠡᠭ ᠤᠨ ᠠᠮᠢ ᠠᠬᠤᠢ ᠵᠢᠨ ᠠᠶᠤᠯᠬᠦᠢ ᠦᠢᠯᠡᠳᠪᠦᠷᠢᠯᠡᠯ ᠢ ᠬᠠᠮᠠᠭᠠᠯᠠᠬᠤ ᠳ᠋ᠤ ᠴᠢᠬᠤᠯᠠ ᠪᠦᠭᠡᠳ ᠢᠳᠡᠪᠬᠢᠳᠡᠢ ᠨᠦᠯᠦᠭᠡ ᠦᠵᠡᠭᠦᠯᠭᠦ ᠨᠢ ᠵᠠᠢᠢᠯᠠᠰᠢ ᠦᠭᠡᠢ ᠶᠤᠮ ᠬᠡᠵᠤ ᠵᠢᠭᠠᠵᠤ ᠭᠠᠷᠭᠠᠪᠠ᠃

    ᠰᠢ ᠵᠢᠨ ᠫᠢᠩ ᠂ ᠴᠦᠯᠵᠢᠯ ᠢ ᠰᠡᠷᠬᠡᠢᠢᠯᠡᠨ ᠵᠠᠰᠠᠬᠤ ᠪᠤᠯ ᠬᠦᠮᠦᠨ ᠲᠦᠷᠦᠯᠬᠢᠳᠡᠨ ᠳᠦ ᠲᠤᠯᠭᠠᠷᠠᠵᠤ ᠪᠠᠢᠢᠭ᠎ᠠ ᠬᠠᠮᠳᠤ ᠵᠢᠨ ᠦᠷᠢᠰᠦᠯᠳᠦᠭᠡᠨ ᠮᠦᠨ᠂ ᠳᠡᠯᠡᠬᠡᠢ ᠨᠡᠢᠢᠳᠡ ᠪᠡᠷ ᠪᠡᠨ ᠬᠠᠮᠳᠤᠷᠠᠨ ᠠᠷᠭᠠᠴᠠᠬᠤ ᠵᠢ ᠱᠠᠭᠠᠷᠳᠠᠨ᠎ᠠ᠃ ᠪᠢᠳᠡ ᠪᠠᠢᠢᠭᠠᠯᠢ ᠵᠢ ᠬᠦᠨᠳᠦᠳᠭᠡᠭᠦ᠂ ᠪᠠᠢᠢᠭᠠᠯᠢ ᠵᠢ ᠬᠠᠮᠠᠭᠠᠯᠠᠬᠤ ᠤᠢᠢᠯᠠᠭᠠᠬᠳᠠᠬᠤᠨ ᠢ ᠪᠠᠳᠠᠷᠠᠭᠤᠯᠵᠤ ᠂ ᠠᠮᠢ ᠠᠬᠤᠢ ᠵᠢ ᠲᠡᠷᠢᠭᠦᠨ ᠳ᠋ᠤ ᠲᠠᠯᠪᠢᠬᠤ᠂ ᠤᠷᠢᠳᠴᠢᠯᠠᠨ ᠰᠡᠷᠬᠡᠢᠢᠯᠡᠭᠦ ᠪᠡᠷ ᠭᠤᠤᠯ ᠪᠤᠯᠭᠠᠬᠤ ᠵᠢ ᠪᠠᠷᠢᠮᠳᠠᠯᠠᠵᠤ᠂ ᠢᠳᠡᠭᠡᠯ ᠵᠤᠷᠢᠭ ᠵᠢᠡᠨ ᠪᠠᠳᠤᠳᠬᠠᠨ᠂ ᠢᠷᠡᠭᠡᠳᠦᠢ ᠳ᠋ᠤ ᠬᠠᠨᠳᠤᠵᠤ᠂ ᠦᠷᠭᠡᠨ ᠵᠢᠡᠷ ᠬᠠᠮᠳᠤᠷᠠᠨ ᠠᠵᠢᠯᠯᠠᠬᠤ᠂ ᠬᠠᠷᠠᠯᠳᠠ ᠲᠤᠳᠤᠷᠬᠠᠢ ᠨᠡᠢᠢᠳᠡ ᠵᠢᠨ ᠬᠡᠷ᠎ᠠ ᠵᠢᠨ ᠰᠢᠨ᠎ᠠ ᠪᠠᠢᠢᠯᠳᠤᠬᠤ ᠪᠤᠳᠤᠯᠭ᠎ᠠ ᠵᠢᠨ ᠵᠠᠭᠪᠤᠷ ᠢ ᠲᠤᠬᠳᠠᠭᠠᠵᠤ᠂ ᠪᠦᠬᠦ ᠪᠦᠮᠪᠦᠷᠴᠡᠭ ᠤᠨ ᠴᠦᠯᠵᠢᠭᠰᠡᠡ ᠠᠮᠢ ᠠᠬᠤᠢ ᠶᠢᠨ ᠰᠢᠰᠲ᠋ᠧᠮ ᠢ ᠵᠠᠰᠠᠬᠤ ᠶᠢ ᠬᠠᠮᠳᠤᠪᠡᠷ ᠠᠬᠢᠭᠤᠯᠵᠥ᠂ ᠡᠯᠡᠰᠦᠨ ᠴᠦᠯ ᠵᠢᠡᠷ ᠬᠦᠮᠦᠨ ᠲᠦᠷᠦᠯᠬᠢᠳᠡᠨ ᠳ᠋ᠤ ᠪᠤᠶᠠᠨ ᠦᠢᠯᠡᠳᠦᠭᠦᠯᠭᠦ ᠬᠡᠷᠡᠭᠳᠡᠢ᠃ ᠲᠤᠮᠳᠠᠳᠤ ᠤᠯᠤᠰ ᠨᠡᠢᠢᠳᠡ ᠵᠢᠨ ᠬᠡᠷ᠎ᠡ ᠵᠢᠨ ᠡᠭᠦᠷᠭᠡ ᠵᠢ ᠡᠷᠡᠰ ᠭᠤᠢᠢᠪᠢᠰᠢ ᠦᠭᠡᠢ ᠬᠦᠢᠴᠡᠳᠭᠡᠵᠤ᠂ ᠲᠤᠰ ᠤᠳᠠᠭ᠎ᠠ ᠵᠢᠨ ᠬᠡᠷᠠᠳᠦ ᠲᠠᠯ᠎ᠠ ᠵᠢᠨ ᠶᠡᠭᠡ ᠬᠤᠷᠠᠯ ᠡᠴᠡ ᠲᠤᠬᠳᠠᠭᠠᠬᠰᠠᠨ ᠬᠠᠷᠠᠯᠳᠠ ᠶᠤᠰᠤᠭᠠᠷ᠂ ᠦᠩᠭᠡᠷᠡᠭᠰᠡᠨ ᠳᠠᠢ ᠪᠠᠨ ᠠᠳᠠᠯᠢ ᠪᠡᠷ ᠦᠷᠭᠦᠯᠵᠢᠯᠡᠨ ᠡᠯ᠎ᠠ ᠬᠡᠰᠢᠬᠦᠨ ᠤᠯᠤᠰ ᠪᠤᠯᠤᠨ ᠤᠯᠠᠨ ᠤᠯᠤᠰ ᠤᠨ ᠵᠤᠬᠢᠶᠠᠨ ᠪᠠᠢᠢᠭᠤᠯᠤᠯᠳᠠ ᠯᠤᠭ᠎ᠠ ᠵᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠨᠡᠩ ᠦᠵᠡᠰᠬᠦᠯᠡᠩᠳᠤ ᠰᠠᠢᠢᠬᠠᠨ ᠳᠡᠯᠡᠬᠡᠢ ᠶᠢᠷᠳᠢᠨᠴᠤ ᠵᠢ ᠪᠠᠢᠢᠭᠤᠯᠬᠤ ᠵᠢᠨ ᠲᠦᠯᠦᠭᠡ ᠬᠠᠮᠳᠤᠪᠡᠷ ᠲᠡᠮᠡᠴᠡᠬᠦ ᠬᠡᠷᠡᠭᠳᠠᠢ ᠬᠡᠵᠤ ᠴᠢᠬᠤᠯᠠᠴᠢᠯᠠᠪᠠ᠃

