蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠤᠨ 《 ᠬᠠᠩᠭ᠋ᠠᠯᠭ᠎ᠠ ᠶᠢᠨ ᠲᠠᠯ᠎ᠠ ᠶᠢᠨ ᠪᠦᠲᠦᠴᠠ ᠶᠢᠨ ᠴᠢᠨᠠᠷᠳᠠᠢ ᠦᠬᠡᠷᠡᠴᠢᠯᠡᠯᠳᠡ》 ᠰᠢᠳᠠᠷ᠎ᠠ ᠶᠢᠨ ᠬᠦᠯᠬᠡ

2017-09-14 17:21

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢᠬᠢ 5 ᠵᠢᠯ ᠤᠨ ᠬᠤᠭᠤᠴᠠᠭᠠᠨ ᠳᠤ ᠰᠢ ᠵᠢᠨ ᠫᠢᠩ ᠶᠡᠷᠦᠩᠬᠡᠢ ᠱᠦᠵᠢ ᠤᠯᠤᠰ ᠤᠨ ᠬᠦᠭ᠍ᠵ᠍ᠢᠯᠳᠡ ᠶᠢᠨ ᠪᠠᠶᠢᠳᠠᠯ ᠢ ᠪᠦᠬᠦ ᠲᠠᠯ᠎ᠠ ᠪᠡᠷ ᠬᠠᠮᠤᠷᠤᠨ ᠪᠦᠬᠦ ᠲᠠᠯ᠎ᠠ ᠶᠢᠨ ᠴᠢᠨᠠᠷᠲᠠᠢ ᠲᠦᠯᠦᠪᠯᠡᠬᠡ ᠪᠠᠶᠢᠷᠢᠰᠢᠭᠤᠯᠤᠯᠳᠠ ᠬᠢᠵᠤ᠂ ᠤᠯᠤᠰ ᠢ ᠵᠠᠰᠠᠵᠤ ᠲᠦᠷᠦ ᠪᠠᠷᠢᠬᠤ ᠴᠤᠪᠤᠷᠠᠯ ᠠᠷᠭ᠎ᠠ ᠬᠡᠮᠵᠢᠶ᠎ᠡ ᠪᠡᠷ ᠬᠦᠭ᠍ᠵᠢᠯᠳᠡ ᠶᠢᠨ ᠰᠢᠳᠠᠷ᠎ᠠ ᠶᠢᠨ ᠬᠦᠯᠬᠡ ᠪᠡᠨ ᠪᠠᠶᠢᠷᠢᠯᠠᠭᠤᠯᠤᠭᠰᠠᠨ ᠪᠠᠶᠢᠨ ᠠ᠃

    ᠰᠢ ᠵᠢᠨ ᠫᠢᠩ ᠤᠨ 《7•26》 ᠤ ᠴᠢᠬᠤᠯᠠ ᠶᠠᠷᠢᠶᠠᠨ ᠳᠤ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ 《 ᠪᠢᠳᠡ ᠦᠭᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠬᠡᠶᠢᠷᠡᠬᠦᠯᠬᠦ ᠶᠢ ᠪᠠᠷᠢᠮᠳᠠᠯᠠᠨ᠂ ᠦᠬᠡᠷᠡᠴᠢᠯᠡᠯᠳᠡ ᠶᠢ ᠠᠬᠢᠭᠤᠯᠤᠨ ᠪᠦᠬᠦ ᠲᠠᠯ᠎ ᠠ ᠪᠡᠷ ᠬᠦᠴᠦᠯᠡᠨ᠂ ᠤᠯᠠᠨ ᠴᠡᠭ ᠢᠶᠡᠷ ᠰᠢᠪᠳᠤᠯᠤᠨ᠂ ᠬᠦᠨᠵᠡᠬᠡᠢ ᠰᠢᠨ᠎ᠡ ᠪᠠᠶᠢᠳᠠᠯ ᠢ ᠢᠯᠡᠷᠡᠬᠦᠯᠵᠡᠢ》 ᠬᠡᠵᠤ ᠵᠢᠭᠠᠨ ᠭᠠᠷᠭᠠᠪᠠ᠃

    ᠦᠬᠡᠷᠡᠴᠢᠯᠡᠯᠡᠳᠡ ᠦᠷᠭᠦᠯᠵᠢᠯᠡᠭᠰᠡᠭᠡᠷ᠃ 《ᠪᠦᠬᠦ ᠲᠠᠯ᠎ ᠠ ᠪᠡᠷ ᠬᠦᠴᠦᠯᠡᠨ᠂ ᠤᠯᠠᠨ ᠴᠡᠭ ᠢᠶᠡᠷ ᠰᠢᠪᠳᠤᠯᠤᠨ᠂ ᠬᠦᠨᠵᠡᠭᠡᠢᠢᠷᠡᠭᠦᠯᠦᠨ ᠠᠬᠢᠭᠤᠯᠬᠤ》 ᠪᠤᠯ ᠨᠠᠮ ᠤᠨ ᠠᠷᠪᠠᠨ ᠨᠠᠶ᠋ᠮᠠᠳᠤᠭᠠᠷ ᠬᠤᠷᠠᠯ ᠡᠴᠡ ᠨᠠᠰᠢᠬᠢ ᠦᠬᠡᠷᠡᠴᠢᠯᠡᠯᠳᠡ ᠶᠢᠨ ᠲᠤᠬᠠᠢ ᠲᠡᠭᠡᠳᠤ ᠬᠡᠮᠵᠢᠶᠡᠨ ᠤ ᠲᠤᠶᠢᠮᠤᠯᠠᠯ ᠪᠤᠯᠤᠨ᠎ᠠ᠃

    ᠤᠷᠤᠭᠰᠢᠯᠠᠬᠤ᠄ ᠦᠬᠡᠷᠡᠴᠢᠯᠡᠯᠳᠡ ᠡᠴᠡ ᠦᠬᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠬᠡᠶᠢᠷᠡᠬᠦᠯᠬᠦ ᠬᠦᠷᠳᠡᠯ᠎ᠠ

    2012 ᠤᠨ ᠤ 12 ᠰᠠᠷ᠎ᠠ ᠶᠢᠨ 7 ᠤ ᠡᠳᠤᠷ᠂ ᠰᠢ ᠵᠢᠨ ᠫᠢᠩ ᠶᠡᠷᠦᠩᠬᠡᠢ ᠱᠦᠵᠢ ᠲᠤᠰᠢᠶᠠᠯ ᠳᠤ ᠪᠠᠨ ᠭᠠᠷᠤᠭᠠᠳ ᠰᠠᠷ᠎ᠠ ᠪᠤᠯᠤᠭ᠎ᠠ ᠦᠭᠡᠢ ᠪᠠᠶᠢᠬᠤ ᠳᠤ ᠦᠬᠡᠷᠡᠴᠢᠯᠡᠯᠳᠡ ᠨᠡᠬᠡᠬᠡᠯᠳᠡ ᠶᠢ ᠲᠦᠷᠦᠬᠦᠯᠡᠨ ᠬᠢᠭ᠍ᠰᠡᠨ ᠭᠤᠸᠠᠩᠳ᠋ᠦ᠋ᠩ ᠮᠤᠵᠢ ᠳᠤ ᠠᠵᠢᠯ ᠪᠠᠶᠢᠴᠠᠭᠠᠵᠤ᠂ 《 ᠦᠬᠡᠷᠡᠴᠢᠯᠡᠯᠳᠡ ᠵᠤᠭᠰᠤᠩᠭ᠋ᠤᠶᠢᠷᠠᠵᠤ ᠪᠤᠯᠬᠤ ᠦᠭᠡᠢ᠂ ᠨᠡᠬᠡᠬᠡᠯᠳᠡ ᠵᠤᠭᠰᠤᠵᠤ ᠪᠤᠯᠬᠤ ᠦᠭᠡᠢ》 ᠬᠡᠵᠤ ᠲᠤᠳᠤᠷᠬᠠᠢ ᠢᠯᠡᠳᠭᠡᠵᠡᠢ᠃ ᠲᠡᠷᠡᠪᠡᠷ᠂ ᠮᠠᠨ ᠤ ᠤᠯᠤᠰ ᠤᠨ ᠦᠬᠡᠷᠡᠴᠢᠯᠡᠯᠳᠡ ᠨᠢᠬᠡᠨᠳᠡ ᠰᠢᠪᠳᠤᠯᠤᠯᠳᠠ ᠶᠢᠨ ᠱᠠᠳᠤᠨ ᠳᠤ ᠤᠷᠤᠭᠠᠳ ᠪᠤᠢ᠂ ᠪᠢᠳᠡ ᠡᠷᠬᠡᠪᠰᠢ ᠨᠡᠩ ᠶᠡᠬᠡ ᠤᠯᠤᠰ ᠲᠦᠷᠦ ᠶᠢᠨ ᠰᠦᠰᠦ ᠵᠤᠷᠢᠭ ᠪᠤᠯᠤᠨ ᠤᠶᠤᠨ ᠤᠬᠠᠭᠠᠨ ᠢᠶᠡᠷ ᠠᠵᠠ ᠲᠤᠬᠢᠶᠠᠯ ᠢ ᠠᠯᠳᠠᠯ ᠦᠭᠡᠢ ᠪᠠᠷ ᠴᠢᠬᠤᠯᠠ ᠬᠦᠷᠢᠶᠡᠨ ᠳ᠋ᠡᠬᠢ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ ᠬᠡᠵᠤ ᠴᠢᠬᠤᠯᠠᠴᠢᠯᠠᠪᠠ᠃

