蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠶᠢᠨ ᠦᠨᠲᠤᠰᠤᠲᠠᠨ ᠤ ᠠᠭᠤᠤ ᠶᠠᠬᠡ ᠰᠡᠷᠬᠦᠨ ᠮᠠᠨᠲᠤᠯᠲᠠ ᠶᠢ ᠪᠠᠶᠠᠯᠡᠬᠦᠯᠬᠦ ᠦᠢᠯᠡ ᠠᠵᠢᠯᠯᠠᠭ᠎ᠠ ᠶᠢᠨ ᠵᠦᠭᠯᠡᠬᠦᠷ-ᠨᠠᠮ ᠤᠨ ᠠᠷᠪᠠ ᠶᠢᠰᠤᠲᠤᠬᠡᠷ ᠶᠠᠬᠡ ᠬᠤᠷᠠᠯ ᠡᠴᠡ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠦᠵᠠᠯ ᠰᠠᠨᠠᠭ᠎ᠠ ᠶᠢ ᠦᠵᠡᠬᠦ ᠨᠢ

2017-10-21 22:10

    ᠨᠢᠬᠡ ᠵᠤᠢᠢᠯ ᠤᠨ ᠤᠨᠤᠯ ᠭᠠᠭᠴᠠᠬᠦ ᠴᠠᠭ ᠦᠶ᠎ᠠ ᠶᠢ ᠲᠠᠭᠠᠨ ᠪᠦᠬᠦ ᠲᠠᠯ᠎ᠠ ᠪᠡᠷ ᠤᠷᠤᠭᠰᠢᠯᠠᠵᠤ ᠴᠢᠲᠠᠮᠠᠨᠵᠢᠨ ᠰᠠᠶ᠊ᠢ ᠦᠨᠢᠲᠠ ᠶᠢᠨ ᠠᠮᠢᠵᠢᠷᠠᠯ ᠤᠨ ᠬᠦᠴᠤᠨ ᠲᠠᠢ ᠪᠤᠯᠵᠤ ᠴᠢᠲᠠᠲᠠᠭ᠃ ᠨᠢᠬᠡ ᠵᠤᠢᠢᠯ ᠤᠨ ᠦᠵᠠᠯ ᠰᠠᠨᠠᠭ᠎ᠠ ᠭᠠᠭᠴᠠᠬᠦ ᠴᠠᠭ ᠦᠶ᠎ᠠ ᠶᠢ ᠬᠦᠲᠤᠯᠤᠨ ᠲᠠᠭᠠᠭᠤᠯᠵᠤ ᠴᠢᠳᠠᠮᠠᠨᠵᠢᠨ ᠰᠠᠶ᠊ᠢ ᠰᠦᠷ ᠳᠠᠯᠠᠶᠢᠴᠢᠲᠠᠢ ᠠᠤᠭ᠎ᠠ ᠬᠦᠴᠦᠨ ᠢ ᠢᠯᠡᠷᠡᠭᠦᠯᠵᠤ ᠴᠢᠳᠠᠳᠠᠭ᠃

    《ᠰᠢᠨ᠎ᠡ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠦᠵᠠᠯ ᠰᠠᠨᠠᠭ᠎ᠠ》ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶ᠍ᠢᠰᠤᠲᠤᠬᠡᠷ᠋ ᠶ᠍ᠠᠬᠡ ᠬᠤᠷᠠᠯ ᠤᠨ ᠢᠯᠡᠳᠬᠡᠯ ᠳ᠋ᠤ ᠢᠯᠡᠷᠡᠬᠦ ᠳ᠋ᠤ᠂ ᠲᠠᠯᠠᠬᠡᠢ ᠶᠢᠨ ᠬᠠᠮᠤᠭ ᠤᠨ ᠶ᠍ᠠᠬᠡ ᠬᠦᠭ᠍ᠵᠢᠵᠤ ᠪᠠᠢᠢᠭ᠎ᠠ ᠤᠯᠤᠰ ᠨᠢᠬᠡᠨᠲᠠ ᠴᠢᠨᠡᠬᠡᠯᠢᠭ᠌ ᠨᠠᠢᠢᠬᠡᠮ ᠢ ᠪᠦᠬᠦ ᠲᠠᠯ᠎ᠠ ᠪᠡᠷ᠋ ᠪᠡᠶᠡᠯᠡᠭᠦᠯᠬᠦ ᠰᠢᠢᠳᠪᠦᠷᠢᠲᠤ ᠢᠯᠡᠯᠲᠡ ᠵᠢ ᠤᠯᠬᠤ ᠱᠠᠲᠤ ᠦᠶ᠎ᠠ ᠳᠤ ᠤᠷᠤᠵᠤ᠂ ᠡᠭᠦᠨ ᠤ ᠤᠯᠠᠮ ᠢᠶᠡᠷ ᠪᠦᠬᠦ ᠲᠠᠯ᠎ᠠ ᠪᠠᠷ᠋ ᠨᠠᠢᠢᠬᠡᠮ ᠵᠢᠷᠤᠮ ᠤᠨ ᠤᠲᠤᠬᠢᠴᠢᠯᠠᠭᠰᠠᠨ ᠤᠯᠤᠰ ᠢ ᠪᠦᠲᠦᠬᠡᠨ ᠪᠠᠢᠢᠭᠤᠯᠬᠤ ᠰᠢᠨ᠎ᠠ ᠴᠠᠭ ᠦᠶ᠎ᠠ ᠳᠤ ᠲᠠᠪᠰᠢᠨ ᠤᠷᠤᠵᠠᠢ᠃

    8944 ᠲᠦᠮᠠᠨ ᠨᠠᠮ ᠤᠨ ᠬᠡᠰᠢᠬᠦᠨ ᠲᠠᠢ ᠲᠠᠯᠠᠬᠡᠢ ᠶᠢᠨ ᠨᠢᠬᠡᠲᠤᠬᠡᠷ᠋ ᠲᠤᠮᠤ ᠨᠠᠮ ᠦᠢᠯᠡᠲᠤᠯᠬᠡ ᠶᠢᠨ ᠰᠠᠭᠤᠷᠢᠨ ᠲᠠᠬᠡᠷ᠎ᠠ ᠤᠨᠤᠯ ᠤᠨ ᠰᠢᠨ᠎ᠠ ᠶᠢ ᠡᠬᠦᠳᠬᠦ ᠶᠢ ᠲᠠᠰᠤᠷᠠᠯᠲᠠ ᠦᠬᠡᠢ ᠠᠬᠢᠭᠤᠯᠬᠤ ᠦᠶᠡᠰ᠂ ᠮᠡᠷᠺᠰ ᠤᠨ ᠦᠵᠠᠯ ᠤᠨ ᠬᠡᠷᠠᠯ ᠰᠠᠴᠤᠷᠡᠡᠭᠭᠤᠢ ᠦᠨᠠᠨ ᠶ᠍ᠤᠰᠤᠨ ᠤ ᠬᠡᠷᠠᠯ ᠬᠢᠯᠪᠠᠭ᠎ᠠ ᠪᠠᠷ᠋ ᠦᠨᠲᠤᠰᠤᠲᠠᠨ ᠤ ᠠᠭᠤᠤ ᠶ᠍ᠠᠬᠡ ᠰᠡᠷᠬᠦᠨ ᠮᠠᠨᠲᠤᠯᠲᠠ ᠶᠢᠨ ᠲᠤᠮᠲᠠᠲᠤ ᠶᠢᠨ ᠵᠡᠬᠦᠲᠤ ᠶᠢ ᠬᠡᠷᠡᠯᠲᠤᠬᠦᠯᠬᠦ ᠨᠢ ᠯᠠᠪᠲᠠᠢ᠃

ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠰᠢᠨ᠎ᠠ ᠴᠠᠭ ᠦᠶ᠎ᠠ ᠳ᠋ᠤ ᠲᠠᠪᠰᠢᠨ ᠤᠷᠤᠭᠰᠠᠨ ᠢ ᠬᠠᠷᠢᠭᠤᠯᠤᠬᠰᠠᠨ ᠴᠢᠬᠤᠯᠠ ᠶᠠᠬᠡ ᠰᠠᠲᠤᠪ -ᠦᠵᠠᠯ ᠰᠠᠨᠠᠭ᠎ᠠ ᠪᠠᠨ ᠴᠢᠯᠤᠬᠡᠯᠡᠨ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠦᠵᠡᠯ ᠰᠠᠨᠠᠭ᠎ᠠ ᠶᠢ ᠬᠠᠶᠢᠨ ᠰᠦᠪᠡᠭ᠍ᠴᠢᠯᠡᠵᠤ ᠪᠦᠷᠢᠯᠳᠦᠭᠦᠯᠪᠡ

    ᠠᠯᠲᠠᠨ ᠨᠠᠮᠤᠷ᠋ ᠤᠨ ᠠᠷᠪᠠᠨ ᠰᠠᠷ᠎ᠠ ᠭᠡᠭ᠍ᠴᠢ ᠡᠯᠪᠡᠭ᠌ ᠬᠤᠷᠢᠶᠠᠯᠲᠠ ᠶᠢᠨ ᠦᠷ᠎ᠡ ᠵᠢᠮᠢᠰ ᠢ ᠬᠤᠷᠢᠶᠠᠵᠤ᠂ ᠢᠷᠡᠬᠦ ᠮᠠᠷᠭᠠᠰᠢ ᠶᠢᠨ ᠬᠦᠰᠠᠯ ᠢ ᠬᠦᠪᠤᠷᠠᠬᠦᠯᠦᠭᠰᠡᠨ ᠤᠯᠠᠷᠢᠯ ᠪᠤᠯᠬᠤ ᠶ᠍ᠤᠮ᠃

    ᠨᠠᠮ ᠤᠨ ᠠᠷᠪᠠ ᠶ᠍ᠢᠰᠤᠲᠤᠬᠡᠷ᠋ ᠶ᠍ᠠᠬᠡ ᠬᠤᠷᠠᠯ ᠤᠨ ᠢᠯᠡᠳᠬᠡᠯ ᠲᠠᠯᠠᠬᠡᠢ ᠳ᠋ᠡᠬᠢᠨ ᠳ᠋ᠤ ᠵᠠᠷᠯᠠᠭᠰᠠᠨ ᠨᠢ᠄ ᠲᠠᠪᠤᠨ ᠵᠢᠯ ᠤᠨ ᠲᠤᠷᠰᠢ᠂ ᠮᠠᠨ ᠤ ᠨᠠᠮ ᠠᠤᠭ᠎ᠠ ᠶ᠍ᠠᠬᠡ ᠤᠯᠤᠰ ᠲᠦᠷᠦ ᠶᠢᠨ ᠰᠦᠰᠦ ᠵᠤᠷᠢᠭ ᠪᠠ ᠴᠢᠡᠭᠭ᠎ᠠ ᠲᠤᠯᠭᠠᠮ᠎ᠠ ᠬᠠᠷᠢᠭᠤᠴᠠᠯᠭ᠎ᠠ ᠡᠬᠦᠷᠬᠡᠯᠡᠬᠦ ᠡᠭᠦᠷᠭᠡᠯᠡᠯ ᠢᠶᠡᠷ ᠠᠯᠢ ᠤᠯᠠᠨ ᠰᠢᠨ᠎ᠠ ᠤᠨᠤᠯ ᠰᠢᠨ᠎ᠠ ᠦᠵᠠᠯ ᠰᠠᠨᠠᠭ᠎ᠠ ᠰᠢᠨ᠎ᠠ ᠪᠠᠢᠢᠯᠲᠤᠬᠤ ᠪᠤᠲᠤᠯᠭ᠎ᠠ ᠵᠢ ᠲᠤᠷᠠᠳᠴᠤ᠂ ᠠᠯᠢ ᠤᠯᠠᠨ ᠴᠢᠬᠤᠯᠠ ᠶ᠍ᠠᠬᠡ ᠴᠢᠭᠯᠡᠯᠲᠠ ᠲᠦᠷᠦ ᠶᠢᠨ ᠪᠤᠲᠤᠯᠭ᠎ᠠ ᠵᠢ ᠲᠤᠭᠲᠠᠭᠠᠵᠤ᠂ ᠠᠯᠢ ᠤᠯᠠᠨ ᠴᠢᠬᠤᠯᠠ ᠶ᠍ᠡᠬᠡ ᠠᠷᠭ᠎ᠠ ᠠᠪᠴᠠᠯ ᠢ ᠠᠪᠴᠤ᠂ ᠴᠢᠬᠤᠯᠠ ᠶ᠍ᠠᠬᠡ ᠠᠵᠢᠯ ᠤᠳ ᠢ ᠠᠬᠢᠭᠤᠯᠤᠭᠠᠳ ᠰᠢᠢᠳᠪᠤᠷᠢᠯᠠᠬᠦ ᠪᠡᠷ᠋ ᠤᠷᠲᠦ ᠬᠤᠭᠤᠴᠠᠭᠠᠨ ᠤ ᠲᠤᠷᠰᠢᠲᠠ ᠪᠤᠳᠤᠵᠤ ᠪᠠᠢᠢᠭᠰᠠᠠ ᠪᠤᠯᠪᠠᠴᠤ ᠰᠢᠢᠳᠪᠦᠷᠢᠯᠡᠵᠤ ᠲᠡᠢᠢᠯᠦᠭᠡᠳᠦᠢ ᠪᠠᠢᠢᠭᠰᠠᠨ ᠲᠤᠡᠭ ᠤᠯᠠᠨ ᠬᠦᠴᠢᠷ᠋ ᠠᠰᠠᠭᠤᠲᠠᠯ ᠤᠳ ᠢ ᠰᠢᠢᠳᠪᠤᠷᠢᠯᠠᠨ᠂ ᠦᠩᠭᠡᠷᠡᠭᠰᠡᠨ ᠤ ᠪᠦᠲᠦᠭᠡᠬᠦ ᠪᠡᠷ᠋ ᠪᠤᠳᠤᠵᠤ ᠪᠠᠢᠢᠭᠰᠠᠠ ᠴᠤ ᠪᠦᠲᠦᠭᠡᠵᠤ ᠲᠠᠢᠢᠯᠦᠭᠡᠳᠦᠢ ᠪᠠᠢᠢᠭᠰᠠᠠ ᠲᠤᠩ ᠤᠯᠠᠨ ᠲᠤᠮᠤ ᠶ᠍ᠠᠪᠤᠲᠠᠯ ᠢ ᠪᠦᠲᠦᠬᠡᠵᠤ᠂ ᠨᠠᠮ ᠪᠠ ᠤᠯᠤᠰ ᠤᠨ ᠠᠵᠢᠯ ᠦᠢᠯᠡᠰ ᠲᠤ ᠲᠠᠤᠬᠡᠲᠤ ᠴᠢᠨᠠᠷᠲᠠᠢ ᠬᠤᠪᠢᠷᠠᠯᠲᠠ ᠭᠠᠷᠭᠠᠵᠠᠢ᠃

