ᠰᠢ ᠵᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠦᠢᠵᠸᠥ ᠮᠤᠵᠢ ᠶᠢᠨ ᠲᠦᠯᠥᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠵᠤ ᠲᠠᠶᠠᠭᠠᠷ ᠢᠶᠠᠨ ᠰᠡᠳᠬᠢᠯ ᠨᠢᠬᠡᠳᠴᠤ ᠵᠠᠮ ᠨᠡᠬᠡᠬᠡᠨ ᠤᠷᠤᠭᠰᠢᠯᠠᠵᠥ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠲᠦᠯᠬᠢᠨ ᠤᠷᠤᠭᠰᠢᠯᠠᠭᠤᠯᠬᠤ ᠬᠡᠷᠡᠭᠳᠡᠢ ᠬᠡᠪᠡ 2017-10-20 17:11

    ᠰᠢ ᠵᠢᠨ ᠫᠢᠩ ᠨᠦᠬᠦᠷ 19 ᠤ ᠦᠳᠡ ᠶᠢᠨ ᠡᠮᠤᠨ᠎ᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠦᠢᠵᠸᠥ ᠮᠤᠵᠢ ᠶᠢᠨ ᠲᠦᠯᠥᠬᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠤᠷᠤᠯᠴᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠨᠢ ᠨᠠᠮ ᠪᠤᠯᠤᠨ ᠤᠯᠤᠰ ᠤᠨ ᠦᠢᠯᠡᠰ ᠤᠨ ᠤᠷᠤᠭᠰᠢᠯᠠᠯᠳᠠ ᠶᠢᠨ ᠴᠢᠭᠯᠡᠯ ᠢ ᠤᠯᠠᠮ ᠴᠢᠨᠠᠭᠰᠢᠳᠠ ᠲᠤᠳᠤᠷᠬᠠᠢ ᠵᠢᠭᠠᠵᠥ ᠦᠭᠴᠠᠢ᠂ ᠡᠨᠡ ᠪᠤᠯ ᠮᠠᠨ ᠤ ᠨᠠᠮ ᠤᠨ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭ᠍ᠵᠢᠬᠦᠯᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠦᠳᠦᠯᠪᠤᠷᠢ ᠪᠤᠯᠤᠨ᠎ᠠ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠠ ᠬᠡᠬᠦ ᠰᠢᠨ᠎ᠡ ᠦᠭᠦᠯᠡᠯᠳᠡ ᠶᠢ ᠬᠦᠨᠵᠡᠬᠡᠢ ᠰᠤᠷᠤᠯᠴᠠᠨ ᠡᠵᠡᠮᠰᠢᠵᠥ᠂ ᠮᠠᠨ ᠤ ᠤᠯᠤᠰ ᠤᠨ ᠨᠡᠶᠢᠬᠡᠮ ᠤᠨ ᠵᠦᠷᠢᠴᠡᠯ ᠳᠤ ᠬᠤᠪᠢᠷᠠᠯᠳᠠ ᠭᠠᠷᠤᠭᠰᠠᠠ ᠰᠢᠨ᠎ᠡ ᠤᠨᠴᠠᠯᠢᠭ ᠢ ᠬᠦᠨᠵᠡᠬᠡᠢ ᠰᠤᠷᠤᠯᠴᠠᠨ ᠡᠵᠡᠮᠰᠢᠵᠥ᠂ ᠬᠤᠶᠠᠷ ᠠᠯᠬᠤᠮ ᠬᠤᠪᠢᠶᠠᠨ ᠶᠠᠪᠤᠵᠥ ᠪᠠᠶᠢᠭᠠᠳ ᠨᠡᠶᠢᠬᠡᠮ ᠵᠢᠷᠤᠮ ᠤᠨ ᠤᠳᠤᠬᠢᠴᠢᠯᠠᠭᠰᠠᠠ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠷᠠᠯᠳᠠ ᠶᠢ ᠬᠦᠨᠵᠡᠬᠡᠢ ᠰᠤᠷᠤᠯᠴᠠᠨ ᠡᠵᠡᠮᠰᠢᠵᠥ᠂ ᠨᠠᠮ ᠤᠨ ᠪᠠᠶᠢᠭᠤᠯᠤᠯᠳᠠ ᠶᠢᠨ ᠰᠢᠨ᠎ᠡ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠡᠵᠡᠮᠰᠢᠵᠥ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠵᠤᠷᠢᠬᠵᠢᠭᠤᠯᠵᠥ ᠲᠠᠶᠠᠭᠠᠷ ᠢᠶᠠᠨ ᠰᠡᠳᠬᠢᠯ ᠨᠢᠬᠡᠳᠴᠤ᠂ ᠵᠠᠮ ᠨᠡᠬᠡᠬᠡᠨ ᠤᠷᠤᠭᠰᠢᠯᠠᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠲᠦᠯᠬᠢᠨ ᠤᠷᠤᠭᠰᠢᠯᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃

    ᠬᠦᠢᠵᠸᠥ ᠮᠤᠵᠢ ᠶᠢᠨ ᠲᠦᠯᠥᠬᠡᠯᠡᠭᠴᠢᠳ ᠤᠨ ᠪᠦᠯᠬᠦᠮ ᠤᠨ ᠬᠢᠨ ᠬᠦᠭ᠍ᠵᠢᠶᠡᠨᠳᠡᠢ ᠶᠠᠷᠢᠯᠴᠠᠪᠠ᠃ ᠰᠦᠨ ᡁᠢ ᠭᠠᠩ᠂ ᠴᠧᠨ ᠢ ᠴᠢᠨ᠂ ᠢᠤᠢ ᠯᠢᠦ ᠹᠧᠨ᠂ ᠫᠠᠨ ᠺᠧ ᠭᠠᠩ᠂ ᠵᠸᠥ ᠵᠢᠶᠠᠨ ᠺᠦᠨ᠂ ᠵᠦᠩ ᠵᠢᠩ᠂ ᠶᠠᠩ ᠪᠦᠸᠧ᠂ ᠵᠠᠩ ᠱᠦ ᠰᠢᠨ᠂ ᠬᠤᠸᠠᠩ ᠵᠢᠶᠦ᠋ᠨ ᠴᠢᠶᠦ᠋ᠩ ᠵᠡᠷᠬᠡ 9 ᠲᠦᠯᠥᠬᠡᠯᠡᠭᠴᠢ ᠲᠤᠰ ᠲᠤᠰ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠥ᠂ ᠢᠯᠡᠳᠬᠡᠯ ᠤᠨ ᠲᠤᠬᠠᠢ ᠰᠠᠨᠠᠯ ᠢᠶᠠᠨ ᠢᠯᠡᠳᠬᠡᠵᠥ᠂ ᠲᠠᠨᠢᠯᠳᠡ ᠤᠢᠢᠯᠠᠭᠠᠯᠳᠠ ᠪᠠᠨ ᠶᠠᠷᠢᠪᠠ᠃ ᠤᠯᠠᠨ ᠢᠶᠠᠷ ᠢᠶᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠪᠤᠯ ᠦᠨᠡᠨ ᠢ ᠪᠠᠷᠢᠮᠳᠠᠯᠠᠭᠰᠠᠠ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠭᠰᠠᠠ᠂ ᠰᠡᠳᠬᠢᠯ ᠢ ᠨᠢᠬᠡᠳᠬᠡᠨ ᠬᠦᠴᠦᠨ ᠢ ᠨᠢᠬᠳᠠᠷᠠᠭᠤᠯᠤᠭᠰᠠᠠ᠂ ᠬᠦᠮᠥᠰ ᠢ ᠵᠤᠷᠢᠬᠵᠢᠭᠤᠯᠤᠨ ᠤᠷᠤᠭᠰᠢᠯᠠᠭᠤᠯᠤᠭᠰᠠᠠ ᠢᠯᠡᠳᠬᠡᠯ ᠮᠥᠨ᠂ ᠪᠦᠬᠦ ᠨᠠᠮ ᠢ ᠲᠠᠶᠢᠴᠢᠯᠠᠨ ᠵᠤᠷᠢᠬᠵᠢᠭᠤᠯᠵᠥ ᠴᠢᠨᠡᠭᠡᠯᠢᠭ᠌ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠬᠦᠯᠬᠦ ᠢᠯᠡᠳᠬᠡᠯ ᠮᠥᠨ ᠬᠡᠵᠥ ᠦᠵᠡᠵᠡᠬᠡᠵᠥ᠂ ᠡᠨᠡᠬᠦ ᠢᠯᠡᠳᠬᠡᠯ ᠢ ᠬᠦᠷᠢᠶᠡᠯᠡᠵᠥ ᠪᠠᠶᠢᠬᠤ ᠪᠠᠨ ᠢᠯᠡᠳᠬᠡᠪᠡ᠃

    ᠰᠢ ᠵᠢᠨ ᠫᠢᠩ ᠰᠤᠨᠤᠰᠬᠤ ᠶᠢᠨ ᠲᠠᠭᠠᠤ ᠲᠡᠮᠲᠡᠭᠯᠡᠵᠦ᠂ ᠲᠦᠯᠦᠭᠡᠯᠡᠭᠴᠢᠳ ᠲᠠᠢ ᠬᠦᠨᠵᠡᠭᠡᠢ ᠶᠠᠷᠢᠯᠴᠠᠵᠠᠢ᠃ ᠯᠢᠤ ᠫᠠᠠ ᠱᠦᠢ ᠬᠤᠲᠠ ᠶᠢᠨ ᠫᠠᠠ ᠵᠸᠤ ᠬᠤᠲᠠ ᠶᠢᠨ ᠢᠤᠢ ᠨᠢ ᠰᠢᠶᠠᠩ ᠤᠨ ᠶᠠᠠ ᠪᠦᠸᠧ ᠲᠤᠰᠬᠤᠨ ᠤ ᠨᠠᠮ ᠤᠨ ᠬᠤᠷᠢᠶᠠᠠ ᠤ ᠱᠦᠵᠢ ᠢᠤᠢ ᠯᠢᠤ ᠹᠸᠠ᠂ ᠦᠷᠭᠡᠡ ᠤᠯᠠᠠ ᠲᠠᠷᠢᠶᠠᠴᠢᠨ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠤ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠤᠭᠤᠴᠠᠭ᠎ᠠ ᠲᠤᠯᠤᠬᠰᠠᠨ ᠤ ᠲᠠᠷᠠᠭ᠎ᠠ ᠲᠠᠬᠢᠭᠠᠳ ᠪᠠᠰᠠ 30 ᠵᠢᠯ ᠤᠷᠲᠤᠳᠬᠠᠨ᠎ᠠ ᠭᠡᠵᠦ ᠲᠤᠷᠠᠲᠤᠭᠰᠠᠠ ᠲᠦᠷᠦ ᠶᠢᠨ ᠪᠤᠲᠤᠯᠭ᠎ᠠ ᠳᠤ ᠮᠠᠰᠢ ᠰᠡᠳᠭᠢᠯ ᠬᠠᠨᠤᠮᠵᠢᠲᠠᠢ ᠪᠠᠶᠢᠨ᠎ᠠ ᠭᠡᠵᠦ ᠶᠠᠷᠢᠬᠤ ᠶᠢ ᠰᠤᠨᠤᠰᠤᠭᠠᠳ ᠰᠢ ᠵᠢᠨ ᠫᠢᠩ ᠲᠤᠩ ᠪᠠᠶᠠᠷᠯᠠᠵᠦ᠂ ᠡᠨᠡ ᠪᠤᠯ ᠦᠷᠭᠡᠡ ᠤᠯᠠᠠ ᠲᠠᠷᠢᠶᠠᠴᠢᠨ ᠢ ᠰᠠᠨᠠᠭ᠎ᠠ ᠠᠮᠤᠷ ᠪᠠᠶᠢᠯᠭᠠᠬᠤ ᠶᠢᠨ ᠲᠦᠯᠦᠭᠡ ᠶᠤᠮ ᠭᠡᠵᠦ ᠬᠡᠯᠡᠪᠡ᠃