    2012 ᠤᠨ ᠤ ᠬᠠᠮᠤᠭ ᠤᠨ ᠰᠡᠬᠦᠯ ᠤᠨ ᠡᠳᠤᠷ᠂ ᠰᠢᠨ᠎ᠡ ᠨᠢᠬᠡ ᠡᠬᠡᠯᠵᠢ ᠶᠢᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠦᠬᠡᠷᠡᠴᠢᠯᠡᠯᠳᠡ ᠶᠢᠨ ᠭᠤᠤᠯ ᠰᠡᠳᠤᠪ ᠤᠨ ᠲᠤᠭᠤᠷᠢᠨ ᠳᠤ ᠬᠤᠶᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠡᠷᠬᠢᠯᠡᠵᠡᠢ᠃ ᠰᠢ ᠵᠢᠨ ᠫᠢᠩ ᠂ ᠦᠬᠡᠷᠡᠴᠢᠯᠡᠯᠳᠡ ᠨᠡᠬᠡᠬᠡᠯᠳᠡ ᠶᠢᠨ ᠲᠤᠬᠠᠢ 5 ᠰᠠᠨᠠᠯ ᠲᠤᠷᠠᠳᠤᠬᠰᠠᠨ ᠨᠢ ᠪᠦᠷ ᠦᠬᠡᠷᠡᠴᠢᠯᠡᠯᠳᠡ ᠶᠢᠨ ᠴᠢᠭᠯᠡᠯ ᠠᠷᠭ᠎ᠠ ᠪᠠᠷᠢᠯ ᠵᠡᠷᠬᠡ ᠠᠭᠤᠯᠠᠭ᠎ᠠ ᠳᠤ ᠬᠤᠯᠪᠤᠭᠳᠠᠬᠰᠠᠨ ᠪᠠᠢᠢᠯ᠎ᠠ ᠃ ᠲᠡᠷᠡ᠄ 《ᠦᠬᠡᠷᠡᠴᠢᠯᠡᠯᠳᠡ ᠨᠡᠬᠡᠬᠡᠯᠳᠡ ᠤᠷᠤᠭᠰᠢᠯᠠᠬᠤ ᠡᠴᠡ ᠪᠢᠰᠢ ᠲᠠᠭᠤᠰᠴᠦ ᠪᠤᠯᠬᠤ ᠦᠭᠡᠢ》ᠬᠡᠵᠤ ᠲᠠᠬᠢᠨ ᠴᠢᠬᠤᠯᠠᠴᠢᠯᠠᠪᠠ᠃

    2013 ᠤᠨ ᠤ 11 ᠰᠠᠷ᠎ᠠ ᠶᠢᠨ 9 ᠤ ᠡᠳᠤᠷ ᠡᠴᠡ 12 ᠤᠨ ᠡᠳᠤᠷ ᠪᠤᠯᠳᠠᠯ᠎ᠠ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠵᠠᠢ᠂ ᠬᠤᠷᠠᠯ ᠢᠶᠡᠷ《ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠵᠠᠷᠢᠮ ᠴᠢᠬᠤᠯᠠ ᠠᠰᠠᠭᠤᠳᠠᠯ ᠤᠨ ᠲᠤᠬᠠᠢ ᠨᠠᠮ ᠤᠨ ᠲᠦᠪ ᠬᠤᠷᠢᠶ᠎ᠠ ᠢᠢᠨ ᠰᠢᠶ᠋ᠳᠪᠦᠷᠢ》 ᠶ᠋ᠢ ᠬᠢᠨᠠᠨ ᠪᠠᠳᠤᠯᠠᠵᠠᠢ᠃ ᠲᠤᠰ ᠰᠢᠶ᠋ᠳᠪᠦᠷᠢ ᠨᠢ ᠦᠬᠡᠷᠡᠴᠢᠯᠡᠯᠳᠡ ᠶᠢ ᠪᠦᠬᠦ ᠲᠠᠯ᠎᠎ᠠ ᠪᠡᠷ ᠬᠦᠨᠵᠡᠬᠡᠶᠢᠷᠡᠬᠦᠯᠬᠦ ᠳᠤ ᠶᠡᠷᠦᠩᠬᠡᠢ ᠪᠠᠶᠢᠷᠢᠯᠠᠭᠤᠯᠤᠯᠳᠠ᠂ ᠶᠡᠷᠦᠩᠬᠡᠢ ᠤᠷᠢᠶᠠᠯᠠᠭ᠎ᠠ ᠭᠠᠷᠭᠠᠵᠤ᠂ 2020 ᠤᠨ ᠪᠤᠯᠬᠤ ᠳᠤ ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠴᠠᠭ ᠤᠨ ᠬᠦᠰᠦᠨᠤᠭ᠍ᠳᠤ᠂ ᠲᠦᠰᠦᠯ ᠤᠨ ᠵᠢᠷᠤᠭ ᠢ ᠵᠢᠷᠤᠭᠯᠠᠵᠤ ᠭᠠᠷᠭᠠᠨ᠂ ᠦᠬᠡᠷᠡᠴᠢᠯᠡᠯᠳᠡ ᠶᠢᠨ ᠤᠨᠤᠯ ᠪᠤᠯᠤᠨ ᠲᠦᠷᠦ ᠶᠢᠨ ᠪᠤᠳᠤᠯᠭ᠎ᠠ ᠶᠢᠨ ᠲᠠᠯ᠎ ᠠ ᠪᠡᠷ ᠴᠤᠪᠤᠷᠠᠯ ᠰᠢᠨ᠎ᠡ ᠴᠢᠬᠤᠯᠠ ᠰᠢᠪᠳᠤᠯᠤᠯᠳᠠ ᠶᠢ ᠪᠡᠶᠡᠯᠡᠬᠦᠯᠵᠤ ᠮᠠᠨ ᠤ ᠨᠠᠮ ᠤᠨ ᠲᠡᠦᠬᠡ ᠶᠢᠨ ᠰᠢᠨ᠎ᠡ ᠡᠬᠢᠯᠡᠯᠳᠡ ᠲᠡᠭᠡᠷᠡᠬᠢ ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠰᠢᠨᠵᠢᠯᠡᠬᠦ ᠤᠬᠠᠭᠠᠨ ᠤ ᠵᠦᠭᠯᠡᠭᠦᠷ ᠪᠤᠯᠤᠨ ᠠᠵᠢᠯᠯᠠᠭᠠᠨ ᠤ ᠬᠦᠳᠦᠯᠪᠦᠷᠢ ᠪᠤᠯᠵᠠᠢ᠃

    ᠦᠬᠡᠷᠡᠴᠢᠯᠡᠯᠳᠡ ᠡᠴᠡ ᠦᠬᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠬᠡᠶᠢᠷᠡᠬᠦᠯᠬᠦ ᠳ᠋ᠦ ᠲᠠᠪᠰᠢᠭᠰᠡᠨ ᠨᠢ ᠤᠷᠤᠨ ᠵᠠᠢ ᠶᠢᠨ ᠲᠠᠬᠢᠨ ᠴᠤᠭᠴᠠᠯᠠᠯᠳᠠ᠂ ᠬᠦᠰᠡᠯ ᠤᠨ ᠰᠢᠨ᠎ᠡ ᠲᠦᠪᠰᠢᠨ ᠪᠤᠯᠤᠨ᠎ᠠ᠃

    ᠭᠠᠯᠳᠤ ᠲᠡᠷᠭᠡ ᠬᠤᠷᠳᠤᠨ ᠠᠶᠠᠯᠠᠬᠤ ᠨᠢ ᠪᠤᠬ᠎ᠠ ᠲᠡᠷᠭᠡᠨ ᠳ᠋ᠦ ᠪᠠᠢᠢᠳᠠᠬ᠃ 《ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠪᠤᠯ ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ᠂ ᠨᠢᠬᠡ ᠪᠤᠶᠤ ᠬᠡᠳᠤᠨ ᠰᠠᠯᠠᠭ᠎ᠠ ᠮᠦᠴᠢᠷ ᠤᠨ ᠬᠦᠢᠴᠡᠳᠭᠡᠵᠦ ᠲᠡᠢᠢᠯᠬᠦ ᠠᠵᠢᠯ ᠪᠢᠰᠢ᠂ ᠡᠭᠦᠨ ᠳ᠋ᠦ ᠲᠡᠭᠡᠳᠤ ᠲᠦᠪᠰᠢᠨ ᠤ ᠤᠳᠤᠷᠢᠳᠬᠤ ᠪᠠᠶᠢᠭᠤᠯᠤᠮᠵᠢ ᠪᠠᠶᠢᠭᠤᠯᠬᠤ ᠴᠢᠬᠤᠯᠠ ᠲᠠᠢ》᠃ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠤ᠂ ᠲᠦᠪ ᠡᠴᠡ ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠤᠳᠤᠷᠢᠳᠬᠤ ᠪᠠᠭ ᠢ ᠪᠠᠶᠢᠭᠤᠯᠤᠨ᠂ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠦᠪᠯᠡᠬᠦ᠂ ᠨᠢᠬᠡᠳᠤᠯᠲᠡᠢ ᠲᠦᠯᠦᠪᠵᠢᠬᠦᠯᠦᠨ ᠵᠤᠬᠢᠴᠠᠭᠤᠯᠬᠤ᠂ ᠪᠦᠬᠦ ᠴᠤᠭᠴᠠ ᠪᠠᠷ ᠠᠬᠢᠭᠤᠯᠬᠤ᠂ ᠱᠠᠯᠠᠪᠳᠠᠭᠤᠯᠤᠨ ᠪᠡᠶᠡᠯᠡᠬᠦᠯᠬᠦ ᠶᠢ ᠬᠠᠷᠢᠭᠤᠴᠠᠨ᠎ᠠ ᠬᠡᠵᠤ ᠲᠤᠳᠤᠷᠬᠠᠢ ᠲᠤᠭᠳᠠᠭᠠᠵᠠᠢ᠃ 2013 ᠤᠨ ᠤ 12 ᠰᠠᠷ᠎ᠠ ᠶᠢᠨ 30 ᠤ ᠡᠳᠤᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠠᠯ ᠢᠶᠡᠷ ᠦᠬᠡᠷᠡᠴᠢᠯᠡᠯᠳᠡ ᠶᠢ ᠪᠦᠬᠦ ᠲᠠᠯ᠎᠎ᠡ ᠪᠡᠷ ᠬᠦᠨᠵᠡᠬᠡᠶᠢᠷᠡᠬᠦᠯᠬᠦ ᠲᠦᠪ ᠤᠨ ᠤᠳᠤᠷᠢᠳᠬᠤ ᠪᠠᠭ ᠵᠤᠬᠢᠶᠠᠨ ᠪᠠᠶᠢᠭᠤᠯᠤᠭᠳᠠᠵᠤ᠂ ᠰᠢ ᠵᠢᠨ ᠫᠢᠩ ᠪᠠᠭ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠠᠢ᠃