    《ᠲᠠᠤᠬᠡᠲᠤ ᠴᠢᠨᠠᠷᠲᠠᠢ ᠬᠤᠪᠢᠷᠠᠯᠲᠠ ᠭᠠᠷᠤᠭᠰᠠᠠ ᠦᠨᠲᠤᠰᠤᠨ ᠵᠦᠢᠯ ᠨᠢ ᠳᠠᠷᠤᠢ ᠮᠠᠨ ᠤ ᠨᠠᠮ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠲᠤᠯᠭ᠎ᠠ ᠳ᠋ᠤ ᠪᠤᠢ》᠃ ᠨᠠᠮ ᠤᠨ ᠠᠷᠪᠠ ᠶ᠍ᠢᠰᠤᠲᠤᠬᠡᠷ᠋ ᠶ᠍ᠠᠬᠡ ᠬᠤᠷᠠᠯ ᠤᠨ ᠲᠦᠯᠤᠬᠡᠯᠡᠭᠴᠢ᠂ ᠲᠦᠪ ᠤᠨ ᠰᠤᠷᠪᠤᠯᠵᠢ ᠪᠢᠴᠢᠭ᠌ ᠰᠤᠲᠤᠯᠬᠤ ᠲᠠᠰᠤᠭ ᠤᠨ ᠡᠷᠬᠢᠯᠡᠭᠴᠢ ᠯᠧᠡᠭ ᠷᠦᠡᠭ᠂ ᠨᠠᠮ ᠤᠨ ᠠᠷᠪᠠᠨ ᠨᠡᠶ᠋ᠮᠡᠳᠤᠭᠠᠷ ᠶ᠍ᠠᠬᠡ ᠬᠤᠷᠠᠯ ᠡᠴᠠ ᠨᠠᠰᠢ᠂ ᠰᠢ ᠵᠢᠨ ᠫᠢᠡᠭ ᠨᠦᠬᠦᠷ᠋ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠰᠢᠨ᠎ᠠ ᠴᠠᠭ ᠦᠶ᠎ᠡ ᠶᠢᠨ ᠨᠦᠬᠦᠴᠠᠯ ᠪᠠ ᠦᠢᠯᠡᠲᠤᠯᠬᠡ ᠶᠢᠨ ᠱᠠᠭᠠᠷᠲᠠᠯᠭ ᠠ ᠲᠠᠢ ᠨᠢᠬᠲᠠ ᠤᠶᠠᠯᠲᠤᠭᠤᠯᠤᠨ᠂ ᠰᠢᠷᠭᠠᠭᠤ ᠬᠠᠲᠠᠭᠤᠵᠢᠯᠲᠠᠢ ᠪᠠᠷ᠋ ᠤᠨᠤᠯ ᠤᠨ ᠰᠦᠪᠡᠭ᠍ᠴᠢᠯᠠᠯᠲᠠ ᠬᠢᠵᠤ᠂ ᠴᠢᠬᠤᠯᠠ ᠶ᠍ᠠᠬᠡ ᠤᠨᠤᠯ ᠤᠨ ᠰᠢᠨ᠎ᠠ ᠡᠬᠦᠳᠦᠯᠲᠠ ᠶᠢᠨ ᠰᠢᠨ᠎ᠠ ᠦᠷ᠎ᠠ ᠪᠦᠲᠦᠭᠡᠯ ᠢ ᠤᠯᠵᠤ᠂ ᠰᠢ ᠵᠢᠨ ᠫᠢᠡᠭ ᠤᠨ ᠰᠢᠨ᠎ᠠ ᠴᠠᠭ ᠦᠶ᠎ᠡ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠦᠵᠠᠯ ᠰᠠᠨᠠᠭ᠎ᠠ ᠶᠢ ᠪᠦᠷᠢᠯᠲᠤᠬᠦᠯᠪᠠ ᠭᠡᠯ᠎ᠠ᠃

    ᠦᠵᠠᠯ ᠰᠠᠨᠠᠭ᠎ᠠ ᠪᠤᠯ ᠴᠠᠭ ᠦᠶ᠎ᠡ ᠶᠢᠨ ᠬᠤᠰᠢᠭᠤᠴᠢ ᠲᠠᠭᠤᠨ ᠮᠦᠨ᠃ ᠨᠠᠮ ᠤᠨ ᠠᠷᠪᠠ ᠶ᠍ᠢᠰᠤᠲᠤᠬᠡᠷ᠋ ᠶ᠍ᠠᠬᠡ ᠬᠤᠷᠠᠯ ᠤᠨ ᠲᠦᠯᠤᠬᠡᠯᠡᠭᠴᠢ᠂ ᠲᠦᠪ ᠤᠨ ᠨᠠᠮ ᠤᠨ ᠲᠠᠤᠬᠡ ᠰᠤᠲᠤᠯᠬᠤ ᠲᠠᠰᠤᠭ ᠤᠨ ᠡᠷᠬᠢᠯᠡᠭᠴᠢ ᠴᠢᠤᠢ ᠴᠢᠡᠭ ᠱᠠᠨ ᠭᠡᠯᠡᠭᠰᠡᠨ ᠨᠢ᠄《ᠲᠤᠮᠲᠠᠲᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠠ ᠲᠤᠮᠲᠠᠲᠤ ᠤᠯᠤᠰ ᠤᠨ ᠬᠤᠪᠢᠰᠬᠠᠯ ᠪᠦᠲᠦᠬᠡᠨ ᠪᠠᠢᠢᠭᠤᠯᠤᠯᠲᠠ ᠦᠬᠡᠷᠠᠴᠢᠯᠠᠯᠲᠠ ᠶᠢᠨ ᠲᠠᠤᠬᠡ ᠪᠤᠯ ᠳᠠᠷᠤᠢ ᠮᠡᠷᠺᠰ ᠯ᠍᠍ᠧᠨᠢᠨ ᠤ ᠦᠵᠠᠯ ᠤᠨ ᠦᠨᠲᠤᠰᠤᠨ ᠤᠭ ᠶ᠍ᠤᠰᠤ ᠶᠢ ᠲᠤᠮᠲᠠᠲᠤ ᠤᠯᠤᠰ ᠤᠨ ᠪᠤᠲᠠᠲᠤ ᠪᠠᠢᠢᠲᠠᠯ ᠲᠠᠢ ᠤᠶᠠᠯᠲᠤᠭᠤᠯᠤᠨ᠂ ᠮᠠᠷᠺᠰ ᠤᠨ ᠦᠵᠠᠯ ᠤᠨ ᠲᠤᠮᠲᠠᠲᠤ ᠤᠯᠤᠰᠴᠢᠯᠠᠬᠤ ᠶᠢ ᠲᠠᠰᠤᠷᠠᠯᠲᠠ ᠦᠬᠡᠢ ᠠᠬᠢᠭᠤᠯᠵᠤ᠂ ᠤᠨᠤᠯ ᠤᠨ ᠰᠢᠨ᠎ᠠ ᠶᠢ ᠡᠬᠦᠳᠬᠦ ᠶᠢ ᠠᠬᠢᠭᠤᠯᠤᠭᠰᠠᠠ ᠲᠠᠤᠬᠡ ᠮᠦᠨ》ᠬᠡᠪᠠ᠃ ᠲᠤᠮᠲᠠᠲᠤ ᠤᠯᠤᠰ ᠤᠨ ᠡᠪ ᠬᠠᠮᠲᠤ ᠨᠠᠮ ᠤᠨ ᠵᠠᠭᠤ ᠰᠢᠬᠠᠮ ᠵᠢᠯ ᠤᠨ ᠲᠠᠤᠬᠡᠨ ᠳ᠋ᠤ᠂ ᠮᠡᠷᠺᠰ ᠤᠨ ᠦᠵᠠᠯ ᠪᠤᠯᠤᠨ ᠲᠤᠮᠲᠠᠲᠤ ᠤᠯᠤᠰ ᠤᠨ ᠪᠤᠲᠠᠲᠤ ᠪᠠᠢᠢᠲᠠᠯ ᠬᠠᠷᠢᠯᠴᠠᠨ ᠤᠶᠠᠯᠲᠤᠭᠰᠠᠨ ᠲᠠᠤᠬᠡᠲᠤ ᠴᠢᠨᠠᠷᠲᠠᠢ ᠲᠠᠪᠠᠯᠲᠠ ᠨᠢ ᠮᠠᠤ ᠽᠸ ᠳ᠋ᠦᠡᠭ ᠤᠨ ᠦᠵᠠᠯ ᠰᠠᠨᠠᠭ᠎ᠠ ᠪᠠ ᠳ᠋ᠸᠡᠭ ᠰᠢᠶᠤᠤ ᠫᠢᠡᠭ ᠤᠨ ᠤᠨᠤᠯ᠂ 《ᠭᠤᠷᠪᠠ ᠶᠢ ᠲᠦᠯᠤᠬᠡᠯᠡᠬᠦ》ᠴᠢᠬᠤᠯᠠ ᠦᠵᠠᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭ᠍ᠵᠢᠯᠲᠠ ᠶᠢᠨ ᠦᠵᠠᠯᠲᠠ ᠶᠢ ᠪᠠᠭᠲᠠᠭᠠᠭᠰᠠᠠ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠤᠨ ᠤᠨᠤᠯ ᠤᠨ ᠰᠢᠰᠲ᠋ᠸᠮ ᠢ ᠪᠦᠷᠢᠯᠲᠤᠬᠦᠯᠤᠨ᠂ ᠲᠤᠮᠲᠠᠲᠤ ᠤᠯᠤᠰ ᠶ᠍ᠠᠭᠤᠨ ᠳ᠋ᠤ ᠬᠤᠪᠢᠰᠬᠠᠯ ᠬᠢᠬᠦ᠂ ᠬᠡᠨ ᠤ ᠲᠦᠯᠤᠬᠡ ᠬᠤᠪᠢᠰᠬᠠᠯ ᠬᠢᠬᠦ᠂ ᠬᠡᠨ ᠢ  ᠲᠦᠰᠢᠵᠤ ᠬᠤᠪᠢᠰᠬᠠᠯ ᠬᠢᠬᠦ ᠵᠡᠷᠬᠡ ᠴᠢᠬᠤᠯᠠ ᠶ᠍ᠠᠬᠡ ᠠᠰᠠᠭᠤᠲᠠᠯ ᠢ ᠬᠠᠷᠢᠭᠤᠯᠪᠠ; ᠶ᠍ᠠᠭᠤ ᠶᠢ ᠨᠠᠢᠢᠬᠡᠮ ᠵᠢᠷᠤᠮ ᠬᠡᠬᠦ᠂ ᠨᠠᠢᠢᠬᠡᠮ ᠵᠢᠷᠤᠮ ᠢ ᠬᠡᠷᠬᠢᠨ ᠪᠦᠲᠦᠬᠡᠨ ᠪᠠᠢᠢᠭᠤᠯᠬᠤ᠂ ᠶ᠍ᠠᠮᠠᠷ ᠰᠢᠦ ᠨᠠᠮ  ᠪᠠᠢᠢᠭᠤᠯᠬᠤ᠂ ᠨᠠᠮ ᠢ ᠬᠡᠷᠬᠢᠨ ᠪᠠᠢᠢᠭᠤᠯᠬᠤ᠂ ᠶ᠍ᠠᠮᠠᠷ ᠰᠢᠤ ᠬᠦᠭ᠍ᠵᠢᠯᠲᠠ ᠶᠢ ᠪᠠᠶᠠᠯᠡᠬᠦᠯᠬᠦ᠂ ᠬᠡᠷᠬᠢᠨ ᠬᠦᠭ᠍ᠵᠢᠬᠦᠯᠬᠦ ᠵᠡᠷᠬᠡ ᠠᠰᠠᠭᠤᠲᠠᠯ ᠢ ᠲᠤᠰ ᠲᠤᠰ ᠬᠠᠷᠢᠭᠤᠯᠪᠠ᠃

    《ᠨᠠᠮ ᠤᠨ ᠠᠷᠪᠠᠨ ᠨᠠᠶ᠋ᠮᠠᠳᠤᠭᠠᠷ ᠶ᠍ᠠᠬᠡ ᠬᠤᠷᠠᠯ ᠡᠴᠠ ᠨᠠᠰᠢ᠂ ᠤᠯᠤᠰ ᠤᠨ ᠲᠤᠲᠤᠭᠠᠲᠤ ᠭᠠᠲᠠᠭᠠᠲᠤ ᠶᠢᠨ ᠪᠠᠢᠢᠲᠠᠯ ᠤᠨ ᠬᠤᠪᠢᠷᠠᠯᠲᠠ ᠪᠠ ᠡᠯ᠎ᠠ ᠵᠤᠢᠢᠯ ᠤᠨ ᠠᠵᠢᠯ ᠦᠢᠯᠡᠰ ᠤᠨ ᠬᠦᠭ᠍ᠵᠢᠯᠲᠠ ᠨᠢ ᠲᠤᠮᠲᠠᠲᠤ ᠤᠯᠤᠰ ᠤᠨ ᠡᠪ ᠬᠠᠮᠲᠤ ᠨᠠᠮ ᠳ᠋ᠤ ᠶ᠍ᠠᠮᠠᠷ ᠰᠢᠦ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠢ ᠪᠠᠷᠢᠮᠲᠠᠯᠠᠨ ᠬᠦᠭ᠍ᠵᠢᠬᠦᠯᠬᠦ ᠵᠢᠴᠢ ᠲᠤᠮᠲᠠᠲᠤ ᠤᠯᠤᠰ ᠤᠨ ᠤᠨᠴᠠᠯᠢᠭ ᠲᠠᠢ ᠨᠠᠢᠢᠬᠡᠮ ᠵᠢᠷᠤᠮ ᠢ ᠬᠡᠷᠬᠢᠨ ᠪᠠᠷᠢᠮᠲᠠᠯᠠᠨ ᠬᠦᠭ᠍ᠵᠢᠬᠦᠯᠬᠦ ᠪᠤᠢ ᠭᠡᠳᠡᠭ ᠴᠢᠬᠤᠯᠠ ᠶ᠍ᠠᠬᠡ ᠰᠠᠲᠤᠪ ᠢ ᠲᠤᠷᠠᠳᠴᠠᠢ》ᠬᠡᠵᠤ ᠨᠠᠮ ᠤᠨ ᠠᠷᠪᠠ ᠶ᠍ᠢᠰᠤᠲᠤᠬᠡᠷ᠋ ᠶ᠍ᠠᠬᠡ ᠬᠤᠷᠠᠯ ᠤᠨ ᠲᠦᠯᠤᠬᠡᠯᠡᠭᠴᠢ᠂ ᠲᠤᠮᠲᠠᠲᠤ ᠤᠯᠤᠰ ᠤᠨ ᠨᠠᠢᠢᠬᠡᠮ ᠤᠨ ᠰᠢᠨᠵᠢᠯᠡᠬᠦ ᠤᠬᠠᠭᠠᠨ ᠤ ᠬᠦᠷᠢᠶᠠᠯᠠᠡᠭ ᠤᠨ ᠲᠠᠷᠤᠭ᠎ᠠ ᠸᠠᠩ ᠸᠸᠢ ᠭᠤᠸᠠᠩ ᠶᠠᠷᠢᠵᠤ ᠪᠠᠶᠢᠯ᠎ᠠ᠃