    ᠽᠦᠨ ᠢ ᠬᠤᠲᠠ ᠶᠢᠨ ᠪᠦᠸᠧ ᠵᠸᠤ ᠲᠤᠭᠤᠷᠢᠭ ᠤᠨ ᠹᠧᠩ ᠰᠢᠶᠠᠩ ᠪᠠᠯᠭᠠᠰᠤᠨ ᠤ ᠬᠤᠸᠠ ᠮᠤᠤ ᠲᠤᠰᠬᠤᠨ ᠤ ᠨᠠᠮ ᠤᠨ ᠶᠡᠷᠦᠩᠭᠡᠢ ᠡᠭᠦᠷ ᠤᠨ ᠱᠦᠵᠢ ᠫᠠᠠ ᠺᠧ ᠭᠠᠩ ᠬᠦᠲᠡᠭᠡ ᠲᠤᠰᠬᠤᠨ ᠤ ᠲᠠᠷᠢᠶᠠᠴᠢᠠ ᠠᠶᠢᠯ ᠤᠨ ᠵᠤᠭᠠᠴᠠᠯ ᠨᠤᠲᠤᠭ ᠤᠨ ᠠᠬ᠎ᠠ ᠲᠡᠭᠦᠦ ᠨᠠᠷ ᠤᠨ ᠴᠢᠨᠡᠭᠡᠯᠢᠭ᠍ᠵᠢᠬᠦ ᠰᠢᠨ᠎ᠠ ᠵᠠᠮ ᠪᠤᠯᠵᠠᠢ ᠭᠡᠵᠦ ᠶᠠᠷᠢᠬᠤ ᠶᠢ ᠰᠤᠨᠤᠰᠤᠭᠠᠳ᠂ ᠰᠢ ᠵᠢᠨ ᠫᠢᠩ ᠬᠦᠲᠡᠭᠡ ᠲᠤᠰᠬᠤᠨ ᠤ ᠲᠠᠷᠢᠶᠠᠴᠢᠠ ᠠᠶᠢᠯ ᠤᠨ ᠵᠤᠭᠠᠴᠠᠯ ᠢ ᠬᠦᠭ᠍ᠵᠢᠭᠦᠯᠬᠦ ᠶᠢ ᠵᠤᠷᠢᠠᠠᠵᠢᠭᠤᠯᠬᠤ ᠪᠦᠭᠡᠳ ᠪᠠᠰᠠ ᠬᠦᠲᠡᠭᠡ ᠲᠤᠰᠬᠤᠨ ᠤ ᠵᠤᠭᠠᠴᠠᠯ ᠳᠤ ᠵᠠᠲᠠᠯᠤᠯᠲᠠ ᠪᠠ ᠵᠢᠱᠢᠯᠲᠠ ᠬᠢᠵᠦ᠂ ᠤᠷᠢᠳᠴᠢᠯᠠᠨ ᠠᠷᠭ᠎ᠠ ᠬᠡᠮᠵᠢᠶ᠎ᠠ ᠲᠤᠭᠲᠠᠭᠠᠵᠦ᠂ ᠬᠦᠲᠡᠭᠡ ᠲᠤᠰᠬᠤᠨ ᠤ ᠵᠤᠭᠠᠴᠠᠯ ᠤᠨ ᠦᠢᠯᠡᠰ ᠤᠨ ᠦᠷᠬᠦᠯᠵᠢᠯᠡᠡ ᠬᠦᠭ᠍ᠵᠢᠬᠦ ᠶᠢ ᠪᠠᠲᠤᠯᠠᠬᠤ ᠭᠡᠷᠡᠭᠲᠡᠢ ᠭᠡᠵᠦ ᠬᠡᠯᠡᠪᠡ᠃ ᠪᠢ ᠵᠢᠶᠧ ᠬᠤᠲᠠ ᠶᠢᠨ ᠨᠠᠮ ᠤᠨ ᠬᠤᠷᠢᠶᠠᠠ ᠤ ᠱᠦᠵᠢ ᠵᠸᠤ ᠵᠢᠶᠠᠠ ᠺᠦᠨ ᠨᠠᠮ ᠤᠨ ᠡᠬᠦᠷ ᠢᠶᠠᠨ ᠦᠢᠯᠡᠳᠪᠦᠷᠢᠯᠡᠯ ᠤᠨ ᠲᠤᠭᠤᠢᠢᠯᠠᠩ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠵᠢᠭᠠᠠ ᠰᠤᠷᠬᠤ ᠭᠠᠵᠠᠷ ᠲᠤ ᠪᠠᠶᠢᠭᠤᠯᠵᠠᠢ ᠭᠡᠵᠦ ᠶᠠᠷᠢᠬᠤ ᠶᠢ ᠰᠤᠨᠤᠰᠤᠭᠠᠳ ᠰᠢ ᠵᠢᠨ ᠫᠢᠩ᠂ ᠰᠢᠨ᠎ᠠ ᠴᠠᠭ ᠦᠶ᠎ᠠ ᠶᠢᠨ ᠲᠠᠷᠢᠶᠠᠴᠢᠠ ᠤ ᠵᠢᠭᠠᠠ ᠰᠤᠷᠬᠤ ᠭᠠᠵᠠᠷ ᠪᠤᠯ ᠰᠢᠨ᠎ᠡ ᠡᠭᠦᠳᠦᠯᠳᠡ ᠮᠦᠨ᠂ ᠨᠠᠮ ᠤᠨ ᠦᠨᠲᠦᠰᠦ ᠰᠠᠭᠤᠷᠢ ᠦᠨᠲᠦᠰᠦᠨ ᠱᠠᠲᠤᠨ ᠳᠤ ᠪᠠᠶᠢᠨ᠎ᠠ᠂ ᠵᠠᠪᠠᠯ ᠦᠨᠲᠦᠰᠦᠨ ᠱᠠᠲᠤᠨ ᠤ ᠨᠨᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠦ᠂ ᠬᠦᠲᠡᠭᠡ ᠲᠤᠰᠬᠤᠠ ᠳᠤ ᠢᠮᠠᠭᠲᠠ ᠨᠠᠮ ᠤᠨ ᠤᠲᠤᠷᠢᠲᠤᠯᠭ᠎ᠠ ᠶᠢ ᠪᠠᠷᠢᠮᠲᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃ ᠴᠢᠶᠠᠠ ᠰᠢ ᠨᠠᠠ ᠵᠸᠤ ᠶᠢᠨ ᠵᠸᠠ ᠹᠧᠩ ᠰᠢᠶᠠᠠ ᠤ ᠯᠦᠩ ᠴᠠᠩ ᠪᠠᠯᠭᠠᠰᠤᠨ ᠤ ᠯᠦᠩ ᠡᡁᠧ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠵᠦᠩ ᠵᠢᠩ ᠬᠦᠲᠡᠭᠡ ᠲᠤᠰᠬᠤᠨ ᠤ ᠡᠮ ᠡᠮᠨᠡᠯᠭᠡ ᠶᠢᠨ ᠪᠠᠲᠤᠯᠠᠪᠤᠷᠢ ᠶᠢᠨ ᠠᠰᠠᠭᠤᠲᠠᠯ ᠤᠨ ᠲᠤᠬᠠᠢ ᠠᠰᠠᠭᠤᠲᠠᠯ ᠢ ᠶᠠᠷᠢᠬᠤ ᠳᠤ᠂ ᠰᠢ ᠶᠢᠨ ᠫᠢᠩ ᠤᠲᠤ ᠶᠢᠨ ᠲᠠᠷᠢᠶᠠᠴᠢᠳ ᠵᠢᠯ ᠳᠤ ᠭᠡᠲᠦᠢ ᠡᠮᠨᠡᠯᠭᠡ ᠶᠢᠨ ᠲᠠᠭᠠᠳᠬᠠᠯ ᠲᠤᠰᠢᠶᠠᠵᠦ ᠪᠠᠶᠢᠬᠤ᠂ ᠶᠠᠲᠠᠭᠤ ᠬᠦᠴᠢᠷᠲᠠᠯᠲᠠᠢ ᠬᠦᠲᠡᠭᠡ ᠲᠤᠰᠬᠤᠨ ᠤ ᠡᠭᠡᠯ ᠠᠷᠠᠳ ᠤᠨ ᠦᠢᠯᠡᠳᠪᠦᠷᠢᠯᠡᠯ ᠠᠮᠢᠲᠤᠷᠠᠯ ᠤᠨ ᠨᠦᠬᠦᠴᠡᠯ ᠰᠠᠶᠢᠵᠢᠷᠠᠭᠰᠠᠠ ᠡᠰᠡᠬᠦ ᠶᠢ ᠠᠰᠠᠭᠤᠨ ᠯᠠᠪᠯᠠᠪᠠ᠃ ᠬᠦᠢᠵᠸᠤ ᠶᠢᠨ ᠯᠢᠤ ᠫᠠᠠ ᠱᠦᠢ ᠬᠤᠲᠠ ᠶᠢᠨ ᠵᠦᠩ ᠱᠠᠠ ᠲᠤᠭᠤᠷᠢᠭ ᠤᠨ ᠳ᠋ᠠ ᠸᠠᠠ ᠪᠠᠯᠭᠠᠰᠤᠠ ᠤ ᠬᠠᠢ ᠭᠠ ᠲᠤᠰᠬᠤᠨ ᠤ ᠨᠠᠮ ᠤᠨ ᠡᠬᠦᠷ ᠤᠨ ᠨᠢᠭᠡᠲᠦᠭᠡᠷ ᠱᠦᠵᠢ ᠶᠠᠩ ᠪᠦᠸᠧ 8 ᠵᠢᠯ ᠲᠤᠰᠬᠤᠨ ᠳᠤ ᠰᠠᠭᠤᠭ᠎ᠠ ᠨᠢᠭᠡᠲᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠦ᠂ ᠨᠤᠲᠤᠭ ᠤᠨ ᠠᠬ᠎ᠠ ᠲᠡᠭᠦᠦ ᠨᠠᠷ ᠢᠶᠠᠨ ᠲᠠᠭᠠᠭᠤᠯᠤᠨ ᠶᠠᠲᠠᠭᠤ ᠠᠴᠠ ᠠᠩᠭᠢᠵᠢᠷᠠᠭᠤᠯᠤᠨ ᠴᠢᠨᠡᠭᠡᠯᠢᠭ᠍ᠵᠢᠬᠦᠯᠦᠭᠰᠡᠡ ᠲᠦᠷᠦᠭᠲᠠᠯ ᠢᠶᠠᠨ ᠶᠠᠷᠢᠬᠤ ᠳᠤ᠂ ᠰᠢ ᠵᠢᠨ ᠫᠢᠩ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠮᠦᠨ᠎ᠠ ᠹᠷᠤᠨᠲ ᠲᠤ ᠪᠠᠶᠢᠭ᠎ᠠ ᠦᠨᠲᠦᠰᠦᠨ ᠱᠠᠲᠤᠨ ᠤ ᠺᠠᠳ᠋ᠷ ᠢ ᠬᠠᠶᠢᠷᠠᠯᠠᠠ ᠬᠠᠯᠠᠮᠵᠢᠯᠠᠵᠦ᠂ ᠡᠯ᠎ᠠ ᠲᠠᠯ᠎ᠠ ᠶᠢᠨ ᠬᠡᠪ ᠴᠢᠨᠠᠷ ᠰᠠᠶᠢᠨ᠂ ᠨᠦᠬᠦᠴᠡᠯ ᠪᠦᠷᠢᠯᠲᠦᠭᠰᠡᠡ ᠢ ᠨᠢ ᠰᠢᠯᠢᠨ ᠲᠡᠪᠰᠢᠭᠦᠯᠵᠦ ᠭᠡᠷᠡᠭᠯᠡᠬᠦ ᠶᠢᠨ ᠲᠠᠭᠠᠤ ᠵᠠᠯᠠᠭᠤ ᠺᠠᠳ᠋ᠷᠴᠤᠳ ᠢ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠮᠦᠨ᠎ᠠ ᠹᠷᠤᠨᠲ ᠲᠤ ᠤᠴᠢᠵᠦ ᠲᠠᠪᠲᠠᠠ ᠪᠤᠯᠪᠠᠰᠤᠷᠠᠭᠤᠯᠬᠤ ᠪᠠᠷ ᠵᠤᠷᠢᠠᠠᠵᠢᠭᠤᠯᠬᠤ ᠭᠡᠷᠡᠭᠲᠡᠢ ᠭᠡᠵᠦ ᠢᠯᠡᠳᠭᠡᠵᠠᠢ᠃ ᠰᠢ ᠵᠢᠨ ᠫᠢᠩ ᠪᠠᠰᠠ ᠴᠢᠶᠠᠨ ᠳ᠋ᠦᠩ ᠨᠠᠨ ᠵᠸᠤ ᠶᠢᠨ ᠵᠧᠨ ᠶᠤᠸᠠᠨ ᠰᠢᠶᠠᠨ ᠤ ᠵᠢᠶᠠᠩ ᠬᠦ᠋ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠪᠠᠭᠰᠢ ᠬᠤᠸᠠᠩ ᠵᠢᠶᠦ᠋ᠨ ᠴᠢᠶᠦ᠋ᠩ ᠳᠤ᠂ ᠡᠷᠳᠡ ᠴᠢᠯᠦᠭᠡᠯᠡᠭᠳᠡᠭᠰᠡᠨ ᠤᠷᠤᠨ ᠴᠦᠬᠡᠨ ᠲᠤᠭᠠᠳᠤ ᠦᠨᠳᠤᠰᠤᠳᠠᠨ ᠤ ᠤᠷᠤᠨ ᠬᠢᠯᠢ ᠬᠢᠵᠠᠭᠠᠷ ᠤᠷᠤᠨ ᠶᠠᠳᠠᠭᠤ ᠬᠦᠴᠢᠷᠳᠠᠯ ᠲᠠᠢ ᠤᠷᠤᠨ ᠤ ᠰᠤᠷᠭᠠᠨ ᠬᠦᠮᠤᠵᠢᠯ ᠪᠤᠯᠪᠠᠰᠤᠷᠠᠯ ᠤᠨ ᠠᠵᠢᠯ ᠤᠨ ᠡᠷᠴᠢᠮ ᠢ ᠴᠢᠩᠭ᠋ᠠᠷᠠᠭᠤᠯᠵᠤ᠂ ᠨᠡᠩ ᠤᠯᠠᠨ ᠬᠦᠳᠡᠭᠡ ᠲᠤᠰᠬᠤᠨ ᠪᠤᠯᠤᠨ ᠦᠨᠳᠤᠰᠤᠨ ᠱᠠᠳᠤᠨ ᠤ ᠪᠠᠭᠰᠢ ᠳᠤ ᠲᠤᠰᠬᠠᠢ ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠭᠡᠷᠡᠭᠳᠠᠢ ᠬᠡᠵᠤ ᠬᠡᠯᠡᠪᠡ᠃

    ᠲᠦᠯᠤᠬᠡᠯᠡᠭᠴᠢᠳ ᠤᠨ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠰᠢ ᠵᠢᠨ ᠫᠢᠩ᠂ ᠬᠦᠢᠵᠸᠤ ᠶᠢᠨ ᠲᠦᠯᠤᠬᠡᠯᠡᠭᠴᠢᠳ ᠤᠨ ᠪᠦᠯᠬᠦᠮ ᠤᠨ ᠲᠦᠯᠦᠭᠡᠯᠡᠭᠴᠢ ᠶᠢᠨ ᠬᠤᠪᠢ ᠪᠠᠷ ᠶᠠᠷᠢᠯᠴᠠᠭ᠎ᠠ ᠳᠤ ᠤᠷᠤᠯᠴᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠬᠡᠵᠤ ᠢᠯᠡᠳᠬᠡᠪᠡ᠃ ᠰᠢ ᠵᠢᠨ ᠫᠢᠩ ᠲᠦᠯᠤᠬᠡᠯᠡᠭᠴᠢᠳ ᠪᠤᠯᠤᠨ ᠬᠦᠢᠵᠸᠤ ᠮᠤᠵᠢ ᠶᠢᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠳᠤ ᠴᠢᠩ ᠦᠨᠡᠨᠴᠢ ᠮᠡᠨᠳᠤᠴᠢᠯᠠᠯ ᠬᠦᠷᠬᠡᠪᠡ᠃

    ᠰᠢ ᠵᠢᠨ ᠫᠢᠩ᠂ 5 ᠵᠢᠯ ᠤᠨ ᠲᠤᠷᠰᠢ᠂ ᠬᠦᠢᠵᠸᠤ ᠶᠢᠨ ᠬᠢᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠡᠯ᠎ᠠ ᠲᠠᠯ᠎ᠠ ᠶᠢᠨ ᠠᠵᠢᠯ ᠲᠠᠰᠤᠷᠠᠯᠳᠠ ᠦᠬᠡᠢ ᠰᠢᠨ᠎ᠠ ᠠᠬᠢᠴᠠ ᠲᠠᠢ ᠪᠤᠯᠪᠠ᠃ ᠶᠠᠷᠤᠩᠬᠡᠢ ᠬᠦᠴᠤᠨ ᠢᠯᠡᠳᠳᠠ ᠲᠡᠭᠡᠭ᠍ᠰᠢᠯᠡᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠦᠷ᠎ᠠ ᠪᠦᠳᠤᠬᠡᠯ ᠢᠯᠡᠳᠳᠡ ᠪᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠠᠨ ᠰᠠᠶᠢᠵᠢᠷᠠᠵᠤ᠂ ᠦᠬᠡᠷᠡᠴᠢᠯᠠᠯᠳᠠ ᠨᠡᠬᠡᠬᠡᠯᠳᠠ ᠴᠢᠬᠤᠯᠠ ᠠᠬᠢᠴᠠ ᠲᠠᠢ ᠪᠤᠯᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠲᠠᠰᠤᠷᠠᠯᠳᠠ ᠦᠬᠡᠢ ᠨᠡᠮᠡᠭᠳᠡᠵᠤ᠂ ᠤᠯᠤᠰ ᠲᠦᠷᠤ ᠶᠢᠨ ᠠᠮᠢ ᠠᠬᠤᠢ ᠦᠷᠬᠦᠯᠵᠢᠯᠠᠨ ᠰᠠᠶᠢᠵᠢᠷᠠᠪᠠ᠃ ᠬᠦᠢᠵᠸᠤ ᠶᠢᠨ ᠤᠯᠤᠬᠰᠠᠨ ᠦᠷ᠎ᠠ ᠪᠦᠳᠤᠬᠡᠯ ᠪᠤᠯ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ ᠨᠠᠮ ᠪᠤᠯᠤᠨ ᠤᠯᠤᠰ ᠤᠨ ᠤᠢᠢᠯᠡᠰ ᠤᠨ ᠶᠡᠭᠡ ᠲᠠᠪᠰᠢᠯᠳᠠ ᠶᠢᠨ ᠬᠤᠷᠢᠶᠠᠩᠭ᠋ᠤᠢ ᠪᠠᠶᠢᠳᠠᠯ ᠪᠤᠯᠤᠨ᠎ᠠ᠃ ᠡᠨᠡ ᠲᠠᠯ᠎ᠠ ᠠᠴᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ ᠨᠠᠮ ᠤᠨ ᠲᠦᠪ ᠬᠤᠷᠢᠶᠠᠨ ᠤ ᠲᠤᠭᠳᠠᠭᠠᠬᠰᠠᠨ ᠶᠡᠭᠡ ᠪᠤᠳᠤᠯᠭ᠎ᠠ ᠴᠢᠭᠯᠡᠯᠳᠡ ᠪᠤᠯᠤᠨ ᠠᠵᠢᠯ ᠤᠨ ᠪᠠᠶᠢᠷᠢᠯᠠᠭᠤᠯᠤᠯᠳᠠ ᠪᠦᠷᠢᠨ ᠵᠦᠪ ᠪᠤᠯᠬᠤ ᠶᠢ ᠬᠠᠷᠠᠭᠤᠯᠵᠤ ᠪᠠᠶᠢᠨ᠎ᠠ ᠬᠡᠵᠤ ᠵᠢᠭᠠᠵᠤ ᠭᠠᠷᠭᠠᠪᠠ᠃

    ᠰᠢ ᠶᠢᠨ ᠫᠢᠩ ᠬᠦᠢᠵᠸᠤ ᠶᠢᠨ ᠨᠦᠬᠦᠳ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ ᠲᠠᠪᠰᠢᠬᠤ᠂ ᠡᠷᠡᠮᠡᠬᠡᠶᠢᠯᠠᠨ ᠲᠡᠮᠡᠴᠡᠵᠤ ᠰᠢᠨ᠎ᠠ ᠶᠢ ᠡᠬᠦᠳᠬᠦ᠂ ᠬᠠᠳᠠᠭᠤᠵᠢᠯᠳᠠᠢ ᠪᠤᠳᠠᠳᠠᠢ ᠠᠵᠢᠯᠯᠠᠬᠤ᠂ ᠬᠦᠬᠡᠬᠡᠵᠤ ᠬᠦᠢᠴᠡᠨ ᠲᠠᠪᠠᠵᠤ ᠭᠠᠷᠬᠤ ᠵᠤᠷᠢᠬ ᠰᠠᠨᠠᠭ᠎ᠠ ᠶᠢ ᠬᠦᠴᠤᠯᠠᠨ ᠬᠦᠮᠤᠵᠢᠬᠦᠯᠤᠨ ᠪᠠᠳᠠᠷᠠᠭᠤᠯᠵᠤ᠂ ᠬᠦᠭ᠍ᠵᠢᠯᠳᠠ ᠪᠤᠯᠤᠨ ᠠᠮᠢ ᠠᠬᠤᠢ ᠶᠢᠨ ᠬᠤᠶᠠᠷ ᠬᠤᠷᠢᠭ᠎ᠠ ᠱᠤᠭᠤᠮ ᠢ ᠰᠠᠶᠢᠳᠤᠷ ᠰᠠᠬᠢᠵᠤ᠂ ᠬᠦᠭ᠍ᠵᠢᠯᠳᠠ ᠶᠢᠨ ᠰᠡᠳᠬᠢᠴᠠ ᠪᠠᠨ ᠰᠢᠨᠡᠴᠢᠯᠡᠵᠤ᠂ ᠰᠡᠭᠦᠯᠡᠷ ᠬᠦᠭ᠍ᠵᠢᠬᠦ ᠲᠠᠪᠠᠭᠤᠯᠢᠬ ᠢᠶᠠᠨ ᠪᠠᠳᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠵᠤ᠂ ᠢᠵᠢᠯ ᠠᠯᠬᠤᠮ ᠢᠶᠠᠷ ᠴᠢᠨᠡᠭᠡᠯᠢᠭ᠌ ᠨᠡᠶᠢᠬᠡᠮ ᠳᠤ ᠤᠷᠤᠬᠤ ᠰᠢᠢᠳᠪᠤᠷᠢᠳᠤ ᠢᠯᠠᠯᠳᠠ ᠶᠢ ᠤᠯᠵᠤ᠂ ᠰᠢᠨ᠎ᠠ ᠴᠠᠬ ᠦᠶ᠎ᠠ ᠶᠢᠨ ᠬᠦᠢᠵᠸᠤ ᠶᠢᠨ ᠬᠦᠭ᠍ᠵᠢᠯᠳᠠ ᠶᠢᠨ ᠰᠢᠨ᠎ᠠ ᠬᠠᠭᠤᠳᠠᠰᠤ ᠶᠢ ᠦᠷᠬᠦᠯᠵᠢᠯᠠᠨ ᠪᠢᠴᠢᠭ᠍ᠯᠠᠵᠤ᠂ ᠠᠷᠠᠳ ᠤᠯᠠᠨ ᠪᠠᠶᠠᠵᠢᠨ ᠴᠢᠨᠡᠭᠡᠯᠢᠭ᠍ᠵᠢᠭᠰᠡᠨ᠂ ᠠᠮᠢ ᠠᠬᠤᠢ ᠦᠵᠡᠰᠬᠦᠯᠡᠩᠳᠤ ᠰᠠᠶᠢᠬᠠᠨ ᠲᠠᠩᠰᠤᠬ ᠬᠦᠢᠵᠸᠤ ᠶᠢᠨ ᠢᠷᠡᠬᠡᠳᠤᠢ ᠶᠢᠨ ᠰᠢᠨ᠎ᠠ ᠶᠢ ᠡᠬᠦᠳᠬᠦ ᠪᠤᠯᠳᠤᠭᠠᠢ ᠭᠡᠵᠤ ᠬᠦᠰᠠᠪᠠ᠃