    ᠰᠢ ᠵᠢᠨ ᠫᠢᠩ ᠦᠪᠡᠷ ᠢᠶᠡᠨ ᠪᠠᠬ ᠤᠨ ᠲᠠᠷᠤᠭ᠎ᠠ ᠢᠢ ᠬᠠᠷᠢᠭᠤᠴᠠᠬᠰᠠᠨ ᠨᠢ ᠦᠬᠡᠷᠡᠴᠢᠯᠡᠯᠳᠡ ᠶᠢ ᠪᠦᠬᠦ ᠲᠠᠯ᠎᠎ᠠ ᠪᠡᠷ ᠬᠦᠨᠵᠡᠬᠡᠶᠢᠷᠡᠬᠦᠯᠬᠦ ᠶᠢᠨ ᠴᠢᠬᠤᠯᠠ ᠴᠢᠨᠠᠷ ᠢ ᠲᠤᠪᠤᠢᠢᠯᠭᠠᠬᠰᠠᠨ ᠪᠠᠢᠢᠨ᠎ᠠ᠃ ᠴᠠᠭ ᠤᠨ ᠬᠦᠰᠦᠨᠤᠭ᠍ᠳᠤ᠂ ᠲᠦᠰᠦᠯ ᠤᠨ ᠵᠢᠷᠤᠭ ᠂ ᠤᠳᠤᠷᠢᠳᠭᠤ ᠪᠠᠶᠢᠭᠤᠯᠤᠮᠵᠢ ᠪᠦᠷᠢᠳᠴᠦ᠂ ᠦᠬᠡᠷᠡᠴᠢᠯᠡᠯᠳᠡᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ 《 ᠲᠦᠷᠪᠡᠨ ᠨᠢᠷᠤᠭᠤ ᠲᠠᠪᠤᠨ ᠪᠠᠭᠠᠨ᠎ᠠ》 ᠶᠢᠨ ᠲᠡᠭᠡᠳᠤ ᠲᠦᠪᠰᠢᠨ ᠤ ᠳ᠋ᠢᠽᠠᠶᠢᠨ ᠢ ᠪᠡᠶᠡᠯᠡᠬᠦᠯᠵᠡᠢ᠃ ᠵᠠᠯᠭᠠᠭᠠᠳ ᠦᠬᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠭᠡᠶᠢᠷᠡᠬᠦᠯᠬᠦ ᠠᠵᠢᠯ ᠢᠯᠡᠷᠬᠡᠢ ᠲᠦᠷᠭᠡᠳᠴᠤ 《ᠪᠦᠬᠦ ᠲᠠᠯ᠎ ᠠ ᠪᠡᠷ ᠬᠦᠴᠦᠯᠡᠨ᠂ ᠤᠯᠠᠨ ᠴᠡᠭ ᠢᠶᠡᠷ ᠰᠢᠪᠳᠤᠯᠤᠨ᠂ ᠬᠦᠨᠵᠡᠭᠡᠢᠢᠷᠡᠭᠦᠯᠦᠨ ᠠᠬᠢᠭᠤᠯᠬᠤ ᠴᠣ᠋ ᠰᠢᠨ᠎ᠡ ᠪᠠᠶᠢᠳᠠᠯ 》 ᠢ ᠪᠤᠢ ᠪᠤᠯᠭᠠᠵᠠᠢ᠃

    ᠬᠤᠪᠢᠷᠠᠯᠳᠠ ᠶᠢ ᠠᠷᠭᠠᠴᠠᠭᠠᠬᠤ᠄ ᠰᠢᠨ᠎ᠡ ᠬᠡᠪ ᠪᠠᠶᠢᠳᠠᠯ ᠡᠴᠡ ᠬᠠᠩᠭ᠋ᠠᠯᠭ᠎ᠠ ᠶᠢᠨ ᠳᠠᠯ᠎ᠠ ᠶᠢᠨ ᠪᠦᠲᠦᠴᠠ ᠶᠢᠨ ᠴᠢᠨᠠᠷᠳᠠᠢ ᠦᠬᠡᠷᠡᠴᠢᠯᠡᠯᠳᠡ ᠬᠦᠷᠳᠡᠯ᠎ᠠ

    ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠪᠤᠯ ᠲᠤᠮᠤ ᠰᠢᠰᠲ᠋ᠧᠮᠳᠦ ᠠᠵᠢᠯᠯᠠᠭ᠎ᠠ ᠪᠤᠯᠬᠤᠷ ᠵᠠᠪᠠᠯ ᠭᠤᠤᠯ ᠲᠡᠳ᠋ ᠢ ᠢᠯᠭᠠᠵᠤ ᠡᠮᠬᠢ ᠴᠡᠭᠴᠠ ᠲᠠᠢ ᠠᠬᠢᠭᠤᠯᠬᠤ ᠬᠡᠷᠡᠭᠲᠡᠢ᠃

    ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ  ᠲᠡᠭᠡᠷ᠎ᠡ᠂ ᠰᠢ ᠵᠢᠨ ᠫᠢᠩ 《 ᠨᠠᠮ ᠤᠨ ᠲᠦᠪ ᠬᠤᠷᠢᠶᠠᠨ ᠤ ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠵᠠᠷᠢᠮ ᠠᠰᠠᠭᠤᠳᠠᠯ ᠤᠨ ᠲᠤᠬᠠᠢ ᠰᠢᠶ᠋ᠳᠪᠦᠷᠢ》 ᠶ᠋ᠢᠨ ᠲᠠᠶᠢᠯᠪᠤᠷᠢᠯᠠᠯᠳᠠ ᠳᠤ ᠪᠡᠨ ᠡᠳ᠋ ᠤᠨ ᠵᠠᠰᠠᠭ ᠤᠨ ᠲᠤᠭᠳᠠᠯᠴᠠᠭ᠎ᠠ ᠶᠢᠨ ᠦᠬᠡᠷᠡᠴᠢᠯᠡᠯᠳᠡ ᠪᠤᠯ ᠦᠬᠡᠷᠡᠴᠢᠯᠡᠯᠳᠡ ᠶᠢ ᠪᠦᠬᠦ ᠲᠠᠯ᠎ᠠ ᠪᠡᠷ ᠬᠦᠨᠵᠡᠬᠡᠶᠢᠷᠡᠬᠦᠯᠬᠦ ᠶᠢᠨ ᠭᠤᠤᠯᠳᠠᠯᠭ᠎ᠠ ᠪᠤᠯᠤᠨ᠎ᠠ ᠬᠡᠵᠤ ᠲᠤᠷᠠᠳᠤᠨ ᠭᠠᠷᠭᠠᠵᠠᠢ᠃

    ᠰᠢ ᠵᠢᠨ ᠫᠢᠩ᠂《 ᠲᠤᠮᠤ ᠴᠢᠬᠤᠯᠠ ᠡᠳ᠋ ᠤᠨ ᠵᠠᠰᠠᠭ ᠤᠨ ᠲᠤᠭᠳᠠᠯᠴᠠᠭ᠎ᠠ ᠶᠢᠨ ᠦᠬᠡᠷᠡᠴᠢᠯᠡᠯᠳᠡ ᠶᠢᠨ ᠠᠬᠢᠴᠠ ᠨᠢ ᠪᠤᠰᠤᠳ ᠤᠯᠠᠨ ᠲᠠᠯ᠎ᠠ ᠶᠢᠨ ᠲᠤᠭᠳᠠᠯᠴᠠᠭ᠎ᠠ ᠶᠢᠨ ᠦᠬᠡᠷᠡᠴᠢᠯᠡᠯᠳᠡ ᠶᠢᠨ ᠠᠬᠢᠴᠠ ᠶᠢ ᠲᠤᠭᠳᠠᠭᠠᠨᠵᠤ᠂ ᠬᠡᠰᠡᠭ ᠲᠠᠯ᠎ᠠ ᠡᠴᠡ ᠪᠦᠬᠦ ᠲᠠᠯ᠎ᠠ ᠶᠢ ᠨᠦᠯᠦᠬᠡᠯᠡᠬᠦ ᠦᠢᠯᠡᠳᠤᠯ ᠦᠵᠡᠬᠦᠯᠳᠡᠭ》᠂《 ᠡᠳ᠋ ᠤᠨ ᠵᠠᠰᠠᠭ ᠤᠨ ᠲᠤᠭᠳᠠᠯᠴᠠᠭ᠎ᠠ ᠶᠢᠨ ᠦᠬᠡᠷᠡᠴᠢᠯᠡᠯᠳᠡ ᠪᠤᠯ ᠦᠬᠡᠷᠡᠴᠢᠯᠡᠯᠳᠡ ᠶᠢ ᠪᠦᠬᠦ ᠲᠠᠯ᠎ ᠎ᠠ ᠪᠡᠷ ᠬᠦᠨᠵᠡᠬᠡᠶᠢᠷᠡᠬᠦᠯᠬᠦ ᠭᠤᠤᠯᠳᠠᠯᠭ᠎ᠠ᠂ ᠪᠤᠰᠤᠳ ᠬᠦᠷᠢᠶᠡᠨ ᠤ ᠦᠬᠡᠷᠡᠴᠢᠯᠡᠯᠳᠡ ᠶᠢ ᠲᠠᠭᠠᠭᠤᠯᠬᠤ ᠦᠢᠯᠡᠳᠤᠯ ᠲᠠᠢ 》ᠬᠡᠵᠤ ᠵᠢᠭᠠᠨ ᠭᠠᠷᠭᠠᠵᠠᠢ᠃

    ᠡᠳ᠋ ᠤᠨ ᠵᠠᠰᠠᠭ ᠤᠨ ᠲᠤᠭᠳᠠᠯᠴᠠᠭ᠎ᠠ ᠶᠢᠨ ᠦᠬᠡᠷᠡᠴᠢᠯᠡᠯᠳᠡ ᠶᠢ ᠠᠬᠢᠭᠤᠯᠬᠤ ᠳᠤ ᠪᠠᠶᠢᠳᠠᠯ ᠢ ᠦᠵᠡᠵᠦ ᠲᠦᠯᠦᠪᠯᠡᠵᠤ᠂ ᠲᠠᠭᠠᠭᠤᠯᠤᠨ ᠠᠵᠢᠯᠯᠠᠨ᠎ᠠ᠃