    30 ᠭᠠᠷᠤᠢ ᠵᠢᠯ ᠤᠨ ᠦᠭᠡᠷᠡᠴᠢᠯᠡᠯᠲᠡ ᠨᠡᠭᠡᠭᠡᠯᠳᠡ ᠪᠡᠷ᠋ ᠳᠠᠮᠵᠢᠵᠦ᠂ ᠠᠷᠪᠠᠨ ᠭᠡᠳᠦᠨ ᠳ᠋ᠦᠩᠰᠢᠭᠤᠷ᠋ ᠬᠦᠮᠦᠨ ᠤ ᠭᠡᠳᠡᠰᠦ ᠴᠠᠳᠬᠤᠯᠠᠩ ᠮᠦᠷᠦ ᠪᠦᠲᠦᠨ ᠠᠰᠠᠭᠤᠳᠠᠯ ᠢ ᠰᠢᠢᠳᠪᠦᠷᠢᠯᠡᠵᠦ᠂ ᠠᠷᠠᠳᠴᠢᠯᠠᠯ᠂ ᠬᠠᠥᠯᠢᠵᠢᠯ᠂ ᠡᠷᠭᠡ ᠲᠡᠭᠰᠢ᠂ ᠲᠦᠪ ᠭᠤᠤᠯᠴᠢ᠂ ᠠᠮᠤᠷ᠋ ᠲᠦᠪᠰᠢᠨ᠂ ᠤᠷᠴᠢᠨ ᠲᠤᠭᠤᠷᠢᠨ ᠵᠡᠷᠭᠡ ᠲᠠᠯ᠎ᠠ ᠶᠢᠨ ᠱᠠᠭᠠᠷᠳᠠᠯᠭ᠎ᠠ ᠡᠳᠦᠷ᠋ ᠢᠷᠡᠬᠦᠶ᠎ᠡ ᠨᠡᠮᠡᠭᠳᠡᠵᠡᠢ ; ᠨᠡᠢᠢᠭᠡᠮ ᠤᠨ ᠦᠢᠯᠡᠳᠪᠦᠷᠢᠯᠡᠯ ᠤᠨ ᠬᠦᠴᠦᠨ ᠪ ᠲᠦᠪᠰᠢᠨ ᠮᠡᠳᠡᠭᠳᠡᠮ᠎ᠠ ᠳᠡᠭᠡᠭ᠍ᠰᠢᠯᠡᠵᠦ᠂ ᠶ᠍ᠡᠷᠦᠩᠬᠡᠢᠢᠯᠡᠭᠰᠡᠨ ᠤᠯᠤᠰ ᠤᠨ ᠬᠦᠴᠦᠨ ᠮᠡᠳᠡᠭᠳᠡᠮ᠎ᠠ ᠴᠢᠩᠭ᠋ᠠᠷᠠᠭᠰᠠᠠ ᠪᠤᠯᠪᠠᠴᠤ ᠬᠦᠭ᠍ᠵᠢᠯᠲᠡ ᠲᠡᠩᠴᠡᠬᠦᠷᠢ ᠦᠬᠡᠢ ᠬᠦᠢᠴᠡᠳ ᠦᠬᠡᠢ ᠠᠰᠠᠭᠤᠳᠠᠯ ᠨᠡᠩ ᠳᠤᠪᠤᠢᠢᠮ᠎ᠠ ᠪᠤᠯᠵᠠᠢ; ᠲᠡᠯᠡᠬᠡᠢ ᠶᠢᠨ ᠪᠠᠢᠢᠷᠢᠰᠢᠯ ᠬᠤᠪᠢᠷᠠᠯᠲᠠ ᠶ᠍ᠡᠭᠡᠲᠡᠢ ᠪᠠᠢᠢᠵᠤ᠂《ᠳᠤᠮᠳᠠ ᠳᠡᠰ ᠤᠨ ᠤᠷᠤᠯᠭ᠎ᠠ ᠶᠢᠨ ᠤᠨᠠᠭᠤᠯᠢ》᠂《ᠰᠢᠨ᠎ᠠ ᠪᠡᠷ᠋ ᠮᠠᠨᠳᠤᠬᠰᠠᠨ ᠤᠯᠤᠰ ᠤᠨ ᠰᠦᠷᠳᠡᠬᠦᠯᠦᠯ ᠢ ᠠᠷᠭᠠᠴᠠᠬᠤ》ᠵᠡᠷᠭᠡ ᠳᠤᠲᠤᠭᠠᠳᠦ ᠭᠠᠳᠠᠭᠠᠳᠦ ᠶᠢᠨ ᠲᠦᠪᠡᠭ᠍ᠳᠡᠯ ᠳᠠᠪᠬᠤᠴᠠᠨ ᠢᠯᠡᠷᠡᠵᠡᠢ᠁

    ᠡᠨᠡᠬᠦ ᠪᠤᠳᠤᠯᠢᠶᠠᠨᠲᠠᠢ ᠰᠢᠢᠳᠪᠦᠷᠢᠯᠡᠬᠦ ᠳᠤ ᠬᠦᠴᠢᠷ᠋ ᠲᠡᠭᠰᠢᠳᠭᠡᠯ ᠤᠨ ᠡᠮᠦᠨ᠎ᠠ᠂ ᠰᠢ ᠵᠢᠨ ᠫᠢᠩ ᠨᠦᠬᠦᠷ᠋ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠤᠯᠤᠰ ᠲᠦᠷᠦ ᠶᠢᠨ ᠲᠤᠬᠲᠠᠯ ᠬᠦᠴᠦᠨ ᠢᠶᠡᠨ ᠴᠢᠨᠭᠭᠠᠷᠠᠭᠤᠯᠵᠤ᠂ ᠤᠨᠤᠯ ᠤᠨ ᠢᠲᠡᠭᠡᠯ ᠢᠶᠡᠨ ᠪᠠᠲᠤᠳᠬᠠᠵᠦ᠂ ᠠᠯᠤᠰ ᠬᠡᠳᠦ ᠶᠢᠨ ᠲᠡᠥᠬᠡᠨ ᠵᠤᠬᠰᠤᠯᠲᠠ ᠶᠢᠨ ᠤᠷᠤᠨ ᠪᠠᠢᠢᠷᠢ᠂ ᠦᠷᠭᠡᠨ ᠳᠡᠯᠭᠡᠷ᠋ ᠲᠡᠯᠡᠬᠡᠢ ᠶᠢᠨ ᠬᠠᠷᠠᠭᠠᠰᠦ ᠪᠡᠷ᠋ ᠲᠦᠷᠦ ᠶᠢ ᠵᠠᠰᠠᠵᠦ ᠵᠠᠰᠠᠭ ᠢ ᠡᠷᠬᠢᠯᠡᠬᠦ ᠠᠯᠢ ᠤᠯᠠᠨ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠶᠢ ᠳᠤᠷᠠᠳᠴᠤ᠂ ᠰᠢ ᠵᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠭᠡᠮ ᠵᠢᠷᠦᠮ ᠤᠨ ᠦᠵᠡᠯ ᠰᠠᠨᠠᠭ᠎ᠠ ᠶᠢᠨ ᠴᠤ᠋ ᠰᠢᠨ᠎ᠠ ᠬᠠᠭᠤᠳᠠᠰᠦ ᠶᠢ ᠪᠢᠴᠢᠭᠯᠡᠵᠡᠢ᠃

    -- ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠨᠠᠶ᠋ᠮᠠᠨ《ᠲᠤᠳᠤᠷᠬᠠᠢᠢᠯᠠᠯ》 ᠢ᠋ᠶᠡᠷ ᠲᠤᠳᠤ ᠲᠤᠮᠤᠷᠠᠭᠤᠨ ᠦᠬᠦᠯᠡᠨ ᠳᠤᠲᠤᠷᠬᠠᠢᠢᠯᠠᠪᠠ᠃

    ᠳᠤᠮᠳᠠᠳᠦ ᠤᠯᠤᠰ ᠤᠨ ᠠᠷᠠᠳ ᠤᠨ ᠶ᠍ᠡᠬᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠦᠹᠸᠰᠰᠤᠷ᠋ ᠴᠢ ᠫᠸᠩ ᠹᠸᠢ ᠦᠵᠡᠭᠰᠡᠨ ᠨᠢ᠂ ᠰᠢᠨ᠎ᠠ ᠴᠠᠭ ᠦᠶ᠎ᠠ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠶ᠍ᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠦᠨᠳᠦᠷᠴᠡ ᠡᠴᠡ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠰᠢᠨ᠎ᠠ ᠴᠠᠭ ᠦᠶ᠎ᠡ ᠳᠤ ᠤᠷᠤᠬᠰᠠᠨ ᠤ ᠳᠠᠷᠠᠭ᠎ᠠ᠂ ᠳᠤᠮᠳᠠᠳᠦ ᠤᠯᠤᠰ ᠤᠨ ᠡᠪ ᠬᠠᠮᠳᠦ ᠨᠠᠮ ᠶ᠍ᠠᠮᠠᠷ᠋ ᠲᠤᠭ ᠢ ᠮᠠᠨᠳᠤᠭᠤᠯᠬᠤ᠂ ᠶ᠍ᠠᠮᠠᠷ᠋ ᠵᠠᠮ ᠢᠶᠡᠷ ᠵᠠᠮᠨᠠᠬᠤ᠂ ᠶ᠍ᠠᠮᠠᠷ ᠰᠢᠥ ᠤᠶᠤᠨ ᠰᠠᠨᠠᠭᠠᠨ ᠤ ᠪᠠᠢᠢᠳᠠᠯ ᠲᠠᠢ ᠪᠠᠢᠢᠬᠤ᠂ ᠶ᠍ᠠᠮᠠᠷ᠋ ᠲᠡᠥᠬᠡ ᠶᠢᠨ ᠡᠬᠦᠷᠭᠡ ᠬᠠᠷᠢᠭᠤᠴᠠᠯᠭ᠎ᠠ ᠡᠬᠦᠷᠭᠡᠯᠡᠬᠦ᠂ ᠶ᠍ᠠᠮᠠᠷ᠋ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠵᠡᠷᠭᠡ ᠠᠯᠢ ᠤᠯᠠᠨ ᠦᠨᠳᠦᠰᠦᠨ ᠴᠢᠨᠠᠷᠲᠠᠢ ᠠᠰᠠᠭᠤᠳᠠᠯ ᠳᠤ ᠬᠦᠨᠵᠡᠬᠡᠢ ᠬᠠᠷᠢᠭᠤᠯᠲᠠ ᠦᠭᠴᠡᠢ᠃ ᠡᠨᠡ ᠨᠢ ᠤᠶᠢᠷ᠎ᠠ ᠶᠢᠨ ᠵᠠᠭᠤᠨ ᠵᠢᠯ ᠤᠨ ᠳᠤᠮᠳᠠᠳᠦ ᠤᠯᠤᠰ ᠤᠨ ᠡᠪ ᠬᠠᠮᠲᠦ ᠨᠠᠮ ᠤᠨ ᠬᠦᠭ᠍ᠵᠢᠯᠲᠡ ᠶᠢᠨ ᠲᠡᠥᠭᠡ ᠡᠰᠡᠬᠦᠯ᠎ᠠ ᠬᠠᠭᠠᠰ ᠵᠠᠭᠤᠨ ᠰᠢᠬᠠᠮ ᠤᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠬᠦᠭ᠍ᠵᠢᠯᠲᠡ ᠶᠢᠨ ᠲᠡᠥᠬᠡ ᠳᠤ ᠴᠥ ᠭᠡᠰᠡᠨ ᠪᠦᠷ᠋ ᠴᠢᠬᠤᠯᠠ ᠪᠦᠭᠡᠳ ᠠᠯᠤᠰ ᠭᠡᠲᠦ ᠶᠢᠨ ᠲᠡᠥᠭᠡ ᠶᠢᠨ ᠠᠴᠢ ᠬᠤᠯᠪᠤᠭᠳᠠᠯ ᠪᠤᠯᠤᠨ ᠠᠬᠤᠶᠢᠴᠢ ᠠᠴᠢ ᠬᠤᠯᠪᠤᠭᠳᠠᠯ ᠲᠠᠢ ᠪᠠᠶᠢᠳᠠᠭ᠃

    -- ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠶᠢ ᠠᠷᠪᠠᠨ ᠲᠦᠷᠪᠡᠨ ᠵᠤᠷᠪᠤᠰ ᠦᠨᠳᠦᠰᠦᠨ ᠠᠷᠭ᠎ᠠ ᠪᠤᠳᠤᠯᠭ᠎ᠠ ᠪᠡᠷ᠋ ᠪᠤᠲᠠᠲᠠᠢ ᠲᠦᠯᠦᠪᠵᠢᠭᠦᠯᠭᠡ ᠬᠢᠵᠡᠢ᠃ ᠲᠦᠪ ᠤᠨ ᠨᠠᠮ ᠤᠨ ᠰᠤᠷᠭᠠᠭᠤᠯᠢ ᠶᠢᠨ ᠫᠷᠦᠹᠸᠰᠰᠤᠷ᠋᠂ ᠮᠠᠷᠺᠰ ᠤᠨ ᠦᠵᠡᠯ ᠤᠨ ᠤᠨᠤᠯ ᠤᠨ ᠰᠤᠳᠤᠯᠭ᠎ᠠ ᠪᠤᠯᠤᠨ ᠪᠦᠲᠦᠭᠡᠨ ᠪᠠᠢᠢᠭᠤᠯᠤᠯᠲᠠ ᠶᠢᠨ ᠢᠨᠵᠸᠨ᠋ᠸᠷᠢᠩ ᠤᠨ ᠰᠤᠳᠤᠯᠭᠠᠨ ᠤ ᠰᠡᠳᠦᠪ ᠤᠨ ᠳᠤᠭᠤᠢᠢᠯᠠᠩ ᠤᠨ ᠲᠡᠷᠢᠬᠦᠨ ᠲᠤᠰᠬᠠᠢ ᠮᠡᠷᠭᠡᠵᠢᠯᠲᠡᠨ ᠶ᠍ᠠᠨ ᠱᠦ ᠬᠠᠨ᠄《ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠶᠢᠨ〈ᠨᠠᠶ᠋ᠮᠠᠨ ᠳᠤᠲᠤᠷᠬᠠᠢᠢᠯᠠᠯ〉ᠪᠤᠯᠤᠨ 14 ᠵᠤᠷᠪᠤᠰ ᠦᠨᠳᠦᠰᠦᠨ ᠠᠷᠭ᠎ᠠ ᠪᠤᠳᠤᠯᠭ᠎ᠠ ᠪᠤᠯ ᠰᠢ ᠵᠢᠨ ᠫᠢᠩ ᠨᠦᠬᠦᠷ᠋ ᠤᠨ ᠴᠢᠬᠤᠯᠠ ᠶ᠍ᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠦ ᠵᠠᠰᠠᠭ ᠢ ᠡᠷᠬᠢᠯᠡᠬᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠶᠢᠨ ᠶ᠍ᠡᠬᠡ ᠬᠤᠷᠠᠮᠳᠤᠯ᠂ ᠡᠯ᠎ᠠ ᠲᠦᠷᠦᠯ ᠤᠨ ᠲᠤᠷᠰᠢᠯᠭ᠎ᠠ ᠶᠢᠨ ᠴᠢᠨᠠᠷᠲᠠᠢ ᠦᠷ᠎ᠠ ᠪᠦᠲᠦᠭᠡᠯ ᠤᠨ ᠲᠦᠪᠯᠡᠷᠡᠩᠭᠦᠢ ᠢᠯᠡᠷᠡᠯ》ᠪᠤᠯᠤᠨ᠎ᠠ᠃

    -- ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠳᠤᠮᠳᠠᠳᠦ ᠤᠯᠤᠰ ᠢᠶᠡᠷ ᠳᠠᠮᠵᠢᠭᠤᠯᠵᠦ ᠢᠷᠡᠭᠡᠳᠦᠢ ᠶᠢᠨ ᠴᠢᠭᠯᠡᠯ ᠢᠶᠡᠨ ᠡᠷᠢᠯᠬᠢᠯᠡᠵᠦ ᠪᠠᠢᠢᠭ᠎ᠠ ᠲᠡᠯᠡᠬᠡᠢ ᠶᠢᠨ ᠬᠠᠷᠠᠴᠠ ᠶᠢ ᠲᠠᠲᠠᠵᠤ ᠪᠤᠢ᠃ ᠨᠠᠮ ᠤᠨ ᠠᠷᠪᠠ ᠶ᠍ᠢᠰᠦᠳᠦᠬᠡᠷ᠋ ᠶ᠍ᠡᠬᠡ ᠬᠤᠷᠠᠯ ᠬᠤᠷᠠᠯᠳᠤᠬᠤ ᠲᠠᠰᠢᠷᠠᠮ ᠢᠶᠡᠷ ᠪᠦᠬᠦ ᠪᠦᠮᠪᠦᠷᠴᠡᠭ ᠤᠨ160 ᠭᠠᠷᠤᠢ ᠤᠯᠤᠰ ᠪᠤᠯᠤᠨ ᠭᠠᠵᠠᠷ᠋ ᠤᠷᠤᠨ ᠳᠤ ᠨᠢᠭᠡᠨᠲᠡ ᠲᠠᠷᠬᠠᠭᠠᠬᠳᠠᠬᠰᠠᠨ 600 ᠭᠠᠷᠤᠢ ᠲᠦᠮᠡᠨ ᠪᠤᠲᠢ《ᠰᠢ ᠵᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶ᠍ᠠᠷᠢᠭᠰᠠᠠ ᠨᠢ》ᠭᠡᠬᠦ ᠨᠤᠮ ᠨᠢ ᠰᠤᠳᠤᠯᠵᠦ ᠤᠩᠰᠢᠬᠤ ᠬᠠᠯᠠᠭᠤᠨ ᠦᠷᠨᠢᠯᠲᠡ ᠶᠢ ᠲᠠᠬᠢᠨᠳᠠ ᠭᠠᠷᠭᠠᠵᠠᠢ᠃

    ᠤᠷᠲᠦ ᠬᠤᠭᠤᠴᠠᠭ᠎ᠠ ᠪᠡᠷ᠋ ᠳᠤᠮᠳᠠᠳᠦ ᠤᠯᠤᠰ ᠢ ᠰᠤᠳᠤᠯᠬᠤ ᠳᠤ ᠠᠩᠬᠠᠷᠤᠯ ᠢᠶᠡᠨ ᠲᠠᠯᠪᠢᠵᠦ ᠪᠠᠢᠢᠭ᠎ᠠ ᠠᠮᠸᠷᠢᠺᠠ ᠶᠢᠨ ᠲᠤᠰᠬᠠᠢ ᠮᠡᠷᠭᠡᠵᠢᠯᠲᠡᠨ ᠯᠦᠸᠸᠪᠦᠸᠸᠲ᠋ᠸ ·ᠺᠦᠨ ᠡᠸ᠋ᠨ᠄《ᠲᠤᠰ ᠨᠤᠮ ᠳᠤ ᠳᠤᠷᠠᠳᠤᠬᠰᠠᠨ ᠤᠯᠤᠰ ᠤᠨ ᠵᠠᠰᠠᠯᠲᠠ ᠨᠢ ᠵᠦᠪᠭᠡᠨ ᠤᠯᠤᠰ ᠲᠦᠷᠦ ᠶᠢᠨ ᠬᠦᠷᠢᠶ᠎ᠠ ᠴᠡᠷᠠᠭ᠎ᠠ ᠳᠤ ᠬᠢᠵᠠᠭᠠᠷᠯᠠᠬᠳᠠᠬᠤ ᠪᠢᠰᠢ᠂ ᠬᠠᠷᠢᠨ ᠤᠯᠤᠰ ᠤᠨ ᠠᠮᠢᠳᠤᠷᠠᠯ ᠪᠤᠯᠤᠨ ᠠᠷᠠᠳ ᠤᠯᠠᠨ᠂ ᠨᠡᠢᠢᠭᠡᠮ ᠵᠡᠷᠭᠡ ᠪᠦᠬᠦ ᠲᠠᠯ᠎ᠠ ᠶᠢᠨ ᠲᠦᠷᠦ ᠪᠠᠷᠢᠬᠤ ᠠᠷᠭ᠎ᠠ ᠪᠤᠳᠤᠯᠭ᠎ᠠ ᠶᠢ ᠬᠠᠮᠤᠷᠴᠦ᠂ ᠪᠦᠬᠦ ᠳᠡᠯᠡᠬᠡᠢ ᠳᠤ ᠳᠤᠳᠤ ᠲᠤᠮᠤᠷᠠᠭᠤᠨ ᠲᠦᠷᠦ ᠶᠢᠨ ᠪᠤᠳᠤᠯᠭ᠎ᠠ ᠪᠠᠨ ᠵᠠᠷᠯᠠᠵᠠᠢ》ᠭᠡᠵᠠᠢ᠃

    -- ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠮᠠᠷᠺᠰ ᠤᠨ ᠦᠵᠡᠯ ᠤᠨ ᠳᠤᠮᠳᠠᠳᠦ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠲᠦᠭᠡᠯ ᠢ ᠲᠦᠯᠦᠬᠡᠯᠡᠵᠦ ᠪᠠᠢᠢᠭ᠎ᠠ ᠶ᠍ᠤᠮ᠃

    ᠨᠠᠮ ᠤᠨ ᠠᠷᠪᠠᠨ ᠨᠠᠶ᠋ᠮᠠᠳᠤᠭᠠᠷ ᠶ᠍ᠡᠬᠡ ᠬᠤᠷᠠᠯ ᠡᠴᠡ ᠨᠠᠰᠢ᠂ ᠮᠠᠨ ᠤ ᠨᠠᠮ ᠦᠳᠲᠡᠷ᠋ ᠲᠦᠷᠭᠡᠨ ᠬᠤᠪᠢᠷᠠᠵᠤ ᠪᠠᠢᠢᠭ᠎ᠠ ᠴᠠᠭ ᠦᠶ᠎ᠠ ᠪᠤᠯᠤᠨ ᠰᠢᠨ᠎ᠠ ᠠᠭᠤᠤ ᠶ᠍ᠡᠬᠡ ᠲᠡᠮᠡᠴᠡᠯ ᠤᠨ ᠳᠤᠮᠳᠠ᠂ ᠮᠠᠷᠺᠰ ᠤᠨ ᠦᠵᠡᠯ ᠤᠨ ᠦᠨᠳᠦᠰᠦᠨ ᠤᠬ ᠶ᠍ᠤᠰᠤ ᠶᠢ ᠬᠡᠷᠡᠭᠯᠡᠨ ᠤᠨᠤᠯ ᠤᠨ ᠰᠢᠨ᠎ᠠ ᠡᠭᠦᠳᠦᠯᠲᠡ ᠬᠢᠬᠦ ᠶᠢ ᠲᠠᠰᠤᠷᠠᠯᠲᠠ ᠦᠬᠡᠢ ᠠᠬᠢᠭᠤᠯᠪᠠ᠂ ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠮᠠᠷᠺᠰ ᠤᠨ ᠦᠵᠡᠯ ᠤᠨ ᠳᠤᠮᠳᠠᠳᠦ ᠤᠯᠤᠰᠴᠢᠯᠠᠬᠰᠠᠨ ᠰᠢᠨ᠎ᠠ ᠲᠦᠪᠰᠢᠨ ᠢ ᠨᠡᠭᠡᠭᠡᠵᠡᠢ᠃ ᠵᠢᠱᠢᠶᠡᠯᠡᠪᠡᠯ᠂ ᠰᠢᠨ᠎ᠠ ᠬᠦᠭ᠍ᠵᠢᠯᠲᠡ ᠶᠢᠨ ᠤᠢᠢᠯᠠᠭᠠᠬᠳᠠᠬᠤᠨ ᠢ ᠪᠠᠷᠢᠮᠳᠠᠯᠠᠬᠤ ᠭᠡᠳᠡᠭ ᠨᠢ ᠮᠠᠷᠺᠰ ᠤᠨ ᠦᠵᠡᠯ ᠤᠨ ᠤᠯᠤᠰ ᠲᠦᠷᠦ ᠠᠵᠦ ᠠᠬᠤᠢ ᠶᠢᠨ ᠤᠬᠠᠭᠠᠨ ᠤ ᠤᠨᠤᠯ ᠤᠨ ᠭᠡᠷᠡᠯ ᠬᠢᠯᠪᠠᠭ᠎ᠠ ᠶᠢ ᠰᠠᠴᠤᠷᠠᠭᠤᠯᠵᠠᠢ; ᠬᠦᠮᠦᠨ ᠪᠤᠯᠤᠨ ᠪᠠᠢᠢᠭᠠᠯᠢ ᠶᠢᠨ ᠡᠶ᠎ᠠ ᠵᠤᠬᠢᠴᠠᠩᠭ᠋ᠤᠢ ᠬᠠᠮᠲᠤᠪᠡᠷ᠋ ᠤᠷᠤᠰᠢᠬᠤ ᠶᠢ ᠪᠠᠷᠢᠮᠳᠠᠯᠠᠬᠤ ᠭᠡᠳᠡᠭ ᠨᠢ ᠮᠠᠷᠺᠰ ᠤᠨ ᠦᠵᠡᠯ ᠤᠨ ᠠᠮᠢ ᠠᠬᠤᠢ ᠶᠢᠨ ᠦᠵᠡᠯᠲᠡ ᠶᠢ ᠤᠯᠠᠮ ᠨᠢᠭᠡ ᠠᠯᠬᠤᠮ ᠪᠡᠶᠠᠯᠢᠬᠵᠢᠭᠤᠯᠵᠦ ᠬᠦᠭ᠍ᠵᠢᠬᠦᠯᠵᠡᠢ; ᠪᠦᠬᠦ ᠲᠠᠯ᠎ᠠ ᠪᠡᠷ᠋ ᠨᠠᠮ ᠢ ᠴᠢᠩᠭ᠋᠎ᠠ ᠵᠠᠰᠠᠬᠤ ᠶᠢ ᠪᠠᠷᠢᠮᠳᠠᠯᠠᠬᠤ ᠭᠡᠳᠡᠭ ᠨᠢ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠢᠢᠭᠤᠯᠤᠯᠲᠠ ᠶᠢᠨ ᠤᠨᠤᠯ ᠢ ᠪᠠᠶᠠᠯᠢᠬᠵᠢᠭᠤᠯᠵᠦ ᠬᠦᠭ᠍ᠵᠢᠬᠦᠯᠵᠡᠢ᠃

    ᠨᠠᠮ ᠤᠨ ᠠᠷᠪᠠ ᠶ᠍ᠢᠰᠦᠳᠦᠭᠡᠷ᠋ ᠶ᠍ᠡᠬᠡ ᠬᠤᠷᠠᠯ ᠤᠨ ᠲᠦᠯᠦᠭᠡᠯᠡᠭᠴᠢ᠂ ᠭᠤᠸᠠᠡᠭᠳᠦ᠋ᠡᠭ ᠮᠤᠵᠢ ᠵᠢᠨ ᠨᠠᠮ ᠤᠨ ᠬᠤᠷᠢᠶ᠎ᠠ ᠵᠢᠨ ᠨᠠᠮ ᠤᠨ ᠰᠤᠷᠭᠠᠭᠤᠯᠢ ᠵᠢᠨ ᠪᠠᠢᠢᠨᠭᠭᠤ ᠵᠢᠨ ᠳᠡᠳ᠋ ᠵᠠᠬᠢᠷᠤᠯ ᠶ᠍ᠠᠡᠭ ᠬᠠᠨ ᠴᠢᠡᠭ᠄ 《ᠨᠠᠮ ᠤᠨ ᠠᠷᠪᠠ ᠶ᠍ᠢᠰᠦᠳᠦᠭᠡᠷ᠋ ᠶ᠍ᠡᠬᠡ ᠬᠤᠷᠠᠯ ᠤᠨ ᠢᠯᠡᠳᠬᠡᠯ ᠤᠨ ᠬᠠᠮᠤᠭ ᠶ᠍ᠡᠬᠡ ᠬᠢᠯᠠᠰ ᠴᠡᠭ ᠨᠢ ᠳᠠᠷᠤᠢ ᠰᠢ ᠵᠢᠨ ᠫᠢᠡᠭ ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ ᠤᠨ ᠤᠨᠴᠠᠯᠢᠭ ᠳᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠵᠢ ᠳᠤᠷᠠᠳᠤᠭᠰᠠᠠ ᠶ᠍ᠠᠪᠤᠳᠠᠯ ᠪᠤᠯᠤᠨ᠎ᠠ᠂ ᠡᠨᠡ ᠪᠤᠯ ᠮᠠᠨ ᠤ ᠨᠠᠮ ᠠᠷᠠᠳ ᠲᠦᠮᠡᠨ ᠢᠶᠡᠨ ᠳᠠᠭᠠᠭᠤᠯᠵᠤ ᠳᠤᠮᠳᠠᠳᠤ ᠤᠯᠤᠰ ᠤᠨ ᠤᠨᠴᠠᠯᠢᠭ ᠳᠠᠢ ᠨᠡᠢᠢᠭᠡᠮ ᠵᠢᠷᠤᠮ ᠤᠨ ᠦᠢᠯᠡᠰ ᠢ ᠡᠬᠦᠳᠤᠨ ᠨᠡᠬᠡᠬᠡᠭ᠍ᠰᠡᠨ ᠴᠢᠬᠤᠯᠠ ᠪᠡᠯᠭᠡ ᠳᠡᠮᠳᠡᠭ ᠮᠦᠨ᠂ ᠮᠠᠷᠺᠰ ᠤᠨ ᠦᠵᠡᠯ ᠬᠢᠭᠡᠳ ᠳᠤᠮᠳᠠᠳᠤ ᠤᠯᠤᠰ ᠤᠨ ᠪᠤᠳᠠᠳᠤ ᠪᠠᠢᠢᠳᠠᠯ ᠬᠠᠷᠢᠯᠴᠠᠨ ᠤᠶᠠᠯᠳᠤᠭᠰᠠᠨ ᠳᠡᠦᠬᠡᠳᠤ ᠴᠢᠨᠠᠷᠳᠠᠢ ᠦᠰᠦᠷᠦᠯᠳᠡ ᠵᠢ ᠬᠠᠷᠠᠭᠤᠯᠵᠤ ᠪᠤᠢ》ᠬᠡᠵᠤ ᠬᠦᠨᠵᠡᠬᠡᠢ ᠲᠦᠷᠦᠭᠳᠡᠯ ᠢᠶᠡᠨ ᠶ᠍ᠠᠷᠢᠨ᠎ᠠ᠃

ᠡᠬᠢ ᠪᠤᠯᠠᠭ ᠲᠠᠢ ᠤᠷᠤᠰᠬᠠᠯ ᠤᠰᠤᠨ ᠨᠡᠩ ᠲᠤᠩᠭ᠋ᠠᠯᠠᠭ - -- ᠰᠢ ᠵᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠢᠢᠬᠡᠮ ᠵᠢᠷᠦᠮ ᠤᠨ ᠦᠵᠡᠯ ᠰᠠᠨᠠᠭ᠎ᠠ ᠨᠢ ᠦᠭᠡᠷᠡᠴᠢᠯᠡᠯᠳᠡ ᠨᠡᠭᠡᠭᠡᠯᠳᠡ ᠵᠢᠨ ᠠᠭᠤᠤ ᠶᠡᠬᠡ ᠦᠢᠯᠡᠳᠦᠯᠭᠡ ᠪᠠ ᠠᠷᠠᠳ ᠤᠯᠠᠨ ᠤ ᠠᠭᠤᠤ ᠶᠡᠬᠡ ᠡᠬᠦᠳᠦᠨ ᠪᠦᠳᠦᠭᠡᠯᠳᠡ ᠡᠴᠡ ᠤᠶᠤᠨ ᠤᠬᠠᠭᠠᠨ ᠢ ᠰᠢᠩᠭᠡᠨ ᠠᠪᠴᠤ᠂ ᠲᠦᠷᠦ ᠶᠢ ᠵᠠᠰᠠᠵᠤ ᠵᠠᠰᠠᠬ ᠢ ᠡᠷᠬᠢᠯᠡᠬᠦ ᠵᠢ ᠳᠠᠰᠤᠷᠠᠯᠳᠠ ᠦᠭᠡᠢ ᠰᠢᠨ᠎ᠠ ᠠᠬᠢᠴᠠ ᠲᠠᠢ ᠪᠤᠯᠭᠠᠪᠠ

