ᠰᠢ ᠵᠢᠨ ᠫᠢᠩ ᠄ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ ᠯᠠᠪᠲᠠᠭᠤᠨ ᠪᠠᠲᠤᠲᠠᠢ ᠠᠵᠢᠯᠯᠠᠵᠤ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠢᠯᠡᠯᠲᠡ ᠶᠢ ᠵᠡᠪᠡᠯ ᠤᠯᠬᠤ ᠬᠡᠷᠡᠭᠲᠡᠢ 2017-10-10 11:49

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ   ᠲᠦᠷᠪᠡᠲᠡᠬᠢ ᠤᠯᠤᠰ ᠲᠠᠶᠠᠭᠠᠷ ᠤᠨ ᠶᠠᠲᠠᠭᠤ ᠶᠢ ᠲᠤᠰᠠᠯᠠᠬᠤ ᠡᠲᠦᠷ ᠲᠤᠩ ᠤᠲᠠᠬᠤ ᠦᠭᠡᠢ ᠪᠤᠯᠬᠤ ᠭᠡᠵᠦ ᠪᠠᠶᠢᠭ᠎ᠠ ᠲᠠᠰᠢᠷᠠᠮ ᠳ᠋ᠤ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠲᠡᠷᠢᠬᠦᠯᠡᠭᠴᠢ ᠰᠢ ᠵᠢᠨ ᠫᠢᠩ ᠶᠠᠲᠠᠭᠤ ᠡᠴᠡ ᠠᠩᠬᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠤ ᠠᠵᠢᠯ ᠳ᠋ᠤ ᠴᠢᠬᠤᠯᠠ ᠵᠢᠭᠠᠪᠤᠷᠢ ᠦᠭᠴᠦ ᠨᠡᠶᠢᠭᠡᠮ ᠵᠢᠷᠦᠮ ᠢ ᠠᠵᠢᠯᠯᠠᠵᠤ ᠪᠠᠶᠢᠵᠤ ᠪᠡᠶᠡᠯᠡᠭᠦᠯᠳᠡᠭ᠃ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠪᠤᠯ ᠬᠠᠲᠠᠭᠤ ᠲᠠᠶᠢᠯᠠᠯᠲᠤᠭᠠᠨ᠂ ᠪᠢᠲᠠ ᠵᠠᠭᠤᠨ ᠬᠤᠪᠢ ᠶᠢᠨ ᠴᠢᠷᠮᠠᠶᠢᠯᠭ᠎ᠠ ᠭᠠᠷᠭᠠᠵᠤ ᠲᠤᠭᠲᠠᠭᠤᠨ ᠠᠵᠢᠯᠯᠠᠵᠤ ᠲᠠᠶᠢᠯᠠᠯᠲᠤᠭᠠᠨ ᠤ ᠢᠯᠡᠯᠲᠡ ᠶᠢ ᠲᠡᠮᠡᠴᠡᠨ ᠤᠯᠵᠤ᠂ ᠪᠦᠬᠦ ᠲᠠᠯ᠎ᠠ ᠪᠡᠷ ᠴᠢᠨᠡᠭᠡᠯᠢᠭ᠌ ᠨᠡᠶᠢᠭᠡᠮ ᠢ ᠪᠦᠲᠦᠭᠡᠨ ᠪᠠᠶᠢᠭᠤᠯᠬᠤ ᠠᠶᠠᠨ ᠳ᠋ᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠰᠤᠭᠠᠢ ᠭᠡᠵᠦ ᠤᠨᠴᠠᠯᠠᠵᠠᠢ᠃