    2014 ᠤᠨ ᠤ 11 ᠰᠠᠷ᠎ᠠ ᠶᠢᠨ 9 ᠤ ᠡᠳᠤᠷ᠂ ᠰᠢ ᠵᠢᠨ ᠫᠢᠩ ᠠᠽᠢᠶ ᠠ ᠨᠤᠮᠤᠬᠠᠨ ᠲᠠᠯᠠᠢ ᠶᠢᠨ ᠡᠳ᠋ ᠤᠨ ᠵᠠᠰᠠᠭ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠦᠮᠦᠰ ᠤᠨ ᠴᠢᠭᠤᠯᠭᠠᠨ ᠤ ᠨᠡᠬᠡᠬᠡᠯᠳᠡ ᠳᠤ ᠴᠢᠬᠤᠯᠠ ᠶᠠᠷᠢᠶ᠎ᠠ ᠲᠠᠯᠪᠢᠬᠤ ᠳᠤ ᠪᠠᠨ᠂ ᠲᠤᠮᠳᠠᠳᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠶᠢᠨ ᠰᠢᠨ᠎ᠡ ᠬᠡᠪ ᠪᠠᠶᠢᠳᠠᠯ ᠤᠨ ᠤᠨᠴᠠᠯᠢᠭ ᠢ ᠰᠢᠰᠲ᠋ᠧᠮ ᠲᠠᠢ ᠲᠠᠶᠢᠯᠪᠤᠷᠢᠯᠠᠵᠠᠢ᠄ ᠨᠢᠬᠡ᠂ ᠲᠦᠷᠭᠡᠨ ᠨᠡᠮᠡᠭᠳᠡᠯ  ᠢ ᠲᠤᠮᠳᠠ ᠲᠦᠷᠬᠡᠨ ᠨᠡᠮᠡᠭᠳᠡᠯ ᠳ᠋ᠦ ᠰᠢᠯᠵᠢᠬᠦᠯᠪᠠ ᠃ ᠬᠤᠶᠠᠷ᠂ ᠡᠳ᠋ ᠤᠨ ᠵᠠᠰᠠᠭ ᠤᠨ ᠪᠦᠲᠦᠴᠠ ᠲᠠᠰᠤᠷᠠᠯᠳᠠ ᠦᠭᠡᠢ ᠰᠢᠯᠢᠳᠡᠭᠵᠢᠨ ᠲᠡᠰ ᠲᠡᠪᠰᠢᠪᠠ᠂ ᠭᠤᠷᠪᠠᠳᠤᠭᠠᠷ ᠠᠵᠤ ᠦᠢᠯᠡᠰ᠂ ᠬᠡᠷᠡᠭᠯᠡᠬᠡᠨ ᠤ ᠱᠠᠭᠠᠷᠳᠠᠯᠭ᠎ᠠ ᠠᠭᠠᠵᠢᠮ ᠢᠶᠡᠷ ᠭᠤᠤᠯ ᠴᠤᠭᠴᠠ ᠪᠤᠯᠵᠤ᠂ ᠬᠤᠳᠠ ᠬᠦᠳᠡᠬᠡ ᠪᠦᠰᠡ ᠨᠤᠳᠤᠭ ᠤᠨ ᠵᠦᠷᠢᠶ᠎ᠡ ᠠᠭᠠᠵᠢᠮ ᠶᠢᠡᠷ ᠪᠠᠭᠠᠰᠬᠠᠵᠤ᠂ ᠢᠷᠭᠡᠳ ᠤᠨ ᠤᠷᠤᠯᠭ᠎ᠠ ᠶᠢᠨ ᠬᠠᠷᠢᠴᠠᠯ ᠲᠡᠭᠡᠭ᠍ᠰᠢᠯᠠᠨ᠂ ᠬᠦᠭ᠍ᠵᠢᠯᠳᠡ ᠶᠢᠨ ᠦᠷ᠎ᠡ ᠪᠦᠲᠦᠮᠵᠢ ᠶᠢ ᠨᠡᠩ ᠤᠯᠠᠨ ᠢᠷᠭᠡᠳ ᠲᠤ ᠬᠦᠷᠳᠡᠭᠡᠪᠠ᠃ ᠭᠤᠷᠪᠠ᠂ ᠭᠤᠤᠯ ᠡᠯᠧᠮᠧᠨ᠋ᠲ  ᠂ ᠬᠦᠷᠦᠩᠬᠡ ᠤᠷᠤᠭᠤᠯᠤᠯᠳᠠ ᠶᠢᠨ ᠬᠦᠳᠡᠯᠭᠡᠬᠦ ᠬᠦᠴᠦᠨ ᠡᠴᠡ ᠰᠢᠨ᠎ᠡ ᠶᠢ ᠡᠬᠦᠳᠬᠦ ᠬᠦᠳᠡᠯᠭᠡᠬᠦ ᠬᠦᠴᠦᠨ ᠳ᠋ᠦ ᠰᠢᠯᠵᠢᠪᠠ᠃

    ᠰᠢᠨ᠎ᠡ ᠬᠡᠪ ᠪᠠᠶᠢᠳᠠᠯ ᠲᠤᠤᠷ᠎ᠠ᠂ ᠲᠤᠮᠳᠠᠳᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ 《ᠬᠤᠷᠳᠤᠴᠠ ᠪᠠᠨ ᠬᠤᠪᠢᠷᠠᠭᠤᠯᠬᠤ᠂ ᠪᠦᠲᠦᠴᠡ ᠪᠠᠨ ᠲᠤᠬᠢᠷᠠᠭᠤᠯᠬᠤ᠂ ᠬᠦᠳᠡᠯᠭᠡᠭ᠍ᠴᠢ ᠬᠦᠴᠦ ᠪᠡᠷ ᠦᠬᠡᠷᠡᠴᠢᠯᠡᠬᠦ》 ᠠᠰᠠᠭᠤᠳᠠᠯ ᠳ᠋ᠦ ᠲᠤᠯᠭᠠᠷᠠᠵᠠᠢ᠂ ᠮᠠᠨ ᠤ ᠤᠯᠤᠰ ᠤᠨ ᠭᠠᠳᠠᠭᠠᠳᠤ ᠭᠠᠷᠭᠠᠯᠳᠠ ᠶᠢᠨ ᠲᠠᠪᠠᠭᠤᠯᠢᠭ ᠪᠤᠯᠤᠨ ᠤᠯᠠᠨ ᠤᠯᠤᠰ ᠤᠨ ᠠᠵᠤ ᠦᠢᠯᠡᠰ ᠤᠨ ᠬᠤᠪᠢᠶᠠᠷᠢᠯᠠᠯ ᠳ᠋ᠦ ᠤᠷᠤᠯᠴᠠᠬᠤ ᠵᠠᠭᠪᠤᠷ  ᠰᠢᠨ᠎ᠡ ᠦᠷᠢᠰᠦᠯᠳᠦᠬᠡᠨ ᠳ᠋ᠦ ᠲᠤᠯᠭᠠᠷᠠᠵᠤ ᠪᠠᠶᠢᠨ᠎ᠠ᠃ ᠬᠦᠭ᠍ᠵᠢᠯᠳᠡ ᠶᠢᠨ ᠪᠠᠶᠢᠳᠠᠯ ᠪᠤᠯᠤᠨ ᠬᠦᠭ᠍ᠵᠢᠯᠳᠡ ᠶᠢᠨ ᠵᠢᠮ᠎ᠡ ᠶᠤᠰᠤ ᠶᠢ ᠰᠢᠨᠵᠢᠯᠡᠬᠦ ᠤᠬᠠᠭᠠᠨᠴᠢ ᠪᠡᠷ ᠰᠤᠳᠤᠯᠤᠨ ᠳ᠋ᠦᠡᠭ᠍ᠨᠡᠭᠰᠡᠨ  ᠤ ᠰᠠᠭᠤᠷᠢᠨ ᠳᠤ 2015 ᠤᠨ ᠤ ᠰᠡᠬᠦᠯᠴᠢ ᠪᠡᠷ ᠬᠤᠷᠠᠯᠳᠤᠬᠰᠠᠨ ᠲᠦᠪ ᠤᠨ ᠡᠳ᠋ ᠤᠨ ᠵᠠᠰᠠᠭ ᠤᠨ ᠠᠵᠢᠯ ᠤᠨ ᠬᠤᠷᠠᠯ  ᠶᠢᠡᠷ᠂ ᠰᠢᠨ᠎ᠡ ᠬᠡᠪ ᠪᠠᠶᠢᠳᠠᠯ ᠢ ᠲᠠᠨᠢᠬᠤ᠂ ᠵᠤᠬᠢᠴᠠᠯᠳᠤᠬᠤ᠂ ᠲᠠᠭᠠᠭᠤᠯᠬᠤ ᠪᠤᠯ ᠤᠳᠤ ᠪᠤᠯᠤᠨ ᠢᠷᠡᠭᠡᠳᠤᠢ ᠶᠢᠨ ᠬᠡᠰᠡᠭ ᠬᠤᠭᠤᠴᠠᠭᠠᠨ ᠳᠤ ᠮᠠᠨ ᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠶᠢᠨ ᠲᠤᠮᠤ ᠯᠤᠬᠢᠭ ᠮᠦᠨ ᠬᠡᠵᠤ ᠲᠤᠳᠤᠷᠬᠠᠢ ᠲᠤᠷᠠᠳᠴᠠᠢ᠃

    ᠡᠳ᠋ ᠤᠨ ᠵᠠᠰᠠᠭ ᠤᠨ ᠬᠦᠭ᠍ᠵᠢᠯᠳᠡ ᠶᠢᠨ ᠰᠢᠨ᠎ᠡ ᠪᠠᠶᠢᠳᠠᠯ ᠤᠨ ᠲᠤᠮᠤ ᠴᠢᠬᠤᠯᠠ ᠨᠤᠳᠠᠯᠠᠯᠳᠠ ᠨᠢ ᠲᠤᠮᠳᠠᠳᠤ ᠤᠯᠤᠰ ᠤᠨ ᠡᠳ᠋ ᠤᠨ ᠵᠠᠰᠠᠭ ᠢ 《 ᠶᠠᠭᠠᠬᠢᠵᠤ ᠬᠠᠷᠠᠬᠤ》ᠲᠤᠮᠤ ᠴᠢᠬᠤᠯᠠ ᠤᠨᠤᠯ ᠤᠨ ᠠᠰᠠᠭᠤᠳᠠᠯ ᠢ ᠬᠠᠷᠢᠭᠤᠯᠵᠠᠢ᠃ ᠡᠶᠢᠮᠦ ᠡᠴᠡ᠂ ᠡᠨᠡᠬᠦ ᠯᠤᠬᠢᠭ ᠤᠨ ᠲᠤᠤᠷ᠎ᠠ᠂ ᠪᠢᠳᠡ ᠶᠠᠭᠠᠬᠢᠵᠤ ᠬᠢᠬᠦ ᠪᠤᠢ?