    《ᠳᠡᠯᠡᠬᠡᠢ ᠶ᠍ᠢᠷᠳᠢᠨᠴᠤ ᠴᠠᠭ ᠮᠦᠴᠡ ᠪᠦᠷᠢ ᠳ᠋ᠤ ᠬᠤᠪᠢᠷᠠᠵᠤ ᠪᠠᠢᠢᠨ᠎ᠠ᠂ ᠳᠤᠮᠳᠠᠳᠤ ᠤᠯᠤᠰ ᠴᠤ ᠴᠠᠭ ᠮᠦᠴᠡ ᠪᠦᠷᠢ ᠳ᠋ᠤ ᠬᠤᠪᠢᠷᠠᠯᠳᠠ ᠭᠠᠷᠴᠤ ᠪᠠᠢᠢᠨ᠎ᠠ᠂ ᠪᠢᠳᠡ ᠡᠷᠬᠡᠪᠰᠢ ᠤᠨᠤᠯ ᠳᠡᠭᠡᠷ᠎ᠡ ᠪᠡᠨ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ᠋ ᠤᠷᠤᠭᠰᠢᠯᠠᠵᠤ᠂ ᠵᠢᠮ᠎ᠠ ᠶ᠍ᠤᠰᠤ ᠵᠢ ᠳᠠᠰᠤᠷᠠᠯᠳᠠ ᠦᠭᠡᠢ ᠳᠠᠨᠢᠨ ᠤᠯᠵᠤ᠂ ᠤᠨᠤᠯ ᠤᠨ ᠰᠢᠨ᠎ᠠ ᠶᠢ ᠡᠭᠦᠳᠬᠦ᠂ ᠦᠢᠯᠡᠳᠤᠯᠭᠡ ᠶᠢᠨ ᠰᠢᠨ᠎ᠠ ᠶᠢ ᠡᠭᠦᠳᠬᠦ᠂ ᠪᠠᠢᠢᠭᠤᠯᠤᠯ ᠤᠨ ᠰᠢᠨ᠎ᠠ ᠵᠢ ᠡᠭᠦᠳᠬᠦ᠂ ᠰᠤᠶᠤᠯ ᠤᠨ ᠰᠢᠨ᠎ᠠ ᠵᠢ ᠡᠭᠦᠳᠬᠦ ᠵᠢᠴᠢ ᠪᠤᠰᠤᠳ ᠡᠯ᠎ᠠ ᠳᠠᠯ᠎ᠠ ᠵᠢᠨ ᠰᠢᠨ᠎ᠠ ᠵᠢ ᠡᠭᠦᠳᠬᠦ ᠵᠢ ᠳᠠᠰᠤᠷᠠᠯᠳᠠ ᠦᠭᠡᠢ ᠠᠬᠢᠭᠤᠯᠬᠤ ᠭᠡᠷᠡᠭᠳᠠᠢ》᠃

    ᠨᠠᠮ ᠤᠨ ᠠᠷᠪᠠ ᠶ᠍ᠢᠰᠦᠳᠦᠭᠡᠷ᠋ ᠶ᠍ᠡᠬᠡ ᠬᠤᠷᠠᠯ ᠤᠨ ᠢᠯᠡᠳᠬᠡᠯ ᠳ᠋ᠤ ᠳᠤᠳᠤᠷᠬᠠᠢᠢᠯᠠᠨ ᠳᠠᠢᠢᠯᠪᠤᠷᠢᠯᠠᠭᠰᠠᠨ ᠢᠶᠡᠷ᠂ ᠦᠩᠭᠡᠷᠡᠭᠰᠡᠨ ᠳᠠᠪᠤᠨ ᠵᠢᠯ ᠤᠨ ᠬᠤᠭᠤᠴᠠᠭ᠎ᠠ ᠪᠤᠯ ᠶ᠍ᠠᠭ ᠰᠢ ᠵᠢᠨ ᠫᠢᠡᠭ ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ ᠤᠨ ᠤᠨᠴᠠᠯᠢᠭ ᠳᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠳᠤᠤᠷ᠎ᠠ ᠳᠤᠮᠳᠠᠳᠤ ᠤᠯᠤᠰ ᠤᠨ ᠡᠬᠡ ᠭᠠᠵᠠᠷ᠋ ᠲᠤ ᠯᠤᠳᠤ ᠶ᠍ᠡᠬᠡ ᠬᠤᠪᠢᠷᠠᠯᠳᠠ ᠭᠠᠷᠤᠭᠰᠠᠠ ᠲᠠᠪᠤᠨ ᠵᠢᠯ ᠮᠦᠨ᠃ ᠳᠤᠮᠳᠠᠳᠤ ᠤᠯᠤᠰ ᠤᠨ ᠠᠰᠠᠭᠤᠳᠠᠯ ᠤᠨ ᠠᠯᠳᠠᠷᠳᠤ ᠳᠤᠰᠬᠠᠢ ᠮᠡᠷᠭᠡᠵᠢᠯᠳᠡᠨ ᠮᠠᠳᠢᠩ· ᠶ᠍ᠠᠺᠸ ᠄ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠮᠢᠵᠢᠷᠠᠯ ᠤᠨ ᠬᠦᠴᠦᠨ ᠳᠠᠢ ᠪᠠ ᠠᠮᠵᠢᠯᠳᠠ ᠤᠯᠤᠭᠰᠠᠨ ᠰᠢᠯᠳᠠᠭᠠᠨ ᠨᠢ ᠳᠠᠷᠤᠢ ᠮᠠᠷᠺᠰ ᠤᠨ ᠦᠵᠠᠯ ᠢ ᠠᠮᠵᠢᠯᠳᠠ ᠳᠠᠢ ᠪᠡᠷ᠋ ᠳᠤᠬᠠᠢ ᠵᠢᠨ ᠭᠠᠵᠠᠷᠴᠢᠯᠠᠬᠤ ᠪᠠ ᠳᠤᠮᠳᠠᠳᠤ ᠤᠯᠤᠰᠴᠢᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰ ᠤᠨ ᠤᠯᠤᠰ ᠤᠨ ᠪᠠᠢᠢᠳᠠᠯ ᠳ᠋ᠤ ᠨᠡᠢᠢᠴᠡᠬᠦᠯᠦᠭᠰᠡᠨ ᠳ᠋ᠤ ᠪᠠᠢᠢᠬᠤ ᠶ᠍ᠤᠮ᠂ ᠡᠨᠡᠬᠦ ᠶ᠍ᠠᠪᠤᠴᠠ ᠨᠢ ᠮᠦᠨ ᠬᠦ ᠦᠷᠬᠦᠯᠵᠢᠯᠡᠭᠰᠡᠭᠡᠷ᠋ ᠪᠠᠢᠢᠨ᠎ᠠ ᠬᠡᠵᠤ ᠦᠨᠡᠯᠡᠨ ᠬᠡᠯᠡᠪᠡ᠃

    ᠳᠤᠮᠳᠠᠳᠤ ᠤᠯᠤᠰ ᠤᠨ ᠤᠨᠴᠠᠯᠢᠭ ᠳᠠᠢ ᠨᠡᠢᠢᠭᠡᠮ ᠵᠢᠷᠤᠮ ᠰᠢᠨ᠎ᠠ ᠴᠠᠭ ᠦᠶ᠎ᠡ ᠳ᠋ᠤ ᠲᠠᠪᠰᠢᠨ ᠤᠷᠤᠬᠤ ᠦᠶᠡᠰ ᠲᠤ᠂ ᠮᠠᠷᠺᠰ ᠤᠨ ᠦᠵᠡᠯ ᠢ ᠬᠡᠷᠬᠢᠨ ᠨᠡᠡᠭ ᠰᠠᠢᠢᠨ ᠬᠡᠷᠡᠭᠯᠡᠨ ᠴᠠᠭ ᠦᠶ᠎ᠡ ᠵᠢ ᠠᠵᠢᠬᠯᠠᠵᠤ᠂ ᠴᠠᠭ ᠦᠶ᠎ᠠ ᠵᠢ ᠤᠢᠢᠯᠠᠭᠠᠵᠤ᠂ ᠴᠠᠭ ᠦᠶ᠎ᠠ ᠶᠢ ᠬᠦᠳᠦᠯᠤᠨ ᠳᠠᠭᠠᠭᠤᠯᠬᠤ ᠪᠤᠢ?

    ᠰᠢ ᠵᠢᠨ ᠫᠢᠡᠭ ᠨᠦᠬᠦᠷ᠋ ᠵᠢᠡᠷ᠋ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠦᠵᠡᠯ ᠰᠠᠨᠠᠭ᠎ᠠ ᠪᠡᠨ ᠴᠢᠯᠦᠭᠡᠯᠡᠵᠤ᠂ ᠦᠨᠡᠨ ᠡᠴᠡ ᠵᠦᠪ ᠢ ᠡᠷᠢᠵᠤ᠂ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ᠋ ᠤᠷᠤᠭᠰᠢᠯᠠᠵᠤ᠂ ᠦᠨᠡᠨ ᠢ ᠪᠠᠷᠢᠮᠲᠠᠯᠠᠨ ᠪᠤᠳᠠᠳᠠᠢ ᠵᠢ ᠡᠷᠬᠢᠮᠯᠡᠵᠤ᠂ ᠮᠠᠷᠺᠰ ᠤᠨ ᠦᠵᠡᠯ ᠤᠨ ᠦᠨᠳᠦᠰᠳ ᠶ᠍ᠤᠰᠤ ᠶᠢ ᠪᠤᠳᠠᠳᠠᠢ ᠲᠠᠢ ᠤᠶᠠᠯᠳᠤᠭᠤᠯᠵᠤ᠂ ᠳᠠᠰᠤᠷᠠᠯᠳᠠ ᠦᠭᠡᠢ ᠰᠢᠨ᠎ᠠ ᠶᠢ ᠡᠬᠦᠳᠦᠭᠰᠡᠨ ᠤᠨᠤᠯ ᠢᠶᠡᠷ ᠦᠢᠯᠡᠳᠦᠯᠭᠡ ᠶᠢ ᠵᠢᠯᠤᠭᠤᠳᠴᠤ᠂ ᠨᠢᠭᠡᠨ ᠬᠤᠪᠢ ᠠᠷᠠᠳ ᠲᠦᠮᠡᠨ ᠬᠠᠨᠤᠮᠵᠢᠳᠠᠢ᠂ ᠳᠡᠯᠡᠬᠡᠢ ᠶᠢ ᠪᠠᠬᠠᠷᠬᠠᠭᠤᠯᠤᠭᠰᠠᠠ ᠲᠦᠷᠦ ᠶᠢ ᠵᠠᠰᠠᠵᠤ ᠵᠠᠰᠠᠬ ᠢ ᠡᠷᠬᠢᠯᠡᠬᠦ ᠬᠢᠷᠢ ᠪᠦᠳᠦᠮᠵᠢ ᠵᠢᠨ ᠬᠠᠭᠤᠳᠠᠰᠤ ᠵᠢ ᠳᠤᠰᠢᠶᠠᠪᠠ᠃

    --《ᠬᠠᠩᠭ᠋ᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ》 ᠨᠢ ᠠᠵᠤ ᠠᠬᠤᠢ ᠶᠢᠨ《ᠰᠢᠨ᠎ᠠ ᠬᠡᠪ ᠪᠠᠢᠢᠳᠠᠯ》ᠳᠤᠤᠷᠠᠬᠢ ᠲᠤᠮᠤ ᠶ᠍ᠡᠬᠡ ᠠᠷᠭ᠎ᠠ ᠠᠪᠴᠠᠯ ᠪᠤᠯᠵᠤ᠂ ᠪᠦᠬᠦ ᠪᠦᠮᠪᠦᠷᠴᠡᠭ ᠤᠨ ᠬᠤᠶᠠᠳᠤᠭᠠᠷ᠋ ᠶ᠍ᠡᠬᠡ ᠠᠵᠤ ᠠᠬᠤᠢ ᠵᠢᠨ ᠴᠤᠭᠴᠠ ᠨᠢ ᠳᠡᠯᠡᠬᠡᠢ ᠵᠢᠨ ᠠᠵᠤ ᠠᠬᠤᠢ ᠵᠢᠨ 《ᠳᠤᠭᠳᠠᠪᠤᠷᠢᠵᠢᠭᠤᠯᠬᠤ ᠬᠦᠴᠤᠨ》 ᠤ ᠦᠢᠯᠡᠳᠦᠯ ᠢ ᠪᠠᠳᠠᠷᠠᠭᠤᠯᠪᠠ᠃

    --《ᠦᠭᠡᠷᠡᠴᠢᠯᠡᠯᠳᠡ ᠨᠡᠭᠡᠭᠡᠯᠳᠡ ᠳ᠋ᠤ ᠶ᠍ᠠᠪᠤᠭᠳᠠᠬᠤ ᠴᠠᠭ ᠪᠠᠢᠢᠳᠠᠭ ᠡᠴᠡ ᠪᠢᠰᠢ᠂ ᠳᠡᠬᠦᠰᠬᠦ ᠴᠠᠭ ᠬᠡᠵᠤ ᠪᠠᠢᠢᠬᠤ ᠦᠭᠡᠢ》᠂1500ᠭᠠᠷᠤᠢ ᠲᠦᠷᠦᠯ ᠤᠨ ᠦᠭᠡᠷᠡᠴᠢᠯᠡᠯᠳᠡ ᠵᠢᠨ ᠠᠷᠭ᠎ᠠ ᠬᠡᠮᠵᠢᠶ᠎ᠠ ᠨᠢ ᠪᠡᠷᠬᠡ ᠶᠢ ᠲᠠᠪᠠᠨ ᠬᠦᠴᠢᠷ᠋ ᠢ ᠲᠤᠭᠤᠯᠬᠤ ᠬᠤᠭᠤᠴᠠᠭᠠᠨ ᠳᠤ ᠤᠷᠤᠵᠤ《ᠬᠦᠴᠢᠷ᠋ ᠠᠰᠠᠭᠤᠳᠠᠯ》 ᠢ ᠰᠢᠢᠳᠪᠦᠷᠢᠯᠡᠵᠤ ᠪᠤᠢ᠃

    --《〈ᠪᠠᠷᠰ〉 ᠪᠤᠯᠤᠨ 〈ᠢᠯᠠᠭ᠎ᠠ〉 ᠶᠢ ᠵᠡᠷᠭᠡᠪᠡᠷ᠋ ᠴᠤᠬᠢᠬᠤ》ᠨᠢ ᠲᠡᠤᠬᠡᠨ ᠳᠤ ᠭᠠᠷᠤᠭ᠎ᠠ ᠦᠭᠡᠢ ᠢᠯᠵᠢᠷᠠᠯ ᠢ ᠡᠰᠡᠷᠬᠦᠴᠡᠬᠦ ᠳᠤᠭᠰᠢᠨ ᠲᠠᠪᠠᠯᠭᠠᠨ ᠢ ᠪᠤᠰᠬᠠᠵᠤ᠂ 《ᠬᠢᠰᠬᠢᠭ᠍ᠰᠡᠨ ᠴᠢᠯᠠᠭᠤᠨ ᠳ᠋ᠤ ᠮᠦᠷ᠋ ᠳᠠᠢ᠂ ᠠᠳᠬᠤᠭᠰᠠᠨ ᠲᠡᠮᠦᠷ᠋ ᠲᠤ ᠤᠷᠤᠮ ᠳᠠᠢ 》ᠪᠠᠢᠢᠬᠤ《ᠳᠡᠶᠢᠯᠦᠩᠭᠦᠢ ᠪᠠᠢᠢᠳᠠᠯ》 ᠢ ᠪᠦᠷᠢᠯᠳᠦᠬᠦᠯᠪᠡ᠃