    ᠰᠢ ᠵᠢᠨ ᠫᠢᠩ ᠶᠠᠲᠠᠭᠤ ᠡᠴᠡ ᠠᠩᠭᠢᠵᠢᠷᠠᠭᠤᠯᠬᠤ ᠨᠢ ᠤᠯᠠᠨ ᠲᠦᠮᠡᠨ ᠳ᠋ᠤ ᠵᠤᠯ ᠵᠢᠷᠭᠠᠯ ᠠᠵᠠ ᠪᠤᠶᠠᠨ ᠦᠢᠯᠡᠳᠬᠦ ᠶᠢᠨ ᠲᠦᠯᠦᠭᠡ ᠶᠤᠮ᠂ ᠮᠦᠨ ᠴᠤ ᠮᠠᠨ ᠤ ᠨᠠᠮ ᠤᠯᠤᠰ ᠤᠨ ᠬᠦᠭ᠍ᠵᠢᠯᠲᠠ ᠶᠢ ᠠᠬᠢᠭᠤᠯᠬᠤ ᠦᠨᠳᠦᠰᠦᠨ ᠵᠤᠷᠢᠯᠲᠠ ᠮᠦᠨ᠃ ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ ᠨᠠᠮ ᠤᠨ ᠲᠦᠪ ᠬᠤᠷᠢᠶ᠎ᠠ 2020 ᠤᠨ ᠪᠤᠯᠲᠠᠯ᠎ᠠ ᠤᠲᠤ ᠶᠢᠨ ᠪᠠᠷᠢᠮᠵᠢᠶᠠᠨ ᠤ ᠲᠠᠭᠠᠤ ᠬᠦᠲᠡᠭᠡ ᠲᠤᠰᠬᠤᠨ ᠤ ᠶᠠᠲᠠᠭᠤ ᠬᠦᠴᠢᠷᠲᠡᠯᠲᠡᠢ ᠬᠦᠮᠦᠨ ᠠᠮᠠ ᠶᠢ ᠶᠠᠲᠠᠭᠤ ᠡᠴᠡ ᠠᠩᠭᠢᠵᠢᠷᠠᠭᠤᠯᠬᠤ ᠪᠠᠲᠤ ᠴᠢᠩᠭ᠋᠎ᠠ ᠠᠮᠠᠯᠠᠯᠲᠠ ᠦᠭ᠍ᠭᠦᠭ᠍ᠰᠡᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠶᠠᠲᠠᠭᠤ ᠬᠦᠴᠢᠷᠲᠡᠯᠲᠡᠢ ᠤᠷᠤᠨ ᠪᠦᠰᠡ ᠶᠢᠨ ᠺᠠᠳ᠋ᠷ ᠤᠯᠠᠨ ᠲᠦᠮᠡᠨ ᠤ ᠪᠠᠶ᠎ᠠ ᠲᠠᠭᠠᠭᠠᠨ ᠰᠢᠷᠭᠠᠭᠤ ᠬᠠᠲᠠᠭᠤᠵᠢᠯᠲᠠᠢ ᠲᠡᠮᠡᠴᠡᠬᠦ ᠳ᠋ᠤᠨᠢ ᠪᠦᠬᠦ ᠨᠠᠮ ᠪᠦᠬᠦ ᠨᠡᠶᠢᠭᠡᠮ ᠶᠢᠡᠷ ᠶᠢᠡᠨ ᠢᠲᠡᠭᠡᠯ ᠬᠦᠴᠦᠨ ᠶᠢᠡᠷ ᠲᠡᠮᠵᠢᠵᠦ᠂ ᠤᠨᠢᠨ ᠲᠡᠭᠡᠷ᠎ᠡ ᠨᠢ ᠶᠠᠲᠠᠭᠤ ᠶᠢ ᠲᠡᠳᠬᠦᠬᠦ᠂ ᠤᠨᠢᠨ ᠲᠡᠭᠡᠷ᠎ᠡ ᠨᠢ ᠶᠠᠲᠠᠭᠤ ᠡᠴᠡ ᠠᠩᠬᠢᠵᠢᠷᠠᠭᠤᠯᠬᠤ᠂ ᠰᠢᠨ᠎ᠡ ᠶᠢ ᠡᠭᠦᠳᠬᠦ ᠲᠤᠭᠲᠠᠯᠴᠠᠭ᠎ᠠ᠂ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠢ ᠠᠬᠢᠭᠤᠯᠬᠤ ᠠᠵᠢᠯ ᠮᠡᠲᠡᠭᠲᠡᠮ᠎ᠡ ᠤᠷᠤᠭᠰᠢᠲᠠᠢ ᠪᠤᠯᠵᠤ᠂ ᠦᠷ᠎ᠠ ᠪᠦᠲᠦᠮᠵᠢ ᠢᠯᠡᠷᠬᠡᠶ ᠪᠠᠶᠢᠬᠤ ᠶᠢ ᠭᠦᠢᠴᠡᠳ ᠨᠤᠲᠠᠯᠠᠭᠤᠰᠢᠲᠠᠢ ᠶᠤᠮ ᠭᠡᠯ᠎ᠡ᠃