    2015 ᠤᠨ ᠤ 11 ᠰᠠᠷ᠎ᠠ ᠳᠤ ᠬᠤᠷᠠᠯᠳᠤᠭᠤᠯᠤᠭᠰᠠᠨ ᠲᠦᠪ ᠤᠨ ᠰᠠᠩᠬᠦᠦ ᠡᠳ᠋ ᠤᠨ ᠵᠠᠰᠠᠭ ᠤᠨ ᠤᠳᠤᠷᠢᠳᠬᠤ ᠪᠠᠭ ᠤᠨ ᠠᠷᠪᠠᠨ ᠨᠢᠬᠡᠳᠤᠬᠡᠷ ᠤᠳᠠᠭᠠᠨ ᠤ ᠬᠤᠷᠠᠯ ᠡᠴᠡ《 ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠬᠦᠴᠦᠯᠡᠨ ᠴᠢᠩᠭ᠋ᠠᠳᠬᠠᠨ᠂ ᠬᠠᠩᠭ᠋ᠠᠯᠭ᠎ᠠ ᠬᠡᠷᠡᠭᠴᠡᠭᠡᠨ ᠤ ᠰᠢᠰᠲ᠋ᠧᠮ ᠤᠨ ᠴᠢᠨᠠᠷ ᠪᠤᠯᠤᠨ ᠦᠷ᠎ᠡ ᠪᠦᠲᠦᠮᠵᠢ ᠶᠢ ᠲᠡᠭᠡᠭ᠍ᠰᠢᠯᠡᠬᠦᠯᠤᠨ》᠂ ᠡᠳ᠋ ᠤᠨ ᠵᠠᠰᠠᠭ ᠤᠨ ᠦᠷᠬᠦᠯᠵᠢᠯᠡᠨ ᠨᠡᠮᠡᠭᠳᠡᠬᠦ ᠬᠦᠴᠦᠨ ᠢ ᠴᠢᠩᠭ᠋ᠠᠳᠬᠠᠨ᠂ ᠮᠠᠨ ᠤ ᠤᠯᠤᠰ ᠤᠨ ᠨᠡᠶᠢᠬᠡᠮ ᠤᠨ ᠦᠢᠯᠡᠳᠪᠦᠷᠢᠡᠯᠡᠯ ᠤᠨ ᠬᠦᠴᠦᠨ ᠤ ᠲᠦᠪᠰᠢᠨ ᠢ ᠪᠦᠬᠦ ᠲᠠᠯ᠎ ᠎ᠠ ᠪᠡᠷ ᠲᠡᠭᠡᠭ᠍ᠰᠢᠯᠡᠬᠦᠯᠬᠦ ᠶᠢ ᠠᠬᠢᠭᠤᠯᠤᠨ᠎ᠠ ᠬᠡᠵᠤ ᠲᠤᠳᠤᠷᠬᠠᠢ ᠬᠠᠷᠢᠭᠤᠯᠵᠠᠢ᠃

    ᠰᠢ ᠵᠢᠨ ᠫᠢᠩ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠤᠯ 《 ᠮᠠᠨ ᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠶᠢᠨ ᠰᠢᠨ᠎ᠡ ᠬᠡᠪ ᠪᠠᠶᠢᠳᠠᠯ ᠤᠨ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ》᠂ 《 ᠲᠡᠯᠡᠬᠡᠢ ᠶᠢᠨ ᠡᠳ᠋ ᠤᠨ ᠵᠠᠰᠠᠭ ᠤᠨ ᠪᠠᠶᠢᠳᠠᠯ ᠪᠤᠯᠤᠨ ᠮᠠᠨ ᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠶᠢᠨ ᠰᠢᠨ᠎ᠡ ᠪᠠᠶᠢᠳᠠᠯ ᠢ  ᠶᠡᠷᠦᠩᠬᠡᠶᠢᠯᠡᠨ ᠰᠤᠳᠤᠯᠤᠭᠠᠳ ᠭᠠᠷᠭᠠᠬᠰᠠᠨ ᠲᠤᠮᠤ ᠴᠢᠬᠤᠯᠠ ᠰᠢᠶ᠋ᠳᠪᠦᠷᠢ ᠪᠤᠳᠤᠯᠭ᠎ᠠ ᠮᠦᠨ》 ᠬᠡᠵᠤ ᠵᠢᠭᠠᠨ ᠭᠠᠷᠭᠠᠵᠠᠢ᠃

    ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠭᠡᠳᠡᠭ ᠰᠢᠳᠠᠷ᠎ᠠ ᠶᠢᠨ ᠨᠡᠭᠦᠳᠡᠯ ᠴᠢᠬᠤᠯᠠ ᠪᠠᠶᠢᠷᠢ ᠶᠢ ᠪᠠᠳᠤᠳᠠᠢ ᠡᠵᠡᠯᠡᠨ᠂ ᠡᠳ᠋ ᠤᠨ ᠵᠠᠰᠠᠭ ᠤᠨ ᠲᠤᠭᠳᠠᠯᠴᠠᠭ᠎ᠠ ᠶᠢᠨ ᠦᠬᠡᠷᠡᠴᠢᠯᠡᠯᠳᠡ ᠶᠢᠨ ᠬᠦᠴᠦᠯᠡᠬᠦ ᠴᠡᠭ ᠪᠤᠯᠵᠦ᠂ ᠦᠬᠡᠷᠡᠴᠢᠯᠡᠯᠳᠡ ᠶᠢ ᠪᠦᠬᠦ ᠲᠠᠯ᠎ ᠠ ᠪᠡᠷ ᠬᠦᠨᠵᠡᠬᠡᠶᠢᠷᠡᠬᠦᠯᠬᠦ ᠴᠢᠭᠯᠡᠯ ᠲᠡᠶᠢᠰᠢ ᠯᠠᠪᠳᠠᠭᠤᠨ ᠪᠠᠳᠤᠲᠠᠢ ᠤᠷᠤᠭᠰᠢᠯᠠᠭᠤᠯᠪᠠ᠃

    ᠬᠦᠨᠵᠡᠬᠡᠶᠢᠷᠡᠬᠦ᠄ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠰᠢᠪᠳᠤᠯᠤᠯᠳᠠ ᠡᠴᠡ ᠪᠠᠨ ᠬᠦᠨᠵᠡᠬᠡᠶᠢᠷᠡᠭ᠍ᠰᠡᠨ ᠨᠢ

    ᠰᠢ ᠵᠢᠨ ᠫᠢᠩ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠤᠯ ᠮᠠᠨ ᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠳᠤ ᠲᠤᠯᠭᠠᠷᠠᠬᠤ ᠪᠠᠶᠢᠭ᠎ᠠ ᠵᠦᠷᠢᠴᠡᠯ ᠬᠦᠴᠢᠷᠳᠡᠯ ᠳᠤ ᠠᠪᠴᠤ ᠬᠡᠯᠡᠪᠡᠯ ᠦᠷ᠎ᠡ ᠪᠦᠲᠦᠮᠵᠢᠲᠡᠢ ᠰᠠᠶᠢᠨ ᠪᠤᠳᠤᠯᠭ᠎ᠠ ᠪᠤᠯᠤᠨ᠎ᠠ ᠭᠡᠵᠦ ᠴᠢᠬᠤᠯᠠᠴᠢᠯᠠᠪᠠ᠃

    ᠵᠢᠯ ᠭᠠᠷᠤᠢ ᠶᠢᠨ ᠲᠤᠷᠰᠢ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠤᠨ ᠠᠭᠤᠯᠭ᠎ᠠ ᠳ᠋ᠦ ᠬᠤᠪᠢᠷᠠᠯᠳᠠ ᠭᠠᠷᠪᠠ᠃

    2015 ᠤᠨ ᠤ ᠰᠡᠬᠦᠯᠴᠢ ᠪᠡᠷ ᠲᠦᠪ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠳᠤ᠂ ᠡᠷᠴᠢᠮ ᠬᠦᠴᠦ ᠶᠢ ᠪᠠᠭᠠᠰᠬᠠᠬᠤ᠂ ᠬᠠᠳᠠᠭᠠᠯᠠᠮᠵᠢ ᠶᠢ ᠪᠠᠭᠠᠰᠬᠠᠬᠤ᠂ ᠬᠦᠰᠢᠬᠦᠷᠬᠡ ᠶᠢ ᠪᠠᠭᠠᠰᠬᠠᠬᠤ᠂ ᠦᠪᠡᠷ ᠤᠨ ᠦᠷᠳᠡᠭ ᠢ ᠪᠠᠭᠤᠷᠠᠭᠤᠯᠵᠤ᠂ ᠲᠤᠳᠠᠮᠠᠭ ᠢᠶᠡᠨ ᠨᠦᠬᠦᠪᠦᠷᠢᠯᠡᠬᠦ ᠲᠠᠪᠤᠨ ᠲᠤᠮᠤ ᠡᠬᠦᠷᠬᠡ ᠶᠢ ᠴᠢᠩᠭ᠋᠎ᠠ ᠠᠳᠬᠤᠵᠤ᠂ ᠡᠷᠴᠢᠮ ᠬᠦᠴᠦ ᠂ ᠬᠠᠳᠠᠭᠠᠯᠠᠮᠵᠢ᠂ ᠬᠦᠰᠢᠬᠦᠷᠬᠡ ᠂ ᠦᠪᠡᠷ ᠤᠨ ᠦᠷᠳᠡᠭ᠂ ᠲᠤᠳᠠᠮᠠᠭ ᠵᠡᠷᠬᠡ ᠲᠠᠯ᠎ᠠ ᠶᠢ ᠵᠤᠬᠢᠰᠲᠠᠢ ᠲᠤᠬᠢᠷᠠᠭᠤᠯᠤᠭᠰᠠᠨ ᠪᠠᠶᠢᠨ᠎ᠠ ᠬᠡᠵᠤ ᠲᠤᠷᠠᠳᠴᠠᠢ᠃

    2016 ᠤᠨ ᠤ ᠲᠦᠪ ᠤᠨ ᠡᠳ᠋ ᠤᠨ ᠵᠠᠰᠠᠭ ᠤᠨ ᠬᠤᠷᠠᠯ ᠳᠤ᠂ ᠲᠠᠪᠤᠨ ᠶᠡᠬᠡ ᠲᠦᠷᠦ ᠶᠢᠨ ᠪᠤᠳᠤᠯᠭ᠎ᠠ ᠶᠢᠨ ᠲᠤᠯᠭᠠᠭᠤᠷᠢ ᠶᠢ ᠤᠶᠠᠯᠳᠤᠭᠤᠯᠤᠨ ᠬᠡᠷᠡᠭᠵᠢᠬᠦᠯᠵᠤ᠂ ᠬᠤᠷᠣ᠎ᠠ ᠲᠦᠷᠦ ᠶᠢᠨ ᠪᠤᠳᠤᠯᠭ᠎ᠠ ᠲᠤᠭᠳᠠᠭᠤᠨ ᠪᠦᠭᠡᠳ ᠠᠵᠤ ᠠᠬᠤᠶᠢᠯᠡᠯ ᠤᠨ ᠲᠦᠷᠦ ᠶᠢᠨ ᠪᠤᠳᠤᠯᠭ᠎ᠠ ᠵᠦᠪ᠂ ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ᠂ ᠦᠬᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠪᠤᠳᠠᠳᠠᠢ᠂ ᠨᠡᠶᠢᠬᠡᠮ ᠤᠨ ᠲᠦᠷᠦ ᠶᠢᠨ ᠪᠤᠳᠤᠯᠭ᠎ᠠ ᠪᠦᠬᠦ ᠲᠠᠯ᠎ᠠ ᠶᠢ ᠬᠠᠮᠤᠷᠬᠤ ᠬᠡᠷᠡᠭᠲᠡᠢ ᠬᠡᠵᠤ ᠲᠤᠷᠠᠳᠪᠠ᠃