    ᠰᠢ ᠵᠢᠨ ᠫᠢᠩ ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠨᠢᠭᠡᠨᠳᠡ ᠰᠢᠨ᠎ᠠ ᠴᠠᠭ ᠦᠶ᠎ᠠ ᠳᠤ ᠤᠷᠤᠵᠠᠢ᠂ ᠡᠨᠡ ᠪᠤᠯ ᠮᠠᠨ ᠤ ᠤᠯᠤᠰ ᠤᠨ ᠬᠦᠭ᠍ᠵᠢᠯᠲᠠ ᠶᠢᠨ ᠰᠢᠨ᠎ᠠ ᠲᠡᠤᠬᠡ ᠶᠢᠨ ᠤᠷᠤᠨ ᠪᠠᠶᠢᠷᠢ ᠪᠤᠯᠤᠨ᠎ᠠ᠃ ᠡᠨᠡᠬᠦ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠳᠠ ᠶᠢ ᠭᠠᠷᠭᠠᠭᠰᠠᠨ ᠨᠢ ᠪᠦᠬᠦ ᠲᠠᠯ᠎ᠠ ᠳᠤ ᠬᠤᠯᠪᠤᠭᠳᠠᠬᠤ ᠪᠠᠶᠢᠯᠳᠤᠬᠤ ᠪᠤᠳᠤᠯᠭ᠎ᠠ ᠶᠢᠨ ᠪᠤᠳᠤᠯᠬᠢᠯᠠᠯ ᠪᠤᠯᠤᠨ᠎ᠠ᠂ ᠪᠢᠳᠡ ᠡᠷᠬᠡᠪᠰᠢ ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠦᠭ᠍ᠵᠢᠯᠲᠠ ᠶᠢᠨ ᠪᠠᠶᠢᠯᠳᠤᠬᠤ ᠪᠤᠳᠤᠯᠭ᠎ᠠ ᠪᠤᠯᠤᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠪᠠᠨ ᠲᠡᠭᠦᠯᠳᠡᠷᠵᠢᠭᠦᠯᠵᠤ᠂ ᠡᠯ᠎ᠠ ᠵᠦᠢᠯ ᠤᠨ ᠠᠵᠢᠯ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠪᠤᠯ ᠪᠦᠬᠦ ᠲᠠᠯ᠎ᠠ ᠳᠤ ᠬᠤᠯᠪᠤᠭᠳᠠᠭᠰᠠᠨ ᠲᠡᠤᠬᠡᠳᠦ ᠴᠢᠨᠠᠷᠲᠠᠢ ᠬᠤᠪᠢᠷᠠᠯᠳᠠ ᠪᠤᠯᠤᠨ᠎ᠠ᠂ ᠨᠠᠮ ᠪᠤᠯᠤᠨ ᠤᠯᠤᠰ ᠤᠨ ᠠᠵᠢᠯ ᠳᠤ ᠠᠯᠢ ᠤᠯᠠᠨ ᠰᠢᠨ᠎ᠠ ᠱᠠᠭᠠᠷᠳᠠᠯᠭ᠎ᠠ ᠲᠠᠯᠪᠢᠵᠠᠢ᠂ ᠪᠢᠳᠡ ᠰᠢᠨ᠎ᠠ ᠬᠦᠭ᠍ᠵᠢᠯᠲᠠ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠬᠦᠭ᠍ᠵᠢᠯᠲᠠ ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠢ ᠴᠢᠷᠮᠠᠶᠢᠨ ᠰᠠᠶᠢᠲᠤᠷ ᠰᠢᠢᠳᠪᠦᠷᠢᠯᠡᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠬᠡᠷᠡᠭᠴᠡᠭᠡ ᠶᠢ ᠨᠡᠩ ᠰᠠᠶᠢᠨ ᠢᠶᠠᠷ ᠬᠠᠩᠭ᠋ᠠᠵᠤ᠂ ᠬᠦᠮᠦᠰ ᠤᠨ ᠪᠦᠬᠦ ᠲᠠᠯ᠎ᠠ ᠶᠢᠨ ᠬᠦᠭ᠍ᠵᠢᠯᠲᠠ᠂ ᠪᠦᠬᠦ ᠠᠷᠠᠳ ᠤᠨ ᠬᠠᠮᠲᠦ ᠶᠢᠨ ᠴᠢᠨᠡᠭᠡᠯᠢᠭ᠍ᠵᠢᠯ ᠢ ᠨᠡᠩ ᠰᠠᠶᠢᠨ ᠢᠶᠠᠷ ᠠᠬᠢᠭᠤᠯᠬᠤ ᠬᠡᠷᠡᠭᠲᠠᠢ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠮᠠᠨ ᠤ ᠤᠯᠤᠰ ᠤᠨ ᠢᠷᠡᠭᠡᠳᠦᠢ ᠶᠢᠨ ᠬᠦᠭ᠍ᠵᠢᠯᠲᠠ ᠳᠤ ᠲᠠᠯᠪᠢᠭᠰᠠᠨ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠲᠠᠢ ᠨᠢᠬᠲᠠ ᠤᠶᠠᠯᠳᠤᠭᠤᠯᠵᠤ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠠᠵᠢᠯ ᠢ ᠠᠬᠢᠭᠤᠯᠵᠤ᠂ ᠢᠯᠠᠩᠭ᠋ᠤᠶ᠎ᠠ ᠡᠯ᠎ᠠ ᠵᠦᠢᠯ ᠤᠨ ᠪᠠᠶᠢᠯᠳᠤᠬᠤ ᠪᠤᠳᠤᠯᠭ᠎ᠠ᠂ ᠠᠵᠢᠯ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠠ ᠶᠢᠨ ᠦᠷᠭᠦᠯᠵᠢᠯᠡᠬᠦ ᠴᠢᠨᠠᠷ ᠪᠤᠯᠤᠨ ᠤᠷᠢᠳᠴᠢᠯᠠᠯ ᠴᠢᠨᠠᠷ ᠢ ᠪᠠᠷᠢᠮᠲᠠᠯᠠᠵᠤ᠂ ᠨᠢᠭᠡ ᠨᠢᠭᠡ ᠠᠯᠬᠤᠮ ᠢᠶᠠᠷ ᠬᠢᠵᠤ᠂ ᠮᠠᠨ ᠤ ᠲᠤᠭᠳᠠᠭᠰᠠᠨ ᠬᠠᠷᠠᠯᠲᠠ ᠲᠡᠰᠢ ᠪᠠᠨ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠠᠢ ᠭᠡᠵᠤ ᠵᠢᠭᠠᠵᠤ ᠭᠠᠷᠭᠠᠪᠠ᠃