    --《ᠴᠢᠨᠡᠭᠡᠯᠢᠭ᠍ᠵᠢᠯ ᠢ ᠪᠡᠶᠡᠯᠡᠬᠦᠯᠬᠦ ᠵᠠᠮ ᠳᠡᠭᠡᠷ᠎ᠠ ᠨᠢᠭᠡ ᠬᠦᠮᠦᠨ ᠢ ᠴᠤ ᠡᠨᠭᠨᠡᠭᠡ ᠡᠴᠡ ᠬᠤᠴᠤᠷᠭᠠᠵᠤ ᠪᠤᠯᠬᠤ ᠦᠭᠡᠢ》ᠨᠢ ᠳᠡᠯᠡᠬᠡᠢ ᠵᠢᠨ ᠬᠠᠮᠤᠭ ᠤᠨ ᠶ᠍ᠡᠬᠡ ᠬᠡᠪᠴᠢᠶᠡᠵᠢᠯ ᠪᠦᠬᠦᠢ ᠬᠦᠮᠦᠨ ᠠᠮᠠ ᠵᠢ ᠶ᠍ᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠱᠠᠭᠠᠷᠳᠠᠨ ᠰᠢᠪᠠᠳᠠᠵᠤ᠂ ᠴᠠᠭ ᠪᠦᠷᠢ ᠳ᠋ᠤ 1500 ᠬᠦᠮᠦᠨ ᠶ᠍ᠠᠳᠠᠭᠤ ᠡᠴᠡ ᠠᠩᠭᠢᠵᠢᠷᠠᠭᠰᠠᠨ ᠬᠦᠮᠦᠨ ᠳᠦᠷᠦᠯᠬᠢᠳᠡᠨ ᠤ ᠳᠡᠮᠳᠡᠭᠯᠡᠯ ᠢ ᠡᠬᠦᠳᠦᠨ ᠪᠦᠳᠦᠭᠡᠪᠡ᠃

    --《ᠬᠦᠬᠡᠮᠳᠦᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠ ᠮᠦᠩᠭᠦᠨ ᠠᠭᠤᠯᠠ ᠮᠦᠨ》ᠭᠡᠳᠡᠭ ᠨᠢ ᠦᠵᠡᠰᠭᠦᠯᠡᠩᠳᠤ ᠰᠠᠢᠢᠬᠠᠨ ᠳᠤᠮᠳᠠᠳᠤ ᠤᠯᠤᠰ ᠤᠨ ᠭᠠᠢᠢᠬᠠᠮᠰᠢᠬᠳᠤ ᠵᠢᠷᠤᠭ ᠤᠨ ᠬᠠᠭᠤᠳᠠᠰᠤ ᠶᠢ ᠰᠡᠬᠦᠵᠤ᠂《ᠬᠤᠶᠠᠷ᠋ ᠬᠦᠷᠳᠤ ᠶᠢ ᠵᠡᠷᠭᠡᠪᠡᠷ᠋ ᠡᠷᠬᠢᠯᠳᠦᠭᠦᠯᠬᠦ》ᠨᠢ ᠰᠢᠨ᠎ᠠ ᠶᠢ ᠡᠬᠦᠳᠬᠦ ᠪᠡᠷ ᠬᠦᠳᠡᠯᠭᠡᠭᠦᠷ᠋ ᠪᠤᠯᠭᠠᠬᠤ ᠰᠢᠨ᠎ᠠ ᠬᠦᠳᠡᠯᠭᠡᠭᠦᠷ᠋ ᠢ ᠪᠦᠬᠦ ᠬᠤᠷᠳᠤᠴᠠ ᠪᠡᠷ᠋ ᠠᠵᠢᠯᠯᠠᠭᠤᠯᠪᠠ᠃

    --《ᠪᠤᠳᠠᠳᠠᠢ ᠠᠵᠢᠯᠯᠠᠪᠠᠯ ᠤᠯᠤᠰ ᠢ ᠮᠠᠨᠳᠤᠭᠤᠯᠵᠤ᠂ ᠬᠤᠭᠤᠰᠤᠨ ᠶ᠍ᠠᠷᠢᠶ᠎ᠠ ᠲᠦᠷᠦ ᠶᠢ ᠰᠠᠭᠠᠳᠠᠭᠠᠬᠤ》 ᠨᠢ13 ᠳ᠋ᠦᠨᠭᠰᠢᠭᠤᠷ᠋ ᠬᠦᠮᠦᠨ ᠠᠮᠠ ᠵᠢᠨ ᠬᠠᠮᠳᠤ ᠵᠢᠨ ᠢᠳᠡᠬᠡᠯ ᠪᠢᠰᠢᠷᠡᠯ ᠢ ᠨᠢᠬᠳᠠᠷᠠᠭᠤᠯᠵᠤ᠂ ᠨᠡᠢᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠨᠢ《ᠬᠠᠮᠤᠭ ᠤᠨ ᠤᠳᠠᠭᠠᠨ ᠲᠠᠭᠠᠭᠠᠮᠠᠭᠠᠢ᠂ ᠬᠠᠮᠤᠭ ᠤᠨ ᠬᠦᠨ ᠲᠠᠪᠬᠤᠷᠭ᠎ᠠ ᠶᠢᠨ ᠬᠦᠴᠦᠨ》ᠪᠤᠯᠪᠠ ᠁

    ᠳᠡᠯᠡᠬᠡᠢ ᠳ᠋ᠠᠬᠢᠨ ᠢᠶᠡᠷ ᠢᠶᠡᠨ ᠱᠠᠭᠰᠢᠨ ᠭᠠᠢᠢᠬᠠᠭᠰᠠᠨ ᠬᠠᠷᠠᠴᠠ ᠳᠤᠮᠳᠠ᠂ ᠠᠯᠢ ᠤᠯᠠᠨ ᠡᠬᠦᠳᠦᠨ ᠪᠦᠳᠦᠭᠡᠯᠴᠢ ᠴᠢᠨᠠᠷᠳᠠᠢ᠂ ᠪᠦᠬᠦ ᠳᠠᠯ ᠠ ᠵᠢᠨ ᠴᠢᠨᠠᠷᠳᠠᠢ᠂ ᠠᠯᠤᠰ ᠭᠡᠳᠦ ᠵᠢᠨ ᠴᠢᠨᠠᠷᠳᠠᠢ ᠤᠨᠤᠯ ᠬᠢᠭᠡᠳ ᠦᠢᠯᠡᠳᠦᠯᠭᠡ ᠪᠦᠷᠢᠨ ᠰᠠᠢᠢᠬᠠᠨ ᠤᠶᠠᠯᠳᠤᠪᠠ᠃

    2017 ᠤᠨ ᠳᠤ᠂ ᠵᠢᠩᠭ᠋ᠠᠡᠭᠱᠠᠨ ᠬᠤᠳᠠ᠂ ᠯᠠᠨᠺᠤᠤ ᠰᠢᠶᠠᠨ ᠡᠡᠭ ᠲᠡᠷᠢᠬᠦᠨ ᠳᠤ ᠶ᠍ᠠᠳᠠᠭᠤ ᠡᠴᠨ ᠠᠩᠭᠢᠵᠢᠷᠠᠵᠤ᠂ ᠲᠤᠮᠳᠠᠳᠤ ᠤᠯᠤᠰ ᠤᠨ ᠶ᠍ᠠᠳᠠᠭᠤ ᠬᠦᠴᠢᠷᠳᠡᠯᠳᠡᠢ ᠰᠢᠶᠠᠨ ᠠᠡᠭᠬᠠᠳᠤᠭᠠᠷ᠋ ᠤᠳᠠᠭ᠎ᠠ ᠲᠤᠭᠠᠨ ᠤ ᠲᠠᠯ᠎ᠠ ᠪᠡᠷ᠋ ᠬᠠᠰᠤᠬᠳᠠᠬᠤ ᠶᠢ ᠪᠡᠶᠡᠯᠡᠬᠦᠯᠪᠠ᠃

    《ᠦᠩᠭᠡᠨ ᠲᠠᠯ᠎ᠠ ᠡᠴᠡ ᠨᠢ ᠡᠵᠡᠮᠳᠡᠬᠦ》 ᠡᠴᠡ《ᠤᠨᠤᠪᠴᠢᠳᠠᠢ ᠬᠦᠮᠦᠨ ᠳᠤ ᠬᠦᠷᠬᠦ》ᠪᠤᠯᠤᠨ ᠬᠤᠪᠢᠷᠠᠵᠤ᠂《ᠶ᠍ᠡᠬᠡ ᠤᠰᠤ ᠪᠡᠷ᠋ ᠳᠦᠭᠦᠷᠲᠡᠯ᠎ᠠ ᠤᠰᠤᠯᠠᠬᠤ》 ᠡᠴᠡ《ᠤᠨᠤᠪᠴᠢᠳᠠᠢ ᠲᠤᠰᠤᠯᠭᠠᠨ ᠤᠰᠤᠯᠠᠬᠤ》ᠪᠤᠯᠤᠨ ᠬᠤᠪᠢᠷᠠᠵᠤ᠂《ᠲᠤᠬᠳᠠᠪᠤᠷᠢᠳᠠᠢ ᠠᠰᠢᠭ ᠬᠦᠷᠳᠡᠭᠦ》 ᠡᠴᠡ《ᠤᠨᠤᠪᠴᠢᠳᠠᠢ ᠤᠷᠤᠬᠰᠢᠯᠠᠨ ᠤᠬᠤᠷᠢᠬᠤ》ᠪᠤᠯᠤᠨ ᠬᠤᠪᠢᠷᠠᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠦᠲᠦᠭᠡᠯᠴᠢ ᠪᠡᠷ᠋ ᠲᠤᠷᠠᠳᠤᠬᠰᠠᠨ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠵᠢᠯ ᠪᠦᠷᠢ 1300 ᠲᠦᠮᠡ ᠡᠴᠨ ᠲᠡᠭᠡᠭ᠍ᠰᠢᠬᠢ ᠶ᠍ᠠᠳᠠᠭᠤ ᠬᠦᠴᠢᠷᠳᠡᠯᠳᠡᠢ ᠬᠦᠮᠦᠨ  ᠬᠠᠰᠤᠬᠳᠠᠭᠤᠯᠬᠤ ᠦᠷ᠎ᠠ ᠪᠦᠳᠦᠮᠵᠢ ᠪᠡᠷ᠋ ᠢᠶᠡᠨ ᠬᠦᠮᠦᠨ ᠲᠦᠷᠦᠯᠬᠢᠳᠠᠨ ᠤ ᠶ᠍ᠠᠳᠠᠭᠤ ᠬᠦᠴᠢᠷ᠋ ᠯᠤᠭᠡ ᠲᠡᠮᠡᠴᠡᠬᠦ ᠲᠡᠤᠬᠡ ᠶᠢᠨ《 ᠬᠠᠮᠤᠭ ᠤᠨ ᠠᠭᠤᠤ ᠶ᠍ᠡᠬᠡ ᠦᠯᠢᠭᠡᠷ᠋》 ᠢ᠋ ᠪᠢᠴᠢᠭᠯᠡᠪᠡ᠃

    ᠨᠠᠮ ᠤᠨ ᠠᠷᠪᠠ ᠶ᠍ᠢᠰᠦᠳᠦᠭᠡᠷ᠋ ᠶ᠍ᠡᠭᠡ ᠬᠤᠷᠠᠯ ᠤᠨ ᠲᠦᠯᠦᠭᠡᠯᠡᠭᠴᠢ᠂ ᠵᠢᠡᠭᠭᠠᠡᠭᠱᠠᠨ ᠬᠤᠳᠠ ᠵᠢᠨ ᠨᠠᠮ ᠤᠨ ᠬᠤᠷᠢᠶ᠎ᠠ ᠵᠢᠨ ᠱᠦᠵᠢ ᠯᠢᠤ ᠬᠤᠡᠭ᠂ ᠮᠠᠨ ᠤ ᠨᠠᠮ ᠤᠨ ᠰᠢᠨ᠎ᠠ ᠵᠢ ᠡᠭᠦᠳᠦᠭᠰᠡᠨ ᠤᠨᠤᠯ ᠤᠨ ᠵᠢᠯᠤᠭᠤᠳᠤᠮᠵᠢ ᠪᠠᠢᠢᠬᠤ ᠦᠭᠡᠢ᠂ ᠦᠷᠭᠡᠨ ᠤᠯᠠᠨ ᠠᠷᠠᠳ ᠲᠦᠮᠡᠨ ᠤ ᠰᠢᠷᠭᠠᠭᠤ ᠬᠠᠳᠠᠭᠤᠵᠢᠯᠳᠠᠢ ᠮᠡᠷᠡᠢᠢᠨ ᠴᠢᠷᠮᠠᠢᠢᠯᠳᠠ ᠪᠠᠢᠢᠬᠤ ᠦᠭᠡᠢ ᠪᠤᠯ ᠵᠢᠡᠭᠭᠠᠡᠭᠱᠠᠨ ᠤ ᠶ᠍ᠠᠳᠠᠭᠤ ᠡᠴᠡ ᠠᠩᠭᠢᠵᠢᠷᠠᠨ《ᠮᠠᠯᠠᠭᠠᠢ ᠪᠡᠨ ᠬᠠᠶᠠᠭᠰᠠᠨ》ᠠᠭᠤᠤ ᠶ᠍ᠡᠬᠡ ᠢᠯᠠᠯᠳᠠ ᠪᠠᠢᠢᠬᠤ ᠦᠭᠡᠢ᠃ ᠡᠨᠡ ᠨᠢ ᠮᠦᠨᠴᠦ ᠰᠢᠨᠵᠢᠯᠡᠬᠦ ᠤᠬᠠᠭᠠᠨᠴᠢ ᠤᠨᠤᠯ ᠦᠢᠯᠡᠳᠦᠯᠭᠡ ᠲᠠᠢ ᠤᠶᠠᠯᠳᠤᠵᠤ᠂ ᠠᠷᠠᠳ ᠲᠦᠮᠡᠨ ᠡᠵᠡᠮᠳᠡᠵᠦ ᠴᠢᠳᠠᠪᠠᠯ ᠲᠠᠷᠤᠢ ᠦᠨᠡᠨ ᠶ᠍ᠤᠰᠤᠨ ᠤ ᠬᠡᠷᠡᠯ ᠬᠢᠯᠪᠠᠭ᠎ᠠ ᠰᠠᠴᠤᠷᠠᠵᠤ᠂ ᠬᠢᠵᠠᠭᠠᠯᠡᠰᠢ ᠦᠭᠡᠢ ᠬᠦᠴᠦᠨ ᠴᠢᠳᠠᠯ ᠲᠠᠢ ᠪᠤᠯᠬᠤ ᠵᠢ ᠬᠦᠢᠴᠡᠳ ᠨᠤᠳᠠᠯᠠᠵᠠᠢ ᠭᠡᠵᠦ ᠶ᠍ᠠᠷᠢᠨ᠎ᠠ᠃

    ᠲᠤᠮᠳᠠᠳᠤ ᠤᠯᠤᠰ ᠶ᠍ᠠᠭ ᠰᠠᠶ᠋ᠢᠬᠠᠨ ᠬᠦᠮᠦᠨ ᠲᠦᠷᠦᠯᠬᠢᠳᠠᠨ ᠤ ᠲᠡᠤᠬᠡᠨ ᠳ᠋ᠡᠬᠢ ᠬᠠᠮᠤᠭ ᠠᠤᠭ᠎ᠠ ᠶ᠍ᠡᠬᠡ ᠮᠦᠷᠳᠡᠭᠡᠨ ᠦᠪᠡᠷᠮᠢᠴᠡ ᠤᠨᠴᠠᠯᠢᠭ ᠲᠠᠢ ᠤᠨᠤᠯ ᠪᠠ ᠦᠢᠯᠡᠳᠦᠯᠭᠡ ᠵᠢᠨ ᠰᠢᠨ᠎ᠠ ᠵᠢ ᠡᠭᠦᠳᠴᠦ᠂ ᠨᠠᠡᠭ ᠤᠯᠠᠨ ᠬᠦᠮᠦᠨ ᠡᠨᠡᠬᠦ ᠠᠬᠢᠴᠠ ᠵᠢᠨ ᠠᠰᠢᠭ ᠬᠦᠷᠳᠡᠭᠴᠢ ᠪᠤᠯᠪᠠ᠃ ᠲᠡᠯᠡᠭᠡᠢ ᠳᠤ ᠠᠯᠳᠠᠷᠳᠠᠢ ᠠᠷᠠᠳ ᠤᠨ ᠰᠠᠨᠠᠯ ᠳᠤ ᠪᠠᠢᠢᠴᠠᠭᠠᠯᠳᠠ ᠬᠢᠬᠦ ᠲᠦᠪ ᠪᠤᠯᠬᠤ ᠫᠢᠶ᠊ᠢᠤ ᠰᠤᠳᠤᠯᠭᠠᠨ ᠤ ᠲᠦᠪ ᠤᠨ ᠪᠠᠢᠢᠴᠠᠭᠠᠯᠳᠠ ᠳᠤ ᠢᠯᠡᠷᠡᠬᠦᠯᠦᠭᠰᠡᠨ ᠢᠶᠡᠷ᠂ ᠲᠤᠮᠳᠠᠳᠤ ᠤᠯᠤᠰ ᠤᠨ ᠠᠷᠠᠳ ᠤᠯᠠᠨ ᠡᠪ ᠬᠠᠮᠳᠤ ᠨᠠᠮ ᠪᠠ ᠲᠤᠮᠳᠠᠳᠤ ᠤᠯᠤᠰ ᠤᠨ ᠵᠠᠰᠠᠭ ᠤᠨ ᠤᠷᠳᠤᠨ ᠤ ᠲᠤᠬᠠᠢ ᠬᠠᠨᠤᠮᠵᠢ ᠵᠢᠨ ᠬᠡᠮᠵᠢᠶ᠎ᠠ ᠨᠢ ᠪᠦᠬᠦ ᠲᠡᠯᠡᠭᠡᠢ ᠵᠢᠨ ᠪᠤᠰᠤᠳ ᠲᠦᠷᠦ ᠵᠢᠨ ᠪᠠᠢᠢᠭᠤᠯᠤᠯ ᠲᠤᠤᠷᠠᠬᠢ ᠶ᠍ᠡᠬᠡᠩᠬᠢ ᠤᠯᠤᠰ ᠡᠴᠨ ᠪᠦᠷ᠋ ᠦᠨᠳᠦᠷ᠋ ᠪᠠᠢᠢᠨ᠎ᠠ᠃

    ᠴᠢᠡᠭᠬᠤᠧᠠ ᠶ᠍ᠡᠬᠡ ᠰᠤᠷᠭᠠᠭᠤᠯᠢ ᠵᠢᠨ ᠮᠠᠷᠺᠰ ᠤᠨ ᠦᠵᠡᠯ ᠤᠨ ᠲᠡᠭᠡᠳᠦ ᠰᠤᠷᠭᠠᠭᠤᠯᠢ ᠵᠢᠨ ᠫᠷᠤᠹᠸᠰᠰᠤᠷ᠋ ᠳ᠋ᠠᠢ ᠮᠦ ᠼᠠᠢ᠂《ᠠᠷᠠᠳ ᠤᠯᠠᠨ ᠤ ᠰᠠᠢᠢᠠ ᠰᠠᠢᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠤᠯ ᠲᠠᠷᠤᠢ ᠮᠠᠨ ᠤ ᠲᠡᠮᠡᠴᠡᠬᠦ ᠬᠠᠷᠠᠯᠳᠠ ᠮᠦᠨ》 ᠡᠴᠡ《ᠠᠷᠠᠳ ᠲᠦᠮᠡᠨ ᠢ ᠢᠮᠠᠬᠳᠠ ᠰᠡᠳᠬᠢᠯ ᠤᠨ ᠬᠠᠮᠤᠭ ᠦᠨᠳᠦᠷ᠋ ᠪᠠᠢᠢᠷᠢᠨ ᠳᠤ ᠲᠠᠯᠪᠢᠬᠤ》ᠬᠦᠷᠳᠡᠯᠡᠬᠢ᠂《ᠠᠷᠠᠳ ᠲᠦᠮᠡᠨ ᠵᠢᠡᠷ᠋ ᠭᠤᠤᠯ ᠪᠤᠯᠭᠠᠬᠰᠠᠨ ᠬᠦᠭ᠍ᠵᠢᠯᠳᠠ ᠵᠢᠨ ᠦᠵᠡᠯ ᠰᠠᠨᠠᠭ᠎ᠠ》 ᠡᠴᠨ《ᠠᠷᠠᠳ ᠤᠨ ᠰᠡᠳᠬᠢᠯ ᠪᠤᠯ ᠬᠠᠮᠤᠭ ᠴᠢᠬᠤᠯᠠ ᠤᠯᠤᠰ ᠲᠦᠷᠦ》ᠬᠦᠷᠳᠡᠯ᠎ᠠ᠂ ᠰᠢ ᠵᠢᠨ ᠫᠢᠡᠭ ᠨᠦᠬᠦᠷ᠋ ᠵᠢᠡᠷ᠋ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠤᠨ ᠲᠦᠯᠦᠭᠡ ᠬᠡᠬᠦ ᠤᠢᠢᠯᠠᠭᠠᠬᠳᠠᠬᠤᠨ ᠢ ᠨᠠᠮ ᠤᠨ ᠱᠤᠭᠤᠮ᠂ ᠴᠢᠭᠯᠡᠯᠳᠡ᠂ ᠲᠦᠷᠦ ᠵᠢᠨ ᠪᠤᠳᠤᠯᠭ᠎ᠠ ᠪᠤᠯᠭᠠᠨ ᠬᠤᠪᠢᠷᠠᠭᠤᠯᠵᠤ᠂ ᠲᠦᠷᠦ ᠪᠠᠷᠢᠬᠤ ᠬᠠᠷᠠᠯᠳᠠ᠂ ᠲᠦᠷᠦ ᠪᠠᠷᠢᠬᠤ ᠠᠷᠭ᠎ᠠ ᠪᠤᠳᠤᠯᠭ᠎ᠠ᠂ ᠲᠦᠷᠦ ᠪᠠᠷᠢᠬᠤ ᠠᠷᠭ᠎ᠠ ᠠᠪᠴᠠᠯ ᠵᠡᠷᠭᠡ ᠲᠦᠷᠦ ᠵᠢ ᠵᠠᠰᠠᠵᠤ ᠵᠠᠰᠠᠭ ᠢ ᠡᠷᠬᠢᠯᠡᠬᠦ ᠴᠢᠬᠤᠯᠠ ᠡᠯᠸᠮᠸᠨ᠋ᠲ ᠲᠦ ᠠᠭᠤᠰᠤᠯᠴᠠᠭᠤᠯᠪᠠ᠃

    ᠲᠠᠪᠤᠨ ᠵᠢᠯ ᠤᠨ ᠡᠮᠦᠨ᠎ᠠ᠂ ᠰᠢ ᠵᠢᠨ ᠫᠢᠡᠭ ᠰᠠᠶ᠊ᠢ ᠲᠤᠰᠢᠶᠠᠯ ᠳᠤ ᠭᠠᠷᠬᠤ ᠦᠶ᠎ᠡ ᠳᠤ 《ᠠᠷᠠᠳ ᠲᠦᠮᠡᠨ ᠪᠤᠯ ᠮᠠᠨ ᠤ ᠬᠦᠴᠦᠨ ᠴᠢᠳᠠᠯ ᠤᠨ ᠡᠬᠢ ᠰᠤᠷᠪᠤᠯᠵᠢ ᠮᠦᠨ》ᠭᠡᠵᠦ ᠶ᠍ᠠᠷᠢᠵᠤ ᠦᠩᠭᠡᠷᠡᠪᠡ᠃ ᠨᠠᠮ ᠤᠨ ᠠᠷᠪᠠᠨ ᠨᠠᠶ᠋ᠮᠠᠳᠤᠭᠠᠷ ᠶ᠍ᠡᠬᠡ ᠬᠤᠷᠠᠯ ᠡᠴᠨ ᠨᠠᠰᠢ᠂ ᠲᠡᠷᠡ ᠪᠦᠬᠦ ᠤᠯᠤᠰ ᠤᠨ ᠲᠦᠪᠯᠡᠷᠡᠨ ᠬᠤᠯᠪᠤᠯᠳᠤᠬᠰᠠᠨ ᠤᠨᠴᠠ ᠬᠦᠴᠢᠷᠳᠡᠯᠳᠡᠢ ᠭᠠᠵᠠᠷ᠋ ᠤᠷᠤᠨ ᠢᠶᠡᠷ ᠪᠦᠷ᠋ ᠬᠦᠷᠴᠦ᠂ ᠪᠤᠳᠠᠲᠠᠢ ᠭᠠᠵᠠᠷ᠋ ᠲᠤᠨᠢ ᠬᠦᠷᠴᠦ ᠶ᠍ᠠᠳᠠᠭᠤ ᠡᠴᠨ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠬᠠᠢ ᠪᠠᠢᠢᠴᠠᠭᠠᠨ ᠰᠤᠳᠤᠯᠤᠯᠳᠠ ᠦᠷᠨᠢᠬᠦᠯᠪᠡ᠃ ᠦᠢᠯᠡᠳᠪᠦᠷᠢ ᠠᠭᠤᠷᠬᠠᠢ᠂ ᠠᠵᠤ ᠠᠬᠤᠢᠢᠯᠠᠯ᠂ ᠡᠷᠳᠡᠮ ᠰᠢᠨᠵᠢᠯᠡᠭᠡᠨ ᠤ ᠰᠤᠳᠤᠯᠭᠠᠨ ᠤ ᠰᠠᠭᠤᠷᠢᠨ ᠳᠤ ᠬᠦᠷᠴᠦ᠂ ᠦᠭᠡᠷᠡᠴᠢᠯᠡᠯᠳᠠ ᠵᠢᠨ ᠪᠤᠭᠤᠮᠢ ᠶᠢ ᠨᠢᠮᠪᠠᠢ ᠤᠢᠢᠯᠠᠭᠠᠪᠠ ; ᠲᠠᠷᠢᠶᠠᠴᠢᠨ ᠠᠢᠢᠯ᠂ ᠨᠡᠢᠢᠭᠡᠮ ᠲᠤᠭᠤᠷᠢᠭ᠂ ᠨᠠᠰᠤᠳᠠᠨ ᠢ ᠠᠰᠠᠷᠠᠬᠤ ᠬᠦᠷᠢᠶᠡᠯᠡᠡᠭ ᠵᠢᠡᠷ᠋ ᠰᠤᠷᠪᠤᠯᠵᠢᠯᠠᠨ ᠶ᠍ᠠᠪᠤᠵᠤ᠂ ᠠᠷᠠᠳ ᠤᠨ ᠠᠮᠢᠳᠤᠷᠠᠯ ᠤᠨ ᠠᠩᠬᠠᠷᠤᠯ ᠢ ᠬᠦᠯᠢᠴᠡᠩᠭᠦᠢ ᠠᠰᠠᠭᠤᠨ ᠯᠠᠪᠯᠠᠪᠠ; ᠬᠢᠯᠢ ᠬᠢᠵᠠᠭᠠᠷ᠋ ᠤᠨ ᠬᠠᠷᠠᠭᠤᠯ ᠤᠨ ᠭᠠᠵᠠᠷ᠋᠂ ᠴᠡᠷᠢᠭ ᠤᠨ ᠬᠤᠸᠠᠷᠠᠨ᠂ ᠴᠡᠷᠢᠭ ᠤᠨ ᠰᠤᠷᠢᠯᠳᠠ ᠵᠢᠨ ᠡᠮᠦᠨ᠎ᠠ ᠹᠷᠤᠨᠲ ᠵᠢᠡᠷ᠋ ᠭᠦᠨᠵᠡᠭᠡᠢᠢᠷᠡᠵᠦ᠂ ᠴᠡᠷᠢᠭ ᠢ ᠬᠦᠴᠦᠷᠭᠡᠭ᠍ᠵᠢᠬᠦᠯᠬᠦ ᠵᠠᠷᠯᠢᠭ ᠢ ᠪᠠᠭᠤᠯᠭᠠᠪᠠ ᠁ ᠠᠷᠠᠳ ᠲᠦᠮᠡᠨ ᠤ ᠭᠠᠯ ᠬᠠᠯᠠᠭᠤᠨ ᠦᠢᠯᠡᠳᠦᠯᠭᠡ ᠲᠤᠮᠳᠠ ᠡᠴᠨ ᠲᠦᠷᠦ ᠵᠢ ᠵᠠᠰᠠᠵᠤ ᠵᠠᠰᠠᠭ ᠢ ᠡᠷᠬᠢᠯᠡᠬᠦ ᠤᠶᠤᠨ ᠤᠬᠠᠭᠠᠨ ᠪᠠ ᠠᠷᠭ᠎ᠠ ᠲᠤᠷᠰᠢᠯᠭ᠎ᠠ ᠵᠢ ᠰᠢᠩᠭᠡᠭᠡᠵᠤ᠂ ᠪᠤᠷᠤᠬᠵᠢᠭᠤᠨ ᠲᠤᠳᠤᠨᠤ ᠦᠭᠡ ᠬᠡᠯᠡᠯᠭᠡ ᠪᠠᠷ᠋ ᠦᠵᠡᠯᠳᠡ ᠪᠠ ᠤᠨᠤᠯ ᠢ ᠲᠠᠢᠢᠯᠪᠤᠷᠢᠯᠠᠨ᠂ ᠲᠦᠮᠡᠨ ᠤ ᠰᠡᠳᠬᠢᠯ ᠨᠢᠭᠡᠳᠦᠭᠰᠡᠨ ᠰᠠᠢᠢᠨ ᠰᠠᠢᠢᠬᠠᠨ ᠬᠦᠰᠡᠯ ᠮᠦᠷᠦᠭᠡᠳᠦᠯ ᠤᠨ ᠲᠤᠮᠳᠠ ᠢᠷᠡᠭᠡᠳᠦᠢ ᠵᠢ ᠨᠡᠭᠡᠭᠡᠭᠦ ᠢᠳᠡᠭᠡᠯ ᠵᠤᠷᠢᠭ ᠢ ᠨᠢᠬᠲᠠᠷᠠᠭᠤᠯᠤᠨ᠎ᠠ᠃