    ᠰᠢ ᠵᠢᠨ ᠫᠢᠩ 《ᠨᠡᠮᠡᠬᠦ ᠬᠠᠰᠤᠬᠤ ᠠᠷᠭ᠎ᠠ ᠶᠢ ᠬᠠᠮᠳᠤ ᠳᠤ ᠨᠢ ᠬᠡᠷᠡᠭᠯᠡᠬᠦ》᠂ ᠲᠠᠪᠠᠭᠤᠯᠢᠭ ᠠᠵᠤ ᠦᠢᠯᠡᠰ ᠢᠶᠡᠨ ᠪᠠᠳᠠᠷᠠᠭᠤᠯᠤᠨ ᠬᠦᠴᠦᠷᠭᠡᠭ᠍ᠵᠢᠬᠦᠯᠬᠦ ᠪᠡᠷ ᠪᠡᠷᠡᠬᠤ ᠦᠭᠡᠢ ᠰᠢᠨ᠎ᠡ ᠪᠡᠷ ᠮᠠᠨᠳᠤᠭᠰᠠᠨ ᠠᠵᠤ ᠦᠢᠯᠡᠰ ᠢ ᠬᠦᠭ᠍ᠵᠢᠬᠦᠯᠦᠨ ᠪᠤᠵᠠᠭᠠᠶᠢᠷᠠᠭᠤᠯᠵᠤ᠂ ᠤᠯᠠᠮᠵᠢᠯᠠᠯᠳᠤ ᠠᠵᠤ ᠦᠢᠯᠡᠰ ᠢ ᠰᠢᠨᠡᠳᠬᠡᠨ᠂ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠢ ᠬᠦᠭ᠍ᠵᠢᠬᠦᠯᠵᠤ᠂ ᠬᠤᠴᠤᠷᠤᠩᠭ᠋ᠤᠢ ᠡᠷᠴᠢᠮ ᠬᠦᠴᠦ ᠶᠢ ᠰᠠᠨᠠᠭᠠᠴᠢᠯᠠᠭ᠎ᠠ ᠡᠴᠡ ᠪᠠᠨ ᠲᠠᠶᠠᠭᠳᠠᠵᠤ᠂ ᠨᠡᠩ ᠡᠯᠪᠡᠭ᠌ ᠡᠬᠢ ᠪᠠᠶᠠᠯᠢᠭ ᠢᠶᠡᠷ ᠰᠢᠨ᠎ᠡ ᠠᠵᠤ ᠦᠢᠯᠡᠰ ᠢ ᠬᠦᠭ᠍ᠵᠢᠬᠦᠯᠵᠤ᠂ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠨ ᠲᠡᠰ ᠲᠡᠪᠰᠢᠬᠦ ᠲᠠᠯ᠎ ᠠ ᠪᠡᠷ ᠨᠡᠡᠭ ᠢᠳᠡᠪᠬᠢᠳᠡᠢ ᠠᠵᠢᠯᠯᠠᠬᠤ ᠭᠡᠷᠡᠭᠳᠡᠢ ᠭᠡᠵᠦ ᠵᠢᠭᠠᠪᠠ᠃

    ᠵᠢᠯ ᠭᠠᠷᠤᠢ ᠶᠢᠨ ᠬᠤᠭᠤᠴᠠᠭᠠᠨ ᠤ ᠲᠤᠷᠰᠢ ᠬᠦᠴᠢᠷ ᠢ ᠲᠤᠭᠤᠯᠤᠨ ᠰᠢᠪᠳᠤᠯᠤᠯᠳᠠ ᠶᠢ ᠪᠡᠶᠡᠯᠡᠬᠦᠯᠦᠨ᠂ ᠤᠯᠠᠨ ᠬᠦᠷᠢᠶ᠎ᠡ ᠴᠠᠷᠠᠭᠠᠨ ᠤ ᠪᠠᠶᠢᠳᠠᠯ ᠳᠤ ᠢᠳᠡᠪᠬᠢᠲᠡᠢ ᠬᠤᠪᠢᠷᠠᠯᠳᠠ ᠭᠠᠷᠴᠠᠢ᠃ 2017 ᠤᠨ ᠳᠤ᠂ 《ᠭᠤᠷᠪᠠ ᠶᠢ ᠪᠠᠭᠠᠰᠬᠠᠬᠤ ᠨᠢᠬᠡ ᠶᠢ ᠪᠠᠭᠤᠷᠠᠭᠤᠯᠬᠤ᠂ ᠨᠢᠬᠡ ᠶᠢ ᠨᠦᠬᠦᠪᠦᠷᠢᠯᠡᠬᠦ》 ᠶ᠋ᠢ ᠬᠦᠨᠵᠡᠬᠡᠢ ᠠᠬᠢᠭᠤᠯᠵᠤ᠂ ᠲᠠᠷᠢᠶᠠᠯᠠᠡᠭ ᠤᠨ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠠᠬᠢᠭᠤᠯᠵᠤ ᠪᠤᠳᠠᠳᠠᠢ ᠡᠳ᠋ ᠤᠨ ᠵᠠᠰᠠᠭ ᠢ ᠬᠦᠭ᠍ᠵᠢᠬᠦᠯᠦᠨ᠂ ᠬᠡᠷ ᠬᠦᠷᠦᠩᠬᠡ ᠶᠢᠨ ᠵᠠᠬ᠎ᠠ ᠵᠡᠭᠡᠯᠢ ᠶᠢᠨ ᠲᠤᠭᠳᠠᠭᠤᠨ ᠡᠷᠡᠬᠦᠯ ᠢᠶᠡᠷ ᠬᠦᠭ᠍ᠵᠢᠬᠦ ᠨᠢ ᠭᠤᠤᠯ ᠡᠬᠦᠷᠬᠡ ᠪᠤᠯᠵᠠᠢ᠃

    ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠨᠡᠩ ᠦᠷᠬᠡᠨ ᠬᠡᠪᠴᠢᠶᠡᠨ ᠳᠤ᠂ ᠨᠡᠩ ᠬᠦᠨ ᠲᠠᠪᠬᠤᠷᠭ᠎ᠠ ᠳᠤ᠂ ᠨᠡᠩ ᠶᠡᠬᠡ ᠤᠷᠤᠨ ᠵᠠᠢ ᠳᠤ ᠬᠦᠨᠵᠡᠬᠡᠶᠢᠷᠡᠨ ᠦᠷᠬᠡᠵᠢᠬᠦᠯᠦᠨ᠎ᠡ᠃

    ᠰᠢᠪᠳᠤᠯᠤᠯᠳᠠ ᠡᠴᠡ ᠬᠦᠨᠵᠡᠬᠡᠶᠢᠷᠡᠬᠦ ᠬᠦᠷᠳᠡᠯ᠎ᠡ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠠᠰᠠᠭᠤᠳᠠᠯ ᠢᠶᠡᠷ ᠬᠦᠳᠤᠯᠬᠦ ᠶᠢ ᠪᠠᠷᠢᠮᠳᠠᠯᠠᠨ᠂ ᠲᠠᠰᠤᠷᠠᠯᠳᠠ ᠦᠭᠡᠢ ᠬᠦᠨᠵᠡᠬᠡᠶᠢᠷᠡᠨ᠂ ᠠᠰᠠᠭᠤᠳᠠᠯ ᠢ ᠦᠨᠳᠦᠰᠤᠨ ᠡᠴᠡ ᠨᠢ ᠰᠢᠶ᠋ᠳᠪᠦᠷᠢᠯᠡᠬᠦ ᠴᠢᠭᠯᠡᠯ ᠲᠡᠶᠢᠰᠢ ᠠᠬᠢᠪᠠ᠃

    ᠬᠦᠭ᠍ᠵᠢᠯᠲᠠ᠄ ᠥᠭᠡᠷᠡᠴᠢᠯᠡᠯᠲᠠ ᠪᠦᠬᠦ ᠲᠠᠯ᠎ᠠ ᠪᠡᠷ ᠠᠬᠢᠵᠦ ᠡᠳ᠋ ᠤᠨ ᠵᠠᠰᠠᠭ ᠲᠤᠭᠲᠠᠪᠤᠷᠢᠲᠠᠢ ᠬᠦᠭ᠍ᠵᠢᠬᠦ ᠶᠢ ᠲᠦᠷᠭᠡᠳᠭᠡᠪᠠ

    ᠲᠦᠪ ᠤᠨ ᠥᠭᠡᠷᠡᠴᠢᠯᠡᠯᠲᠠ ᠶᠢ ᠪᠦᠬᠦ ᠲᠠᠯ᠎᠎ᠠ ᠪᠡᠷ ᠬᠦᠨᠵᠡᠬᠡᠶᠢᠷᠡᠬᠦᠯᠬᠦ ᠤᠳᠤᠷᠢᠳᠬᠤ ᠪᠠᠭ ᠤᠨ ᠬᠤᠷᠢᠨ ᠭᠤᠷᠪᠠᠳᠤᠭᠠᠷ ᠤᠳᠠᠭᠠᠨ ᠤ ᠬᠤᠷᠠᠯ ᠳᠤ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠤᠯᠤᠨ ᠥᠭᠡᠷᠡᠴᠢᠯᠡᠯᠲᠠ ᠶᠢ ᠪᠦᠬᠦ ᠲᠠᠯ᠎ᠠ ᠪᠡᠷ ᠬᠦᠨᠵᠡᠭᠡᠶᠢᠷᠡᠬᠦᠯᠬᠦ ᠨᠢ《ᠨᠡᠪᠲᠡᠷᠡᠯᠴᠠᠳᠡᠭ 》ᠬᠡᠵᠤ ᠵᠢᠭᠠᠵᠤ ᠭᠠᠷᠭᠠᠵᠡᠢ᠃