    ᠰᠢ ᠵᠢᠨ ᠫᠢᠩ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠨᠢ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠦᠨᠳᠦᠰᠦᠨ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠨᠳᠦᠰᠦᠨ ᠪᠠᠲᠤᠯᠠᠭ᠎ᠠ ᠪᠤᠯᠤᠨ᠎ᠠ᠃ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠠᠭᠤᠤ ᠶᠡᠭᠡ ᠲᠡᠮᠡᠴᠡᠯ ᠢ ᠬᠢᠵᠤ᠂ ᠠᠭᠤᠤ ᠶᠡᠭᠡ ᠦᠢᠯᠡᠰ ᠢ ᠠᠬᠢᠭᠤᠯᠵᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠳᠤ ᠡᠷᠡᠰ ᠭᠤᠶᠢᠪᠢᠰᠢ ᠦᠭᠡᠢ ᠪᠠᠷ ᠨᠠᠮ ᠢᠶᠠᠨ ᠨᠡᠩ ᠪᠠᠳᠤ ᠴᠢᠩᠭ᠋᠎ᠠ ᠬᠦᠴᠦᠨ ᠲᠠᠢ ᠪᠤᠯᠭᠠᠨ ᠪᠠᠶᠢᠭᠤᠯᠬᠤ ᠬᠡᠷᠡᠭᠲᠠᠢ᠃ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠠᠵᠢᠯ ᠬᠡᠵᠢᠶᠡᠳᠡ ᠳᠠᠭᠤᠰᠤᠰᠢ ᠦᠭᠡᠢ ᠶᠠᠪᠤᠬᠳᠠᠨ᠎ᠠ᠃ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠠᠰᠠᠭᠤᠳᠠᠯ ᠲᠡᠭᠡᠷ᠎ᠡ᠂ ᠪᠢᠳᠠ ᠪᠠᠷᠤᠭ ᠪᠤᠯᠴᠢᠬᠠᠨ᠎ᠠ᠂ ᠠᠮᠤᠰᠬᠢᠭᠠᠳ ᠠᠪᠤᠶ᠎ᠠ ᠭᠡᠬᠦ ᠪᠤᠳᠤᠯ ᠤᠷᠤᠵᠦ ᠪᠤᠯᠬᠤ ᠦᠭᠡᠢ᠂ ᠨᠢᠭᠡ ᠤᠳᠠᠭ᠎ᠠ ᠶᠢᠨ ᠲᠠᠶᠢᠯᠠᠯᠳᠤᠭᠠᠨ ᠳᠤ ᠢᠯᠠᠯᠳᠠ ᠤᠯᠤᠭᠠᠳ ᠨᠢᠭᠡᠮᠦᠰᠦᠨ ᠠᠮᠠᠷᠠᠬᠤ ᠪᠤᠳᠤᠯ ᠲᠠᠢ ᠪᠠᠶᠢᠵᠦ ᠪᠤᠯᠬᠤ ᠦᠭᠡᠢ᠂ ᠠᠩᠬ᠎ᠠ ᠠᠯᠬᠤᠮ ᠤᠨ ᠦᠷ᠎ᠠ ᠪᠦᠳᠦᠮᠵᠢ ᠤᠯᠤᠭᠠᠳ ᠤᠬᠤᠷᠢᠵᠤ ᠰᠠᠭᠤᠬᠤ ᠪᠤᠳᠤᠯ ᠤᠷᠤᠵᠦ ᠪᠤᠯᠬᠤ ᠦᠭᠡᠢ᠃ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠵᠦ᠂ ᠴᠢᠳᠠᠮᠠᠭᠠᠢ ᠪᠠᠷ ᠠᠵᠢᠯᠯᠠᠨ ᠠᠮᠵᠢᠯᠳᠠ ᠤᠯᠬᠤ ᠪᠠᠷ ᠴᠢᠷᠮᠠᠶᠢᠵᠤ᠂ ᠨᠠᠮ ᠢ ᠬᠠᠮᠢᠶᠠᠷᠬᠤ ᠨᠠᠮ ᠢ ᠵᠠᠰᠠᠬᠤ ᠡᠷᠭᠢ ᠱᠤᠷᠠᠭ ᠢ ᠴᠢᠩᠭ᠋ᠠᠯᠠᠵᠦ᠂ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠰᠡᠳᠬᠢᠴᠡ ᠠᠷᠭ᠎ᠠ ᠭᠡᠮᠵᠢᠶ᠎ᠡ ᠶᠢ ᠨᠡᠩ ᠰᠢᠨᠵᠢᠯᠡᠬᠦ ᠤᠬᠠᠭᠠᠨᠴᠢ᠂ ᠨᠡᠩ ᠨᠢᠬᠳᠠ᠂ ᠨᠡᠩ ᠪᠦᠳᠦᠮᠵᠢᠳᠠᠢ ᠪᠤᠯᠭᠠᠵᠦ᠂ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠶᠢ ᠬᠦᠨ ᠳᠠᠪᠬᠤᠷᠭ᠎ᠠ ᠲᠡᠰᠢ ᠬᠦᠭ᠍ᠵᠢᠬᠦᠯᠬᠦ ᠭᠡᠷᠡᠭᠲᠡᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠡ ᠪᠦᠬᠦ ᠨᠠᠮ ᠤᠨ ᠭᠡᠰᠢᠬᠦᠨ᠂ ᠡᠯ᠎ᠠ ᠱᠠᠳᠤᠨ ᠤ ᠤᠳᠤᠷᠢᠳᠬᠤ ᠺᠠᠳ᠋ᠷ ᠡᠷᠭᠡᠪᠰᠢ ᠨᠠᠮ ᠤᠨ ᠲᠦᠪ ᠬᠤᠷᠢᠶᠠᠨ ᠤ ᠡᠷᠭᠡ ᠰᠦᠷ ᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶᠠᠨ ᠤ ᠲᠦᠪᠯᠡᠷᠡᠭᠰᠡᠨ ᠨᠢᠭᠡᠳᠦᠯᠳᠠᠢ ᠤᠳᠤᠷᠢᠳᠤᠯᠭ᠎ᠠ ᠶᠢ ᠡᠷᠡᠰ ᠳᠠᠭᠠᠵᠦ᠂ 《ᠲᠦᠷᠪᠡᠨ ᠤᠬᠠᠮᠰᠠᠷ》 ᠢ ᠠᠵᠢᠯ ᠤᠨ ᠪᠠᠶᠢᠷᠢᠨ ᠳᠠᠭᠠᠨ ᠨᠠᠶᠢᠳᠠᠪᠤᠷᠢᠵᠢᠭᠤᠯᠵᠦ᠂ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠭᠡᠷᠡᠭᠵᠢᠬᠦᠯᠵᠦ᠂ ᠦᠵᠡᠯ ᠰᠠᠨᠠᠭᠠᠨ ᠤ ᠲᠠᠯ᠎ᠠ ᠪᠡᠷ᠂ ᠤᠯᠤᠰ ᠲᠦᠷᠦ ᠶᠢᠨ ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠢᠮᠠᠭᠳᠠ ᠳᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃

    ᠰᠢ ᠵᠢᠨ ᠫᠢᠩ᠂ ᠶᠡᠭᠡ ᠬᠤᠷᠠᠯ ᠤᠨ ᠳᠠᠷᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠤᠬᠠᠭᠤᠯᠭ᠎ᠠ ᠬᠦᠮᠦᠵᠢᠯ ᠤᠨ ᠠᠵᠢᠯ ᠪᠠ ᠰᠤᠷᠤᠯᠴᠠᠯᠭ᠎ᠠ ᠪᠤᠯᠪᠠᠰᠤᠷᠠᠯ ᠤᠨ ᠠᠵᠢᠯ ᠢ ᠨᠠᠷᠢᠨ ᠬᠢᠨᠠᠮᠠᠭᠠᠢ ᠰᠠᠶᠢᠳᠤᠷ ᠵᠤᠬᠢᠶᠠᠨ ᠪᠠᠶᠢᠭᠤᠯᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠰᠤᠷᠤᠯᠴᠠᠨ ᠲᠤᠤᠱᠯᠠᠭᠤᠯᠤᠬᠰᠠᠨ ᠪᠤᠳᠠᠳᠠᠢ ᠠᠷᠭ᠎ᠠ ᠭᠡᠮᠵᠢᠶ᠎ᠠ ᠪᠠ ᠪᠤᠳᠠᠳᠠᠢ ᠠᠵᠢᠯᠯᠠᠭ᠎ᠠ ᠶᠢ ᠴᠢᠬᠤᠯᠠᠴᠢᠯᠠᠨ ᠤᠬᠠᠭᠤᠯᠵᠦ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠰᠤᠷᠤᠯᠴᠠᠨ ᠲᠤᠤᠱᠯᠠᠭᠤᠯᠤᠭᠰᠠᠨ ᠨᠡᠶᠢᠳᠡᠯᠢᠭ ᠦᠢᠯᠡ ᠶᠡᠪᠤᠳᠠᠯ ᠪᠠ ᠰᠠᠶᠢᠨ ᠰᠠᠶᠢᠬᠠᠨ ᠬᠡᠪ ᠰᠤᠷᠳᠠᠯ ᠢ ᠴᠢᠬᠤᠯᠠᠴᠢᠯᠠᠨ ᠲᠤᠰᠬᠠᠬᠤ ᠭᠡᠷᠡᠭᠲᠡᠢ᠃ ᠡᠯ᠎ᠠ ᠵᠦᠢᠯ ᠤᠨ ᠤᠬᠠᠭᠤᠯᠬᠤ ᠭᠡᠯᠪᠡᠷᠢ ᠪᠠ ᠠᠷᠭ᠎ᠠ ᠭᠡᠮᠵᠢᠶ᠎ᠠ ᠶᠢ ᠬᠦᠢᠴᠡᠳ ᠠᠰᠢᠬᠯᠠᠵᠦ᠂ ᠠᠷᠠᠳ ᠤᠯᠠᠨ ᠤ ᠲᠤᠷ᠎ᠠ ᠰᠤᠨᠢᠷᠬᠠᠯ ᠲᠠᠢ ᠭᠡᠯᠪᠡᠷᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠤ ᠠᠬᠤᠢᠢᠯᠠᠯ᠂ ᠬᠦᠳᠡᠭᠡ ᠲᠤᠰᠬᠤᠨ᠂ ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠤᠭᠤᠷᠢᠭ᠂ ᠴᠡᠷᠢᠭ ᠤᠨ ᠬᠤᠸᠠᠷᠠᠨ ᠳᠤ ᠤᠷᠤᠭᠤᠯᠬᠤ ᠶᠢ ᠠᠬᠢᠭᠤᠯᠵᠦ᠂ ᠺᠠᠳ᠋ᠷ ᠤᠨ ᠡᠷᠴᠢ ᠵᠤᠷᠢᠭ ᠢ ᠬᠦᠪᠴᠢᠯᠡᠬᠦ ᠭᠡᠷᠡᠭᠲᠡᠢ᠃ ᠲᠦᠪᠯᠡᠷᠡᠬᠦᠯᠦᠨ ᠲᠠᠶᠢᠯᠤᠮᠵᠢ ᠬᠢᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠳᠤᠷᠬᠠᠢ ᠶᠠᠷᠢᠵᠦ᠂ ᠤᠢᠢᠯᠠᠭᠠᠮᠵᠢᠳᠠᠢ ᠶᠠᠷᠢᠵᠦ᠂ ᠤᠯᠠᠨ ᠲᠦᠮᠡᠨ ᠳᠤ ᠤᠢᠢᠯᠠᠭᠠᠭᠤᠯᠵᠦ᠂ ᠡᠵᠡᠮᠰᠢᠬᠦᠯᠵᠦ᠂ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121830855