    ᠰᠢ ᠵᠢᠨ ᠫᠢᠩ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠦᠢᠯᠡᠳᠦᠯᠭᠡ ᠢᠲᠠ ᠬᠦᠭ᠌ ᠲᠠᠢ ᠶᠠᠪᠤᠭᠲᠠᠵᠤ ᠪᠠᠶᠢᠬᠤ ᠦᠶ᠎᠎ᠠ ᠪᠡᠷ ᠨᠡᠶᠢᠲᠡᠯᠢᠭ ᠵᠢᠱᠢᠶᠡᠴᠢ ᠴᠣᠯᠭᠤᠷᠠᠵᠤ᠂ ᠤᠯᠤᠰ ᠲᠠᠶᠠᠭᠠᠷ ᠤᠨ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠱᠠᠩᠨᠠᠯ ᠢ ᠬᠦᠷᠲᠡᠭᠰᠡᠳ ᠪᠤᠯ ᠡᠲᠡᠭᠡᠷ ᠤᠨ ᠲᠤᠮᠲᠠᠬᠢ ᠰᠢᠯᠢᠲᠡᠭ ᠲᠦᠯᠦᠭᠡᠯᠡᠯ ᠪᠤᠯᠤᠨ᠎ᠠ᠃ ᠦᠨᠳᠦᠰᠦᠨ ᠱᠠᠲᠤᠨ ᠳ᠋ᠤ ᠰᠠᠭᠤᠷᠢᠯᠠᠵᠤ᠂ ᠬᠦᠨᠳᠦ ᠬᠠᠷᠢᠭᠤᠴᠠᠯᠭ᠎ᠠ ᠶᠢᠨ ᠡᠮᠦᠨ᠎ᠡ ᠤᠶᠢᠭ᠎ᠠ ᠦᠭᠡᠢ ᠬᠦᠴᠦᠨ ᠴᠢᠲᠠᠯ ᠶᠢᠡᠨ ᠦᠵᠡᠬᠦᠯᠵᠦ᠂ ᠰᠢᠨ᠎ᠡ ᠶᠢ ᠡᠭᠦᠳᠬᠦ ᠵᠤᠷᠢᠭ ᠰᠠᠨᠠᠭ᠎ᠠ ᠨᠢ ᠡᠯ᠎ᠡ ᠰᠠᠯᠪᠤᠷᠢ ᠶᠢᠨ ᠬᠢᠨ ᠳ᠋ᠤ ᠢᠲᠡᠭᠡᠯ ᠨᠡᠮᠡᠵᠦ᠂ ᠢᠲᠡᠪᠬᠢ ᠬᠦᠴᠦᠨ ᠨᠡᠮᠡᠵᠦ᠂ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠳ᠋ᠤ ᠤᠯᠠᠮ ᠴᠤ ᠬᠦᠴᠦᠨ ᠨᠡᠮᠡᠯ᠎ᠡ᠃ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠶᠠᠲᠠᠭᠤ ᠶᠢ ᠲᠡᠳᠭᠦᠭ᠍ᠴᠢ ᠪᠤᠯ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠶᠢᠨ ᠢᠲᠡᠪᠬᠢ ᠰᠢᠨ᠎ᠡ ᠬᠦᠴᠦᠨ ᠪᠤᠯᠬᠤ ᠶᠤᠮ᠂ ᠲᠡᠲᠡᠨᠦᠰ ᠢ ᠤᠯᠤᠰ ᠲᠦᠷᠦ ᠶᠢᠨ ᠲᠠᠯ᠎ᠠ ᠪᠡᠷ ᠬᠠᠯᠠᠮᠵᠢᠯᠠᠵᠤ᠂ ᠠᠵᠢᠯ ᠤᠨ ᠲᠠᠯ᠎ᠠ ᠪᠡᠷ ᠲᠡᠮᠵᠢᠵᠦ᠂ ᠠᠮᠢᠲᠤᠷᠠᠯ ᠤᠨ ᠲᠠᠯ᠎ᠠ ᠳ᠋ᠤ ᠪᠠᠲᠤᠯᠠᠭ᠎ᠠ ᠬᠠᠩᠭ᠋ᠠᠨ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠳ᠋ᠤ ᠨᠡᠩ ᠢᠯᠡᠬᠦᠦ ᠬᠦᠴᠦᠨ ᠴᠢᠲᠠᠯ ᠭᠠᠷᠭᠠᠬᠤ ᠶᠢ ᠨᠢ ᠲᠡᠮᠵᠢᠬᠦ ᠬᠡᠷᠡᠭᠲᠡᠢ ᠭᠡᠵᠦ ᠴᠢᠩᠭ᠋ᠠᠳᠬᠠᠪᠠ᠃ 

    ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭ᠋ᠤ ᠶᠢᠨ ᠭᠡᠰᠢᠬᠦᠨ᠂ ᠲᠦᠷᠦ ᠶᠢᠨ ᠶᠠᠪᠤᠲᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠦ᠂ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠪᠤᠯ ᠪᠦᠬᠦ ᠢᠷᠭᠡᠳ ᠤᠨ ᠦᠭᠡᠷᠡᠴᠢᠯᠡᠯᠲᠡ ᠬᠦᠭ᠍ᠵᠢᠯᠲᠠ ᠶᠢᠨ ᠦᠷ᠎ᠡ ᠪᠦᠲᠦᠭᠡᠯ ᠡᠳ᠋ᠯᠡᠬᠦ ᠶᠢ ᠪᠠᠲᠤᠯᠠᠵᠤ᠂ ᠬᠠᠮᠲᠤᠪᠡᠷ ᠪᠠᠶᠠᠵᠢᠵᠤ ᠴᠢᠨᠡᠭᠡᠯᠢᠭ᠍ᠵᠢᠬᠦ ᠶᠢ ᠪᠡᠶᠡᠯᠡᠬᠦᠯᠬᠦ ᠴᠢᠬᠤᠯᠠ ᠠᠷᠭ᠎ᠠ ᠪᠠᠷᠢᠯ ᠪᠤᠯᠤᠨ᠎ᠠ᠃ ᠲᠤᠰ ᠤᠲᠠᠭᠠᠨ ᠤ ᠰᠤᠩᠭ᠋ᠤᠨ ᠰᠢᠯᠭᠠᠷᠠᠭᠤᠯᠤᠭᠰᠠᠳ ᠪᠤᠯ ᠤᠲᠠᠭᠠᠨ ᠵᠢᠯ ᠤᠨ ᠲᠤᠷᠰᠢ ᠶᠠᠲᠠᠭᠤ ᠡᠴᠡ ᠠᠩᠬᠢᠵᠢᠷᠠᠭᠤᠯᠵᠤ ᠪᠤᠭᠤᠮᠲᠠ ᠰᠢᠪᠲᠤᠯᠬᠤ ᠲᠠᠶᠢᠯᠠᠯᠲᠤᠭᠠᠨ ᠪᠠ ᠦᠨᠳᠦᠰᠦᠨ ᠱᠠᠲᠤᠨ ᠤ ᠡᠮᠦᠨ᠎ᠡ ᠹᠷᠤᠨᠲ ᠲᠤ ᠭᠠᠪᠰᠢᠭᠠᠶᠢᠯᠠᠨ ᠠᠵᠢᠯᠯᠠᠵᠤ᠂ ᠠᠵᠢᠯ ᠤᠨ ᠪᠠᠶᠢᠷᠢᠨ ᠳ᠋ᠠᠭᠠᠨ ᠵᠢᠱᠢᠶᠡᠴᠢ ᠲᠠᠭᠠᠭᠤᠯᠬᠤ ᠦᠢᠯᠡᠳᠦᠯ ᠦᠵᠡᠬᠦᠯᠵᠦ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠭᠰᠠᠨ ᠪᠠᠶᠢᠲᠠᠭ ᠃ ᠱᠠᠩᠨᠠᠨ ᠬᠦᠬᠢᠭᠦᠯᠦᠭᠲᠡᠭᠰᠡᠨ ᠡᠲᠡᠭᠡᠷ ᠨᠦᠬᠦᠳ ᠲᠤ ᠬᠠᠯᠠᠭᠤᠨ ᠪᠠᠶᠠᠷ ᠬᠦᠷᠭᠡᠵᠦ ᠪᠠᠶᠢᠨ᠎ᠠ ! ᠤᠲᠤᠬᠠᠨ ᠳ᠋ᠤ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠰᠢᠢᠳᠪᠦᠷᠢ ᠲᠠᠶᠢᠯᠠᠯᠲᠤᠭᠠᠨ ᠤ ᠱᠠᠲᠤᠨ ᠳ᠋ᠤ ᠤᠷᠤᠭᠠᠳ ᠪᠤᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠶᠢ ᠵᠠᠰᠠᠵᠤ ᠲᠦᠷᠦ ᠪᠠᠷᠢᠬᠤ ᠰᠢᠨ᠎ᠡ ᠤᠶᠢᠯᠠᠭᠠᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠶᠢ ᠨᠠᠷᠢᠨ ᠬᠢᠨᠠᠮᠠᠭᠠᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠨᠢᠨ ᠲᠡᠭᠡᠷ᠎ᠡ ᠨᠢ ᠶᠠᠲᠠᠭᠤ ᠶᠢ ᠲᠡᠳᠭᠦᠵᠦ ᠤᠨᠢᠨ ᠲᠡᠭᠡᠷ᠎ᠡ ᠨᠢ ᠶᠠᠲᠠᠭᠤ ᠡᠴᠡ ᠠᠩᠭᠢᠵᠢᠷᠠᠭᠤᠯᠵᠤ ᠦᠨᠳᠦᠰᠦᠨ ᠨᠢᠭᠡᠲᠦᠭᠰᠡᠨ ᠲᠦᠯᠦᠪᠯᠡᠯᠭᠡ ᠶᠢ ᠪᠠᠷᠢᠮᠲᠠᠯᠠᠵᠤ᠂ ᠤᠨᠴᠠ ᠶᠠᠲᠠᠭᠤ ᠬᠦᠴᠢᠷᠲᠡᠯᠲᠡᠢ ᠤᠷᠤᠨ ᠪᠦᠰᠡ ᠪᠡᠷ ᠭᠤᠤᠯᠲᠠᠯᠭ᠎ᠠ ᠪᠤᠯᠭᠠᠬᠤ ᠶᠢ ᠪᠠᠷᠢᠮᠲᠠᠯᠠᠨ᠂ ᠨᠡᠶᠢᠲᠡᠯᠢᠭ ᠵᠢᠱᠢᠶᠡᠴᠢ ᠪᠡᠷ ᠲᠠᠭᠤᠷᠢᠶᠠᠯ ᠪᠤᠯᠭᠠᠨ ᠨᠡᠩ ᠴᠢᠩᠭ᠋᠎ᠠ ᠬᠠᠷᠢᠭᠤᠴᠠᠯᠭᠠᠲᠤ ᠤᠪᠤᠷ ᠶᠢᠡᠷ ᠨᠡᠩ ᠬᠠᠲᠠᠭᠤ ᠠᠷᠭ᠎ᠠ ᠪᠠᠷᠢᠯ ᠶᠢᠡᠷ᠂ ᠨᠡᠩ ᠶᠡᠬᠡ ᠬᠦᠴᠦᠨ ᠴᠢᠲᠠᠯ ᠶᠢᠡᠷ ᠲᠤᠯᠭᠠᠷᠠᠵᠤ ᠪᠦᠬᠦᠢ ᠠᠰᠠᠭᠤᠲᠠᠯ᠂ ᠬᠦᠴᠢᠷᠲᠡᠯ ᠢ ᠢᠯᠠᠨ ᠲᠠᠪᠠᠵᠤ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠢ ᠦᠨᠡᠨ ᠬᠦ ᠦᠷ᠎ᠡ ᠪᠦᠲᠦᠮᠵᠢ ᠲᠠᠢ ᠪᠤᠯᠭᠠᠨ᠂ ᠶᠠᠲᠠᠭᠤ ᠬᠦᠴᠢᠷᠲᠡᠯ ᠲᠠᠢ ᠤᠷᠤᠨ ᠤ ᠦᠪᠡᠷ ᠢ ᠪᠠᠨ ᠬᠦᠭ᠍ᠵᠢᠬᠦᠯᠬᠦ ᠴᠢᠲᠠᠪᠤᠷᠢ ᠶᠢ ᠨᠢ ᠲᠡᠭᠡᠭ᠍ᠰᠢᠯᠡᠬᠦᠯᠬᠦ ᠬᠡᠷᠡᠭᠲᠡᠢ᠃ ᠦᠨᠳᠦᠰᠦᠨ ᠱᠠᠲᠤᠨ ᠤ ᠶᠠᠲᠠᠭᠤ ᠶᠢ ᠲᠡᠳᠭᠦᠭ᠍ᠴᠢ ᠶᠢᠨ ᠠᠵᠢᠯ ᠠᠮᠢᠲᠤᠷᠠᠯ ᠢ ᠬᠠᠯᠠᠮᠵᠢᠯᠠᠵᠤ᠂ ᠨᠡᠶᠢᠭᠡᠮ ᠤᠨ ᠬᠦᠴᠦᠨ ᠢ ᠨᠢᠬᠲᠠᠷᠠᠭᠤᠯᠵᠤ ᠬᠠᠲᠠᠭᠤᠵᠢᠯᠲᠠᠢ ᠲᠡᠮᠡᠴᠡᠵᠦ᠂ ᠶᠠᠲᠠᠭᠤ ᠬᠦᠴᠢᠷᠲᠡᠯᠲᠡᠢ ᠤᠯᠠᠨ ᠲᠦᠮᠡᠨ ᠢ ᠦᠨᠡᠨ ᠬᠦ ᠶᠠᠲᠠᠭᠤ ᠡᠴᠡ ᠠᠩᠭᠢᠵᠢᠷᠠᠭᠤᠯᠤᠨ᠂ ᠴᠢᠨᠡᠭᠡᠯᠢᠭ᠌  ᠨᠡᠶᠢᠭᠡᠮ ᠢ ᠪᠦᠬᠦ ᠲᠠᠯ᠎ᠠ ᠪᠡᠷ ᠪᠠᠶᠢᠭᠤᠯᠬᠤ ᠬᠠᠷᠠᠯᠲᠠ ᠶᠢ ᠪᠡᠶᠡᠯᠡᠬᠦᠯᠬᠦ ᠳ᠋ᠤ ᠨᠡᠩ ᠶᠡᠬᠡ ᠬᠤᠪᠢ ᠨᠡᠮᠡᠷᠢ ᠤᠷᠤᠭᠤᠯᠬᠤ ᠬᠡᠷᠡᠭᠲᠡᠢ ᠭᠡᠵᠡᠢ᠃   

    ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠤᠨ ᠲᠡᠷᠢᠬᠦᠨ ᠤ ᠦᠢᠯᠡ ᠠᠵᠢᠯᠯᠠᠭ᠎ᠠ ᠶᠢᠨ ᠮᠡᠲᠡᠬᠦᠯᠦᠯᠲᠡ ᠶᠢᠨ ᠬᠤᠷᠠᠯ 9 ᠤ ᠦᠲᠡ ᠶᠢᠨ ᠡᠮᠦᠨ᠎ᠡ ᠪᠡᠭᠡᠵᠢᠩ ᠳ᠋ᠤ ᠶᠠᠪᠤᠭᠲᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠲᠠᠯ ᠤᠨ ᠬᠤᠷᠢᠶᠠᠨ ᠤ ᠶᠠᠲᠠᠭᠤ ᠶᠢ ᠲᠡᠳᠬᠦᠵᠦ ᠨᠡᠬᠡᠬᠡᠨ ᠬᠦᠭ᠍ᠵᠢᠬᠦᠯᠬᠦ ᠤᠲᠤᠷᠢᠳᠬᠤ ᠪᠠᠭ᠎ᠠ ᠲᠤᠭᠤᠶᠢᠯᠠᠩ ᠤᠨ ᠲᠠᠷᠤᠭ᠎ᠠ ᠸᠠᠩ ᠶᠠᠩ ᠤᠷᠤᠯᠴᠠᠵᠤ ᠦᠭᠡ ᠶᠠᠷᠢᠪᠠ᠃