    《ᠨᠡᠪᠲᠡᠷᠡᠯᠴᠠᠵᠤ》ᠪᠠᠶᠢᠬᠤ ᠤᠴᠢᠷ ᠡᠴᠡ ᠨᠡᠶᠢᠯᠡᠮᠡᠯ ᠬᠦᠴᠦ ᠪᠦᠷᠢᠯᠳᠤᠨ ᠭᠠᠶᠢᠬᠠᠯᠲᠠᠢ ᠦᠷ᠎ᠠ ᠪᠦᠲᠦᠮᠵᠢ ᠪᠤᠢ ᠪᠤᠯᠭᠠᠵᠤ ᠴᠢᠳᠠᠨ᠎ᠠ᠃ 2016 ᠤᠨ ᠳᠤ᠂ ᠤᠯᠤᠰ ᠤᠨ ᠳᠤᠳᠤᠭᠠᠲᠤ ᠳ᠋ᠡᠬᠢ ᠥᠢᠯᠡᠳᠪᠤᠷᠢᠯᠡᠯ ᠤᠨ ᠶᠡᠷᠦᠩᠬᠡᠢ ᠦᠷᠲᠡᠭ ᠦᠩᠬᠡᠷᠡᠭᠰᠡᠨ ᠤᠨ ᠤ ᠪᠡᠨ ᠮᠦᠨ ᠦᠶ᠎ᠡ ᠡᠴᠡ ᠨᠢ 6.7% ᠨᠡᠮᠡᠭᠳᠡᠭᠰᠡᠨ ᠶᠤᠮ᠃ 2017 ᠤᠨ ᠤ ᠨᠢᠬᠡᠳᠤᠭᠡᠷ ᠤᠯᠠᠷᠢᠯ᠂ ᠬᠤᠶᠠᠳᠤᠭᠠᠷ ᠤᠯᠠᠷᠢᠯ ᠦᠩᠬᠡᠷᠡᠭᠰᠡᠨ ᠤᠨ ᠤ ᠮᠦᠨ ᠦᠶ᠎ᠠ ᠡᠴᠡ ᠴᠦᠮ 6.9% ᠨᠡᠮᠡᠭᠳᠡᠭᠰᠡᠨ ᠪᠠᠶᠢᠨ᠎ᠠ᠃ ᠡᠨᠡ ᠪᠤᠯ ᠯᠠᠪᠳᠠᠭᠤᠨ ᠢᠶᠡᠷ ᠤᠷᠤᠭᠰᠢᠯᠠᠬᠤ ᠬᠠᠶᠠᠯᠲᠠ ᠶᠢᠨ ᠱᠤᠭᠤᠮ ᠪᠤᠯᠬᠤ ᠪᠦᠬᠡᠳ ᠳᠤᠮᠳᠠᠳᠤ ᠤᠯᠤᠰ ᠤᠨ ᠡᠳ᠋ ᠤᠨ ᠵᠠᠰᠠᠭ ᠲᠤᠭᠲᠠᠪᠤᠷᠢᠲᠠᠢ ᠤᠷᠤᠭᠰᠢᠯᠠᠬᠤ ᠬᠠᠨᠳᠤᠰᠢ ᠶᠢ ᠢᠯᠡᠷᠡᠭᠦᠯᠪᠠ᠃

    ᠨᠢᠬᠡ ᠵᠢᠯ ᠤᠨ ᠲᠤᠷᠰᠢ᠂ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠨᠢ ᠡᠯ᠎ᠠ ᠲᠦᠷᠦᠯ ᠤᠨ ᠥᠬᠡᠷᠡᠴᠢᠯᠡᠯᠲᠠ ᠪᠦᠬᠦ ᠲᠠᠯ᠎ᠠ ᠪᠡᠷ ᠬᠦᠭ᠍ᠵᠢᠬᠦ ᠶᠢ ᠠᠬᠢᠭᠤᠯᠤᠨ᠂ ᠯᠤᠲᠤ ᠶᠡᠬᠡ ᠦᠷ᠎ᠠ ᠪᠦᠲᠤᠮᠵᠢ ᠤᠯᠵᠠᠢ᠄

    ᠥᠨᠥ ᠵᠢᠯ ᠤᠨ ᠵᠢᠷᠭᠤᠳᠤᠭᠠᠷ ᠰᠠᠷ᠎ᠠ ᠶᠢᠨ ᠰᠡᠭᠦᠯᠴᠢ ᠪᠤᠯᠲᠠᠯ᠎ᠠ᠂ ᠳᠤᠮᠳᠠᠳᠤ ᠤᠯᠤᠰ ᠤᠨ ᠪᠤᠯᠤᠳ ᠲᠡᠮᠦᠷ ᠤᠨ ᠭᠠᠷᠤᠯᠲᠠ ᠨᠢ ᠨᠢᠬᠡᠨᠲᠠ ᠨᠢᠬᠡ ᠵᠢᠯ ᠤᠨ ᠬᠠᠷᠠᠯᠲᠠ ᠪᠡᠨ ᠪᠡᠶᠡᠯᠡᠬᠦᠯᠤᠭ᠍ᠰᠠᠨ ᠮᠦᠷᠲᠡᠭᠡᠨ ᠨᠡᠭᠦᠷᠡᠰᠦᠨ ᠤ ᠭᠠᠷᠤᠯᠲᠠ ᠨᠢ ᠦᠩᠬᠡᠷᠡᠭᠰᠡᠨ ᠬᠠᠭᠠᠰ ᠵᠢᠯ ᠳᠤ 1.11 ᠳ᠋ᠦᠩᠰᠢᠭᠤᠷ ᠳᠤᠨ ᠢ ᠪᠡᠶᠡᠯᠡᠬᠦᠯᠵᠦ ᠵᠢᠯ ᠤᠨ ᠬᠠᠷᠠᠯᠲᠠ ᠶᠢᠨ ᠡᠬᠦᠷᠭᠡ ᠪᠡᠨ 74%  ᠪᠡᠷ ᠬᠦᠢᠴᠡᠳᠭᠡᠭ᠍ᠰᠠᠨ ᠪᠠᠶᠢᠨ᠎ᠠ᠃

    ᠲᠦᠷᠦ ᠶᠢᠨ ᠶᠠᠪᠤᠳᠠᠯ ᠤᠨ ᠬᠤᠷᠢᠶᠠᠨ ᠡᠴᠡ ᠭᠠᠶᠢᠯᠢ ᠲᠠᠳᠠᠪᠤᠷᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠵᠠᠯᠭᠠᠯᠳᠤᠭᠤᠯᠤᠨ ᠬᠡᠷᠡᠭᠵᠢᠭᠦᠯᠦᠭᠰᠡᠨ ᠵᠢᠴᠢ ᠠᠵᠤ ᠠᠬᠤᠶᠢᠯᠠᠯ ᠵᠠᠰᠠᠭ ᠤᠨ ᠤᠷᠳᠤᠨ ᠤ ᠴᠢᠨᠠᠷᠲᠠᠢ ᠲᠦᠯᠦᠪᠦᠷᠢ ᠬᠤᠷᠢᠶᠠᠬᠤ ᠵᠡᠷᠭᠡ ᠲᠦᠯᠦᠪᠦᠷᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠤᠯᠠᠮ ᠳᠦᠷᠢᠮᠵᠢᠬᠦᠯᠤᠭ᠍ᠰᠠᠨ ᠡᠴᠡ ᠵᠢᠯ ᠪᠤᠯᠭᠠᠨ ᠠᠵᠤ ᠠᠬᠤᠶᠢᠯᠠᠯ ᠳᠤ ᠨᠠᠶᠢᠲᠠ ᠪᠠᠷᠤᠭ 10010 ᠳ᠋ᠦᠩᠰᠢᠭᠤᠷ ᠲᠦᠭᠦᠷᠢᠭ᠌ ᠬᠦᠩᠬᠡᠷᠡᠭᠦᠯᠤᠨ᠂ ᠵᠢᠯ ᠳᠤ 1 ᠲᠦᠮᠡᠨ ᠳ᠋ᠦᠩᠰᠢᠭᠤᠷ ᠳᠦᠬᠦᠷᠢᠭ᠌ ᠤᠨ ᠭᠠᠶᠢᠯᠢ ᠲᠠᠳᠠᠪᠤᠷᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠪᠤᠯᠤᠭᠰᠠᠨ᠃

    2017 ᠤᠨ ᠤ ᠦᠩᠬᠡᠷᠡᠭᠰᠡᠨ ᠬᠠᠭᠠᠰ ᠵᠢᠯ  ᠤᠨ ᠡᠳ᠋ ᠤᠨ ᠵᠠᠰᠠᠭ ᠤᠨ ᠮᠡᠳᠡᠬᠦᠯᠦᠯᠲᠠ ᠳᠤ ᠢᠯᠡᠷᠡᠭᠦᠯᠦᠭᠰᠡᠨ ᠡᠳ᠋ ᠤᠨ ᠵᠠᠰᠠᠭ ᠤᠨ ᠪᠦᠲᠦᠴᠡ  ᠰᠢᠯᠢᠳᠡᠭᠵᠢᠨ ᠲᠡᠰ ᠲᠡᠪᠰᠢᠵᠤ ᠪᠠ ᠰᠢᠨ᠎ᠠ ᠬᠠᠭᠤᠴᠢᠨ ᠬᠦᠳᠡᠯᠬᠡᠭ᠍ᠴᠢ ᠡᠨᠧᠷᠬᠢ ᠥᠬᠡᠷᠡᠴᠢᠯᠡᠭᠳᠡᠬᠦ ᠶᠢ ᠲᠦᠷᠭᠡᠳᠭᠡᠭ᠍ᠰᠨᠨ ᠲᠤᠭ᠎ᠠ ᠪᠠᠷᠢᠮᠲᠠ  ᠨᠢ ᠬᠦᠮᠦᠰ ᠢ ᠨᠡᠩ ᠢᠯᠡᠬᠦᠦ ᠪᠠᠶᠠᠷᠯᠠᠭᠤᠯᠤᠭᠰᠠᠨ ᠪᠠᠶᠢᠨ᠎ᠠ᠄

    - ᠡᠳ᠋ ᠤᠨ ᠵᠠᠰᠠᠭ ᠤᠨ ᠨᠡᠮᠡᠭᠳᠡᠯ ᠢ ᠤᠳᠤᠷᠢᠳᠬᠤ ᠥᠢᠯᠡᠴᠢᠯᠡᠬᠡᠨ ᠤ ᠥᠢᠯᠡᠰ ᠤᠨᠴᠠᠯᠢᠭ ᠨᠡᠩ ᠢᠯᠡᠷᠬᠡᠢ᠄ ᠦᠩᠬᠡᠷᠡᠭᠰᠡᠨ ᠬᠠᠭᠠᠰ ᠵᠢᠯ ᠳᠤ ᠥᠢᠯᠡᠴᠢᠯᠡᠬᠡᠨ ᠤ ᠥᠢᠯᠡᠰ ᠤᠨ ᠨᠡᠮᠡᠭᠳᠡᠯ  ᠨᠢ ᠤᠯᠤᠰ ᠠᠷᠠᠳ ᠤᠨ ᠡᠳ᠋ ᠤᠨ ᠵᠠᠰᠠᠭ ᠤᠨ 54.1% ᠶ᠋ᠢ ᠡᠵᠡᠯᠡᠬᠡᠳ ᠬᠤᠶᠠᠳᠤᠭᠠᠷ ᠠᠵᠤ ᠥᠢᠯᠡᠳᠪᠤᠷᠢ ᠶᠢᠨ ᠡᠴᠡ14 ᠵᠠᠭᠤᠨ ᠤ ᠬᠤᠪᠢ  ᠲᠠᠪᠠᠪᠠ᠃