    ᠲᠦᠷᠦ ᠵᠢᠨ ᠶᠠᠪᠤᠳᠠᠯ ᠤᠨ ᠬᠤᠷᠢᠶᠠᠨ ᠤ ᠲᠡᠳ᠋ ᠶᠡᠷᠦᠩᠬᠡᠢ ᠰᠠᠢᠢᠳ ᠸᠠᠩ ᠶᠠᠩ ᠨᠡᠬᠡᠬᠡᠯᠳᠡ ᠶᠢᠨ ᠶᠤᠰᠤᠯᠠᠯ ᠲᠡᠭᠡᠷ᠎ᠠ ᠲᠡᠷᠢᠭᠦᠯᠡᠭᠴᠢ ᠰᠢ ᠵᠢᠨ ᠫᠢᠩ ᠤᠨ ᠪᠠᠶᠠᠷ ᠤᠨ ᠵᠠᠬᠢ᠎ᠠ ᠶᠢ ᠤᠩᠰᠢᠨ ᠲᠤᠭᠤᠯᠭᠠᠬᠤ ᠶᠢᠨ ᠬᠠᠮᠳᠤ ᠭᠤᠤᠯ ᠰᠡᠳᠡᠪᠲᠦ ᠶᠠᠷᠢᠶ᠎ᠠ ᠲᠠᠯᠪᠢᠪᠠ᠃ ᠲᠡᠷᠡ᠂ ᠲᠤᠮᠳᠠᠳᠤ ᠤᠯᠤᠰ ᠲᠡᠷᠢᠭᠦᠯᠡᠭᠴᠢ ᠰᠢ ᠵᠢᠨ ᠫᠢᠩ ᠤᠨ 2015 ᠤᠨ ᠤ ᠨᠢᠭᠡᠳᠦ᠍ᠭ᠍ᠰᠡᠨ ᠦᠨᠳᠦᠰᠦᠨ ᠤ ᠪᠠᠢᠢᠭᠤᠯᠤᠯᠭ᠎ᠠ ᠵᠢᠨ ᠬᠦᠭᠵᠢᠯᠳᠡ ᠵᠢᠨ ᠲᠦᠷᠦᠭᠦᠴᠦᠳ ᠤᠨ ᠬᠤᠷᠠᠯ ᠲᠡᠭᠡᠷᠡᠬᠢ ᠲᠦᠪ ᠴᠢᠩᠭ᠎ᠠ ᠠᠮᠠᠯᠠᠯᠳᠠ ᠵᠢ ᠬᠢᠨᠠᠮᠠᠭᠠᠢ ᠭᠦᠢᠴᠡᠳᠭᠡᠵᠦ᠂ 2030 ᠤᠨ ᠤ ᠲᠤᠭᠳᠠᠪᠤᠷᠢᠲᠠᠢ ᠬᠦᠭᠵᠢᠯᠳᠡ ᠵᠢᠨ ᠵᠦᠪᠯᠡᠭᠦ ᠵᠦᠢᠯᠡᠰ ᠢ ᠨᠡᠢᠢᠳᠡᠪᠦᠷᠢᠵᠢᠭᠤᠯᠬᠤ ᠪᠡᠷ ᠡᠭᠦᠷᠭᠡ ᠪᠠᠨ ᠪᠤᠯᠭᠠᠵᠤ᠂ ᠰᠢᠨ᠎ᠠ ᠬᠦᠭᠵᠢᠯᠳᠡ ᠵᠢᠨ ᠤᠢᠢᠯᠠᠭᠠᠬᠳᠠᠬᠤᠨ ᠶᠢᠡᠷ ᠬᠦᠳᠦᠯᠦᠨ ᠵᠢᠯᠤᠭᠤᠳᠤᠭᠤᠯᠵᠤ᠂ ᠴᠦᠯᠵᠢᠯ ᠢ ᠰᠡᠷᠬᠡᠢᠢᠯᠡᠨ ᠵᠠᠰᠠᠬᠤ ᠵᠢ ᠠᠮᠢ ᠠᠬᠤᠢ ᠵᠢᠨ ᠪᠤᠯᠪᠠᠰᠤᠨ ᠤ ᠪᠠᠢᠢᠭᠤᠯᠤᠯᠳᠠ ᠵᠢᠨ ᠴᠢᠬᠤᠯᠠ ᠠᠭᠤᠯᠭ᠎ᠠ ᠪᠤᠯᠭᠠᠵᠤ᠂ ᠤᠯᠠᠨ ᠤᠯᠤᠰ ᠯᠤᠭ᠎ᠠ ᠵᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠪᠦᠬᠦ ᠲᠠᠯ᠎ᠠ ᠪᠡᠷ ᠴᠢᠩᠭᠠᠳᠬᠠᠨ᠂ ᠲᠤᠮᠳᠠᠳᠤ ᠤᠯᠤᠰ ᠤᠨ ᠤᠨᠴᠠᠯᠢᠭ ᠲᠠᠢ ᠴᠦᠯᠵᠢᠯ ᠤᠨ ᠠᠮᠢ ᠠᠬᠤᠢ ᠵᠢᠨ ᠰᠢᠰᠲ᠋ᠧᠮ ᠢ ᠵᠠᠰᠠᠬᠤ ᠪᠠ ᠠᠷᠠᠳ ᠤᠨ ᠠᠮᠢᠳᠤᠷᠠᠯ ᠢ ᠰᠠᠢᠢᠵᠢᠷᠠᠭᠤᠯᠬᠤ ᠵᠢ ᠤᠶᠠᠯᠳᠤᠭᠤᠯᠬᠤ ᠵᠠᠮ ᠵᠢᠡᠷ ᠴᠢᠷᠮᠠᠢᠢᠨ ᠵᠠᠮᠨᠠᠨ᠎ᠠ ᠬᠡᠵᠤ ᠴᠢᠬᠤᠯᠠᠴᠢᠯᠠᠵᠠᠢ᠃

    ᠨᠢᠬᠡᠳᠤᠭ᠍ᠰᠡᠨ ᠦᠨᠳᠦᠰᠦᠨ ᠤ ᠪᠠᠢᠢᠭᠤᠯᠤᠯᠭ᠎ᠠ ᠵᠢᠨ ᠨᠠᠷᠢᠨ ᠪᠢᠴᠢᠭ᠌ ᠤᠨ ᠲᠠᠷᠤᠭ᠎ᠠ ᠬᠦᠲ᠋ᠧᠷᠧᠰ ᠬᠤᠷᠠᠯ ᠳ᠋ᠤ ᠸᠢᠳᠢᠣ᠋ ᠪᠡᠷ ᠪᠠᠶᠠᠷ ᠤᠨ ᠦᠭᠡ ᠬᠡᠯᠡᠪᠡ᠃

  《ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯ ᠢ ᠰᠡᠷᠬᠡᠢᠢᠯᠡᠨ ᠵᠠᠰᠠᠬᠤ ᠨᠡᠢᠢᠳᠡ ᠵᠢᠨ ᠬᠡᠷ᠎ᠠ》ᠪᠤᠯ ᠨᠢᠬᠡᠳᠤᠭ᠍ᠰᠡᠨ ᠦᠨᠳᠦᠰᠦᠨ ᠤ ᠪᠠᠢᠢᠭᠤᠯᠤᠯᠭ᠎ᠠ ᠵᠢᠨ ᠷᠢᠦ᠋ ᠳ᠋ᠢ ᠿᠧᠨ᠋ᠧᠢᠢᠷᠦ᠋ ᠶᠢᠨ ᠲᠤᠭᠳᠠᠪᠤᠷᠢᠲᠠᠢ ᠬᠦᠭᠵᠢᠯᠳᠡ ᠵᠢᠨ ᠶᠡᠭᠡ ᠬᠤᠷᠠᠯ ᠤᠨ ᠵᠠᠭᠪᠤᠷ ᠳᠤᠤᠷᠠᠬᠢ ᠭᠤᠷᠪᠠᠨ ᠶᠡᠭᠡ ᠤᠷᠴᠢᠨ ᠲᠤᠭᠤᠷᠢᠨ ᠤ ᠨᠡᠢᠢᠳᠡ ᠵᠢᠨ ᠬᠡᠷ᠎ᠠ ᠵᠢᠨ ᠨᠢᠭᠡ ᠪᠤᠯᠤᠨ᠎ᠠ᠂ ᠳᠡᠷᠡ ᠨᠢ ᠳᠡᠯᠡᠬᠡᠢ ᠨᠡᠢᠢᠳᠡ ᠪᠡᠷ ᠵᠢᠡᠨ ᠴᠦᠯᠵᠢᠯ ᠢ ᠰᠡᠷᠬᠡᠢᠢᠯᠡᠨ ᠵᠠᠰᠠᠬᠤ ᠪᠠ ᠭᠠᠩ ᠬᠠᠬᠰᠠᠷᠠᠭᠠᠨ ᠤ ᠨᠦᠯᠦᠭᠡ ᠵᠢ ᠨᠠᠮᠳᠠᠭᠤᠯᠬᠤ ᠲᠠᠯ᠎ᠠ ᠵᠢᠨ ᠬᠠᠮᠳᠤᠷᠠᠯᠴᠠᠭ᠎ᠠ ᠪᠠᠨ ᠴᠢᠩᠭᠠᠳᠬᠠᠬᠤ ᠵᠢ ᠠᠬᠢᠭᠤᠯᠬᠤ ᠪᠡᠷ ᠵᠤᠷᠢᠯᠭ᠎ᠠ ᠪᠤᠯᠭᠠᠵᠠᠢ᠃ ᠬᠡᠷᠡᠳᠦ ᠲᠠᠯ᠎ᠠ ᠵᠢᠨ ᠶᠡᠭᠡ ᠬᠤᠷᠠᠯ ᠪᠤᠯ ᠨᠡᠢᠢᠳᠡ ᠵᠢᠨ ᠬᠡᠷ᠎ᠠ ᠵᠢᠨ ᠬᠠᠮᠤᠭ ᠤᠨ ᠲᠡᠭᠡᠳᠦ ᠰᠢᠢᠳᠪᠦᠷᠢᠳᠤ ᠪᠤᠳᠤᠯᠭ᠎ᠠ ᠲᠤᠬᠳᠠᠭᠠᠬᠤ ᠪᠠᠢᠢᠭᠤᠯᠤᠮᠵᠢ ᠂ 2 ᠵᠢᠯ ᠳ᠋ᠤ ᠨᠢᠭᠡ ᠤᠳᠠᠭ᠎ᠠ ᠬᠤᠷᠠᠯᠳᠤᠳᠠᠬ᠂ ᠨᠡᠢᠢᠳᠡ ᠵᠢᠨ ᠬᠡᠷ᠎ᠠ ᠵᠢᠨ 196 ᠬᠡᠷᠡᠳᠦ ᠲᠠᠯ᠎ᠠ ᠪᠠ 20 ᠭᠠᠷᠤᠢ ᠤᠯᠠᠨ ᠤᠯᠤᠰ ᠤᠨ ᠵᠤᠬᠢᠶᠠᠨ ᠪᠠᠢᠢᠭᠤᠯᠤᠯᠳᠠ ᠵᠢᠨ ᠠᠯᠪᠠᠨ ᠶᠤᠰᠤᠨ ᠤ1400 ᠰᠢᠬᠠᠮ ᠲᠦᠯᠦᠭᠡᠯᠡᠭᠴᠢ ᠲᠤᠰ ᠤᠳᠠᠭᠠᠨ ᠤ ᠬᠤᠷᠠᠯ ᠳᠤ ᠤᠷᠤᠯᠴᠠᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120691121647501