    ᠬᠤᠷᠠᠯ ᠤᠨ ᠦᠶ᠎ᠠ ᠪᠡᠷ ᠰᠢ ᠵᠢᠨ ᠫᠢᠩ ᠤᠨ ᠴᠢᠬᠤᠯᠠ ᠵᠢᠭᠠᠪᠤᠷᠢ ᠪᠠ ᠯᠢ ᠺᠧ ᠴᠢᠶᠠᠩ ᠤᠨ ᠴᠤᠬᠤᠯᠠᠪᠤᠷᠢ ᠶᠢ ᠲᠠᠮᠵᠢᠭᠤᠯᠵᠤ᠂ ᠤᠯᠤᠰ ᠲᠠᠶᠠᠭᠠᠷ ᠤᠨ ᠶᠠᠲᠠᠭᠤ ᠡᠴᠡ ᠠᠩᠬᠢᠵᠢᠷᠠᠭᠤᠯᠵᠤ ᠪᠤᠭᠤᠮᠲᠠ ᠰᠢᠪᠲᠤᠯᠬᠤ ᠱᠠᠩᠨᠠᠯ ᠬᠦᠷᠲᠡᠭᠰᠡᠳ ᠢ ᠬᠦᠬᠢᠬᠦᠯᠪᠡ᠃

    2017 ᠤᠨ ᠤ ᠤᠯᠤᠰ ᠲᠠᠶᠠᠭᠠᠷ ᠤᠨ ᠶᠠᠲᠠᠭᠤ ᠡᠴᠡ ᠠᠩᠬᠢᠵᠢᠷᠠᠭᠤᠯᠵᠤ ᠪᠤᠭᠤᠮᠲᠠ ᠰᠢᠪᠲᠤᠯᠬᠤ ᠱᠠᠩᠨᠠᠯ ᠬᠦᠷᠲᠡᠭᠰᠡᠳ ᠪᠠ 2016 ᠤᠨ ᠤ ᠤᠯᠤᠰ ᠲᠠᠶᠠᠭᠠᠷ ᠤᠨ ᠶᠠᠲᠠᠭᠤ ᠡᠴᠡ ᠠᠩᠭᠢᠵᠢᠷᠠᠭᠤᠯᠵᠤ ᠪᠤᠭᠤᠮᠲᠠ ᠰᠢᠪᠲᠤᠯᠬᠤ ᠱᠠᠩᠨᠠᠯ ᠬᠦᠷᠲᠡᠭᠰᠡᠳ ᠤᠨ ᠲᠦᠯᠦᠭᠡᠯᠡᠭᠴᠢ᠂ ᠲᠦᠷᠦ ᠶᠢᠨ ᠶᠠᠪᠤᠲᠠᠯ ᠤᠨ ᠬᠤᠷᠢᠶᠠᠨ ᠤ ᠶᠠᠲᠠᠭᠤ ᠶᠢ ᠲᠡᠳᠬᠦᠵᠦ ᠨᠡᠬᠡᠬᠡᠨ ᠬᠦᠭ᠍ᠵᠢᠬᠦᠯᠬᠦ ᠤᠲᠤᠷᠢᠳᠬᠤ ᠲᠤᠭᠤᠶᠢᠯᠠᠩ ᠤᠨ ᠭᠡᠰᠢᠬᠦᠨ᠂ ᠶᠠᠲᠠᠭᠤ ᠶᠢ ᠲᠡᠳᠬᠦᠬᠦ ᠡᠭᠦᠷᠭᠡ ᠬᠦᠯᠢᠶᠡᠭᠰᠡᠨ ᠪᠡᠭᠡᠵᠢᠩ ᠳ᠋ᠡᠬᠢ ᠲᠦᠪ ᠤᠨ ᠪᠠᠶᠢᠭᠤᠯᠤᠯᠭ᠎ᠠ ᠶᠢᠨ ᠬᠠᠮᠢᠶ᠎ᠠ ᠲᠠᠢ ᠬᠠᠷᠢᠭᠤᠴᠠᠯᠭᠠᠲᠠᠨ᠂ ᠤᠯᠤᠰ ᠲᠠᠶᠠᠭᠠᠷ ᠤᠨ ᠶᠠᠲᠠᠭᠤ ᠡᠴᠡ ᠠᠩᠬᠢᠵᠢᠷᠠᠭᠤᠯᠵᠤ ᠪᠤᠭᠤᠮᠲᠠ ᠰᠢᠪᠲᠤᠯᠬᠤ ᠱᠠᠩᠨᠠᠯ ᠢ ᠰᠢᠯᠭᠠᠷᠠᠭᠤᠯᠬᠤ ᠵᠦᠪᠯᠡᠯ ᠤᠨ ᠲᠦᠯᠦᠭᠡᠯᠡᠭᠴᠢ᠂ ᠬᠡᠪᠯᠡᠯ ᠮᠡᠲᠡᠭᠡᠯᠡᠯ ᠤᠨ ᠲᠦᠯᠦᠭᠡᠯᠡᠭᠴᠢᠳ ᠬᠤᠷᠠᠯ ᠳ᠋ᠤ ᠤᠷᠤᠯᠴᠠᠪᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120791121779980