    - ᠥᠢᠯᠡᠳᠬᠦ ᠠᠵᠤ ᠥᠢᠯᠡᠰ ᠳᠤᠮᠳᠠ ᠳᠡᠭᠡᠲᠤ ᠲᠦᠪᠰᠢᠨ ᠳᠤ ᠳᠠᠪᠰᠢᠵᠤ ᠪᠤᠢ᠄ ᠲᠡᠭᠡᠳᠤ ᠲᠦᠪᠰᠢᠨ ᠤ ᠲᠧᠭᠨᠤᠯᠤᠬᠢ ᠶᠢᠨ ᠥᠢᠯᠡᠳᠬᠦ ᠠᠵᠤ ᠥᠢᠯᠡᠰ ᠪᠠ ᠲᠤᠨᠤᠭ ᠲᠦᠬᠦᠬᠡᠷᠦᠮᠵᠢ ᠶᠢᠨ ᠠᠵᠤ ᠥᠢᠯᠡᠰ ᠤᠨ ᠨᠡᠮᠡᠭᠳᠡᠯ ᠡᠮᠦᠨ᠎ᠠ ᠬᠠᠭᠠᠰ ᠵᠢᠯ ᠳᠤ ᠦᠩᠬᠡᠷᠡᠭᠰᠡᠨ ᠤᠨ ᠤ ᠮᠦᠨ ᠦᠶ᠎ᠠ ᠡᠴᠡ ᠲᠤᠰᠪᠤᠷᠢ 13.1% ᠪᠤᠯᠤᠨ 11.5% ᠪᠡᠷ ᠨᠡᠮᠡᠭᠳᠡᠪᠡ᠃

    - ᠰᠢᠨ᠎ᠠ ᠵᠠᠬ᠎ᠠ ᠵᠡᠬᠡᠯᠢ ᠶᠢᠨ ᠭᠤᠤᠯ ᠴᠤᠭᠴᠠ  ᠤᠯᠠᠰᠢᠷᠠᠨ ᠪᠤᠵᠠᠭᠠᠶᠢᠷᠠᠪᠠ᠄ ᠦᠩᠬᠡᠷᠡᠭᠰᠡᠨ ᠲᠠᠪᠤᠨ ᠰᠠᠷ᠎ᠠ ᠳᠤ ᠤᠯᠤᠰ ᠳᠠᠶᠠᠭᠠᠷ ᠤᠨ ᠰᠢᠨ᠎ᠠ ᠪᠡᠷ ᠪᠦᠷᠢᠳᠭᠡᠬᠦᠯᠦᠭᠰᠡᠨ ᠠᠵᠤ ᠠᠬᠤᠶᠢᠯᠠᠯ ᠦᠩᠬᠡᠷᠡᠭᠰᠡᠨ ᠤᠨ ᠤ ᠮᠦᠨ ᠦᠶ᠎ᠠ ᠡᠴᠡ 14.7% ᠪᠡᠷ ᠨᠡᠮᠡᠭᠳᠡᠵᠤ᠂ ᠳᠤᠮᠳᠠᠴᠢ ᠪᠡᠷ ᠡᠳᠦᠷ ᠪᠦᠷᠢ ᠪᠦᠷᠢᠳᠭᠡᠬᠦᠯᠵᠤ ᠪᠠᠶᠢᠭ᠎ᠠ ᠠᠵᠤ ᠠᠬᠤᠶᠢᠯᠠᠯ 1.56 ᠲᠦᠮᠡᠨ ᠡᠷᠦᠬᠡ ᠪᠤᠢ᠃

    ᠬᠦᠨᠳᠤᠴᠡ ᠬᠦᠢᠴᠡᠳ᠂ ᠶᠠᠰᠤ ᠴᠢᠨᠠᠷ ᠰᠠᠶᠢᠲᠠᠢ ᠡᠳᠡᠭᠡᠷ ᠲᠤᠭ᠎ᠠ ᠪᠠᠷᠢᠮᠲᠠ ᠯᠠᠪᠳᠠᠭᠤᠨ ᠲᠤᠭᠲᠠᠪᠤᠷᠢᠲᠠᠢ ᠳᠠᠪᠰᠢᠵᠤ ᠪᠠᠶᠢᠭ᠎ᠠ ᠳᠤᠮᠳᠠᠳᠤ ᠤᠯᠤᠰ ᠤᠨ ᠡᠳ᠋ ᠤᠨ ᠵᠠᠰᠠᠭ ᠲᠤ ᠦᠩᠬᠡ ᠬᠡᠷᠡᠯ ᠨᠡᠮᠡᠭᠳᠡᠭᠦᠯᠦᠭᠰᠡᠨ ᠢᠶᠡᠷ ᠪᠠᠷᠠᠬᠤ ᠦᠬᠡᠢ ᠥᠭᠡᠷᠡᠴᠢᠯᠡᠯᠲᠠ ᠶᠢ ᠪᠦᠬᠦ ᠲᠠᠯ᠎ᠠ ᠪᠡᠷ ᠬᠦᠨᠵᠡᠭᠡᠶᠢᠷᠡᠬᠦᠯᠬᠦ ᠳᠤ ᠬᠦᠳᠡᠯᠬᠡᠬᠦ ᠬᠦᠴᠦᠨ ᠪᠠ ᠢᠳᠡᠭᠡᠯ ᠨᠡᠮᠡᠭᠳᠡᠬᠦᠯᠦᠭᠰᠡᠨ ᠶᠤᠮ᠃

    ᠡᠳ᠋ ᠤᠨ ᠵᠠᠰᠠᠭ ᠤᠨ ᠤᠬᠠᠭᠠᠨᠲᠠᠨ ᠯᠢ ᠢ ᠨᠢᠩ᠄《 ᠬᠦᠭ᠍ᠵᠢᠵᠤ ᠪᠠᠶᠢᠭᠤᠯᠬᠤ ᠶᠠᠪᠤᠴᠠ ᠳᠤ ᠪᠡᠨ ᠪᠠᠶᠢᠭ᠎ᠠ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢᠨ ᠤᠨᠤᠯ ᠪᠤᠯ ᠳᠤᠮᠳᠠᠳᠤ ᠤᠯᠤᠰ ᠤᠨ ᠡᠳ᠋ ᠤᠨ ᠵᠠᠰᠠᠭ ᠤᠨ ᠬᠦᠷᠦᠰᠦᠨ ᠳᠤ ᠦᠨᠳᠦᠰᠦᠯᠡᠭᠰᠡᠨ ᠶᠤᠮ᠂ ᠮᠦᠨ ᠴᠤ ᠥᠬᠡᠷᠡᠴᠢᠯᠡᠯᠲᠠ ᠨᠡᠬᠡᠬᠡᠯᠲᠡ ᠬᠢᠭ᠍ᠰᠡᠨ 30 ᠭᠠᠷᠤᠢ ᠵᠢᠯ ᠳᠡᠬᠢ ᠳᠤᠮᠳᠠᠳᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠲᠠ ᠶᠢᠨ ᠳᠤᠷᠰᠢᠯᠭ᠎ᠠ ᠶᠢᠨ ᠦᠷ᠎ᠠ ᠪᠦᠲᠦᠬᠡᠯ ᠪᠤᠯᠬᠤ ᠪᠦᠭᠡᠳ ᠳᠤᠮᠳᠠᠳᠤ ᠤᠯᠤᠰ ᠤᠨ ᠤᠨᠴᠠᠯᠢᠬᠲᠤ ᠨᠡᠶᠢᠬᠡᠮ ᠵᠢᠷᠤᠮᠲᠤ ᠤᠯᠤᠰ ᠲᠦᠷᠦ ᠡᠳ᠋ ᠤᠨ ᠵᠠᠰᠠᠭ ᠤᠨ ᠤᠬᠠᠭᠠᠨ ᠤ ᠴᠢᠬᠤᠯᠠ ᠠᠭᠤᠯᠭ᠎ᠠ ᠵᠢᠴᠢ ᠡᠳ᠋ ᠤᠨ ᠵᠠᠰᠠᠭ ᠤᠨ ᠬᠦᠭ᠍ᠵᠢᠯᠲᠠ ᠶᠢᠨ ᠰᠢᠨ᠎ᠠ ᠪᠠᠶᠢᠳᠠᠯ ᠳᠤ ᠵᠣᠬᠢᠴᠠᠬᠤ ᠪᠠ ᠤᠳᠤᠷᠢᠳᠬᠤ ᠴᠢᠬᠤᠯᠠ ᠰᠢᠨ᠎ᠠ ᠡᠭᠦᠳᠤᠯ ᠪᠤᠯᠤᠨ᠎ᠠ》 ᠬᠡᠵᠡᠢ᠃

    ᠥᠬᠡᠷᠡᠴᠢᠯᠡᠯᠲᠠ ᠬᠡᠵᠢᠶᠡᠳᠡ ᠦᠷᠬᠦᠯᠵᠢᠯᠡᠭᠰᠡᠭᠡᠷ ᠁ ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢᠨ 《ᠰᠡᠯᠪᠢᠬᠦᠷ》 ᠪᠠᠶᠢᠪᠠᠯ ᠳᠤᠮᠳᠠᠳᠤ ᠤᠯᠤᠰ ᠤᠨ ᠡᠳ᠋ ᠤᠨ ᠵᠠᠰᠠᠭ ᠤᠨ ᠡᠨᠡᠬᠦ ᠤᠩᠭ᠋ᠤᠴᠠ ᠯᠠᠪᠲᠠᠢ ᠠᠶᠤᠯ ᠲᠦᠭᠰᠢᠬᠦᠷᠢ ᠶᠢᠨ ᠳᠤᠮᠳᠠ ᠠᠵᠢᠭ ᠦᠬᠡᠢ ᠤᠷᠤᠭᠰᠢᠯᠠᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121664988