    ᠭᠤᠸᠠᠡᠭᠵᠸᠦ ᠵᠢᠨ ᠫᠠᠨᠵᠸᠦ ᠢᠨᠲ᠋ᠸᠷ᠋ ᠰᠦᠯᠵᠢᠶ ᠠ ᠵᠢᠨ ᠰᠢᠨ᠎ᠠ ᠵᠢ ᠡᠭᠦᠳᠭᠦ ᠲᠦᠪᠯᠡᠷᠡᠯ ᠤᠨ ᠤᠷᠤᠨ ᠳᠤ᠂ ᠵᠠᠬ᠎ᠠ ᠲᠡᠯᠭᠡᠭᠦᠷ᠋ ᠤᠨ ᠦᠷᠳᠡᠭ ᠨᠢ 3 ᠲᠦᠮᠡᠨ ᠳ᠋ᠦᠩᠰᠢᠭᠤᠷ ᠲᠦᠬᠦᠷᠢᠭ᠌ ᠢ ᠲᠠᠪᠠᠬᠰᠠᠨ ᠢᠨᠲ᠋ᠸᠷ᠋ ᠰᠦᠯᠵᠢᠶ ᠠ ᠵᠢᠨ ᠳᠠᠭᠠᠭᠤᠯᠤᠭᠴᠢ ᠠᠵᠤ ᠠᠬᠤᠢᠢᠯᠠᠯ ᠨᠤᠳᠤᠬᠰᠢᠵᠤ᠂ ᠬᠠᠮᠳᠤᠪᠠᠷ᠋ ᠪᠦᠬᠦ ᠲᠡᠯᠡᠭᠡᠢ ᠵᠢᠨ ᠢᠨᠲ᠋ᠸᠷ᠋ ᠰᠦᠯᠵᠢᠶ ᠠ ᠵᠢᠨ ᠠᠵᠤ ᠦᠢᠯᠡᠰ ᠤᠨ ᠰᠢᠨ᠎ᠠ ᠵᠢ ᠡᠭᠦᠳᠦᠨ ᠦᠢᠯᠡᠰ ᠪᠤᠰᠬᠠᠬᠤ ᠤᠷᠢᠳᠠᠪᠠᠷ᠋ ᠰᠤᠡᠭᠭᠤᠬᠤ ᠤᠷᠤᠨ ᠪᠤᠯᠭᠠᠨ ᠴᠤᠬᠴᠠᠯᠠᠨ᠎ᠠ᠃

    ᠶᠦᠨᠨᠠᠨ ᠤ ᠷᠦᠢᠯᠢ ᠤᠯᠤᠰ ᠤᠨ ᠨᠡᠭᠡᠭᠡᠯᠳᠠ ᠶᠢᠨ ᠲᠤᠷᠰᠢᠯᠳᠠ ᠶᠢᠨ ᠤᠷᠤᠨ ᠳᠤ᠂ ᠵᠠᠰᠠᠮᠠᠯ ᠵᠠᠮ᠂ ᠲᠡᠮᠤᠷ᠋ ᠵᠠᠮ ᠪᠤᠯᠤᠨ《ᠠᠭᠠᠷ᠋ ᠲᠡᠭᠡᠷᠡᠬᠢ ᠬᠤᠩᠬᠢᠯ》 ᠤ᠋ᠨ ᠪᠦᠳᠦᠭᠡᠨ ᠪᠠᠢᠢᠭᠤᠯᠤᠯᠳᠠ ᠨᠢ ᠢᠳᠡ ᠬᠦᠭ᠌ ᠲᠠᠢ ᠶ᠍ᠠᠪᠤᠭᠳᠠᠵᠦ᠂ ᠡᠨᠡᠬᠦ《ᠡᠮᠦᠨᠡᠳᠦ ᠠᠽᠢᠶ᠎ᠠ ᠵᠡᠬᠦᠨ ᠡᠮᠦᠨᠡᠳᠦ ᠠᠽᠢᠶ᠎ᠠ ᠳᠤ ᠬᠠᠨᠳᠤᠭᠤᠯᠤᠬᠰᠠᠨ ᠬᠦᠢᠰᠦ ᠤᠷᠤᠨ》 ᠨᠢ ᠶ᠍ᠠᠭ ᠰᠠᠶ᠋ᠢᠬᠠᠨ《ᠨᠢᠭᠡ ᠪᠦᠰᠡ ᠨᠢᠭᠡ ᠵᠠᠮ》 ᠤᠨ ᠪᠦᠳᠦᠭᠡᠨ ᠪᠠᠢᠢᠭᠤᠯᠤᠯᠳᠠ ᠲᠤᠮᠳᠠ ᠲᠤᠮᠳᠠᠳᠤ ᠤᠯᠤᠰ ᠤᠨ ᠪᠠᠷᠠᠭᠤᠨ ᠤᠷᠤᠨ ᠢ ᠨᠡᠭᠡᠭᠡᠨ ᠭᠦᠭ᠍ᠵᠢᠬᠦᠯᠬᠦ ᠡᠮᠦᠨ᠎ᠠ ᠹᠷᠤᠨᠲ ᠤᠨ ᠤᠷᠤᠨ ᠪᠦᠰᠡ ᠪᠤᠯᠪᠠ ᠁

    ᠲᠦᠪ ᠤᠨ ᠨᠠᠮ ᠤᠨ ᠰᠤᠷᠭᠠᠭᠤᠯᠢ ᠵᠢᠨ ᠨᠠᠮ ᠤᠨ ᠬᠤᠷᠢᠶ᠎ᠠ ᠵᠢᠨ ᠬᠡᠰᠢᠬᠦᠨ᠂ ᠰᠤᠷᠭᠠᠨ ᠬᠦᠮᠦᠵᠢᠯ ᠤᠨ ᠲᠡᠳ᠋ ᠲᠠᠷᠤᠭ᠎ᠠ ᠬᠠᠨ ᠴᠢᠡᠭ ᠰᠢᠶᠠᠡᠭ᠄《ᠰᠢ ᠵᠢᠨ ᠫᠢᠡᠭ ᠤᠨ ᠰᠢᠨ᠎ᠠ ᠴᠠᠭ ᠦᠶ᠎ᠠ ᠵᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠨᠢ ᠴᠠᠭ ᠦᠶ᠎ᠠ ᠵᠢᠨ ᠠᠰᠠᠭᠤᠳᠠᠯ ᠤᠨ ᠲᠤᠭᠤᠷᠢᠨ ᠳᠤ᠂ ᠤᠳᠤ ᠦᠶ᠎ᠠ ᠵᠢᠨ ᠪᠤᠳᠠᠳᠤ ᠦᠢᠯᠡᠳᠦᠯᠭᠡ ᠳᠤ ᠲᠦᠪᠯᠡᠷᠡᠭᠰᠡᠨ ᠤᠨᠤᠯ ᠤᠨ ᠰᠢᠰᠲ᠋ᠸᠮ ᠢ ᠪᠦᠷᠢᠯᠳᠦᠬᠦᠯᠵᠡᠢ᠂ ᠡᠨᠡ ᠪᠤᠯ ᠦᠭᠡᠷᠡᠴᠢᠯᠡᠯᠳᠠ ᠨᠡᠭᠡᠭᠡᠯᠳᠡ ᠬᠢᠭ᠍ᠰᠡᠨ ᠡᠴᠨ ᠨᠠᠰᠢᠬᠢ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶ᠍ᠡᠬᠡ ᠦᠢᠯᠡᠳᠦᠯᠭᠡ ᠵᠢᠨ ᠰᠢᠰᠲ᠋ᠸᠮ ᠲᠠᠢ ᠳ᠋ᠦᠩᠨᠡᠯᠲᠡ ᠪᠠᠢᠢᠵᠤ᠂ ᠨᠠᠮ ᠪᠠ ᠠᠷᠠᠳ ᠲᠦᠮᠡᠨ ᠤ ᠦᠢᠯᠡᠳᠦᠯᠭᠡ ᠲᠤᠷᠰᠢᠯᠭ᠎ᠠ ᠪᠤᠯᠤᠨ ᠬᠠᠮᠳᠤ ᠵᠢᠨ ᠤᠶᠤᠨ ᠤᠬᠠᠭᠠᠨ ᠤ ᠲᠠᠯᠠᠰᠲᠤ ᠪᠠᠢᠢᠵᠤ᠂ ᠬᠤᠷᠢᠨ ᠨᠢᠭᠡᠳᠦᠭᠡᠷ᠋ ᠵᠠᠭᠤᠨ ᠤ ᠮᠠᠷᠺᠰ ᠤᠨ ᠦᠵᠡᠯ ᠢ ᠭᠦᠭ᠍ᠵᠢᠬᠦᠯᠬᠦ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠪᠡ》ᠭᠡᠵᠤ ᠶᠠᠷᠢᠨ᠎ᠠ᠃

ᠳᠤᠮᠳᠠᠳᠤ ᠶᠢᠨ ᠦᠨᠳᠦᠰᠦᠲᠡᠨ ᠤ ᠠᠭᠤᠤ ᠶᠡᠬᠡ ᠰᠡᠷᠬᠦᠨ ᠮᠠᠨᠳᠤᠯᠳᠠ ᠵᠢ ᠪᠠᠶᠠᠯᠠᠬᠦᠯᠬᠦ ᠦᠢᠯᠡ ᠠᠵᠢᠯᠯᠠᠭ᠎ᠠ ᠵᠢᠨ ᠵᠦᠭᠯᠡᠭᠦᠷ - ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠲᠤᠯᠭ᠎ᠠ ᠵᠢ ᠪᠦᠬᠦ ᠳᠠᠯ᠎ᠠ ᠪᠠᠷ ᠳᠤᠤᠱᠯᠠᠭᠤᠯᠵᠦ᠂ ᠴᠢᠨᠡᠭᠡᠯᠢᠭ᠌ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠵᠦ᠂ ᠰᠢᠨ᠎ᠠ ᠴᠠᠬ ᠦᠶ᠎ᠠ ᠵᠢᠨ ᠳᠤᠮᠳᠠᠳᠤ ᠤᠯᠤᠰ ᠤᠨ ᠤᠨᠴᠠᠯᠢᠬ ᠳᠠᠢ ᠨᠡᠢᠢᠭᠡᠮ ᠵᠢᠷᠤᠮ ᠤᠨ ᠠᠭᠤᠤ ᠶᠡᠬᠡ ᠢᠯᠠᠯᠳᠠ ᠵᠢ ᠳᠡᠮᠡᠴᠡᠨ ᠤᠯᠰᠤᠭᠠᠢ

    ᠤᠷᠢᠯᠭ᠎ᠠ ᠪᠠᠷ᠋ ᠠᠩᠬ᠎ᠠ ᠤᠳᠠᠭ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶ᠍ᠢᠰᠦᠳᠦᠬᠡᠷ᠋ ᠶ᠍ᠡᠬᠡ ᠬᠤᠷᠠᠯ ᠤᠨ ᠢᠯᠡᠳᠬᠡᠯ ᠢ ᠬᠠᠷᠭᠤᠭᠤᠯᠬᠤ᠂ ᠵᠠᠰᠠᠬᠤ ᠠᠵᠢᠯ ᠳ᠋ᠤ ᠤᠷᠤᠯᠴᠠᠬᠰᠠᠨ ᠭᠠᠳᠠᠭᠠᠳᠤ ᠵᠢᠨ ᠳᠤᠰᠬᠠᠢ ᠮᠡᠷᠬᠡᠵᠢᠯᠳᠡᠨ᠂ 60 ᠨᠠᠰᠤᠳᠠᠢ ᠠᠷᠠᠪ ᠬᠡᠯᠡᠨ ᠤ ᠳᠤᠰᠬᠠᠢ ᠮᠡᠷᠬᠡᠵᠢᠯᠳᠡᠨ ᠶ᠍ᠸ ᠬᠠᠢ ᠶ᠍ᠠ《ᠰᠢᠨ᠎ᠠ ᠴᠠᠬ ᠦᠶ᠎ᠡ》 ᠬᠡᠰᠡᠨ ᠡᠨᠡᠬᠦ ᠳᠤᠷᠠᠳᠤᠯᠭ᠎ᠠ ᠳ᠋ᠤ ᠬᠦᠨ ᠰᠠᠭᠤᠬᠳᠠᠯ ᠳᠠᠢ ᠪᠠᠢᠢᠨ᠎ᠠ᠃ 《ᠡᠨᠡ ᠪᠤᠯ ᠳᠤᠮᠳᠠᠳᠤ ᠤᠯᠤᠰ ᠤᠨ ᠰᠢᠨ᠎ᠠ ᠳᠡᠤᠬᠡᠨ ᠪᠠᠢᠢᠷᠢ ᠳᠤᠬᠳᠠᠭᠠᠯᠳᠠ ᠪᠤᠯᠤᠨ᠎ᠠ᠂ ᠡᠨᠡ ᠨᠢ ᠳᠤᠮᠳᠠᠳᠤ ᠤᠯᠤᠰ ᠤᠨ ᠨᠡᠩ ᠳᠦᠷᠬᠡᠨ ᠵᠢᠡᠷ᠋ ᠪᠦᠬᠦ ᠳᠠᠯ᠎ᠠ ᠵᠢᠨ ᠤᠳᠤᠬᠢᠴᠢᠯᠠᠯᠳᠠ ᠵᠢ ᠪᠡᠶᠡᠯᠡᠬᠦᠯᠬᠦ ᠵᠢ ᠠᠬᠢᠭᠤᠯᠬᠤ ᠶᠢᠨ ᠬᠠᠮᠳᠤ᠂ ᠪᠠᠰᠠ ᠳᠡᠯᠡᠬᠡᠢ ᠵᠢᠨ ᠳᠦᠷᠬᠡᠨ ᠢᠶᠡᠷ ᠬᠦᠭ᠍ᠵᠢᠬᠦ ᠶᠢ ᠬᠦᠰᠡᠵᠦ ᠪᠠᠢᠢᠭ᠎ᠠ ᠪᠤᠰᠤᠳ ᠤᠯᠤᠰ ᠳᠦ ᠴᠤ ᠳᠤᠮᠳᠠᠳᠤ ᠤᠯᠤᠰ ᠤᠨ ᠤᠶᠤᠨ ᠤᠬᠠᠭᠠᠨ ᠢ ᠬᠠᠩᠭ᠋ᠠᠬᠤ ᠪᠤᠯᠤᠨ᠎ᠠ》ᠭᠡᠪᠡ᠃

    ᠰᠢᠨ᠎ᠡ ᠲᠡᠤᠬᠡᠨ ᠤᠷᠤᠨ ᠪᠠᠶᠢᠷᠢ ᠪᠤᠯ ᠰᠢᠨ᠎ᠡ ᠲᠡᠤᠬᠡ ᠶᠢᠨ ᠰᠢᠯᠭᠠᠯᠲᠠ ᠮᠦᠨ᠃

    ᠨᠠᠮ ᠤᠨ ᠠᠷᠪᠠ ᠶ᠍ᠢᠰᠦᠳᠦᠬᠡᠷ᠋ ᠶ᠍ᠡᠬᠡ ᠬᠤᠷᠠᠯ ᠤᠨ ᠢᠯᠡᠳᠬᠡᠯ ᠳ᠋ᠤ᠂ ᠮᠠᠨ ᠤ ᠤᠯᠤᠰ ᠤᠨ ᠨᠡᠢᠢᠭᠡᠮ ᠤᠨ ᠵᠦᠷᠢᠴᠡᠯ ᠨᠢᠬᠡᠨᠳᠡ ᠤᠯᠠᠷᠢᠵᠦ ᠬᠤᠪᠢᠷᠠᠭᠠᠳ ᠠᠷᠠᠳ ᠳᠦᠮᠡᠨ ᠤ ᠡᠳᠦᠷ᠋ ᠢᠷᠡᠬᠦᠶ᠎ᠠ ᠨᠡᠮᠡᠭᠳᠡᠵᠦ ᠪᠠᠢᠢᠭ᠎ᠠ ᠰᠠᠢᠢᠨ ᠰᠠᠢᠢᠬᠠᠨ ᠠᠮᠢᠳᠤᠷᠠᠯ ᠤᠨ ᠬᠡᠷᠡᠭᠴᠡᠬᠡ ᠱᠠᠭᠠᠷᠳᠠᠯᠭ᠎ᠠ ᠪᠤᠯᠤᠨ ᠳᠡᠩᠴᠡᠬᠦᠷᠢ ᠦᠬᠡᠢ ᠬᠦᠢᠴᠡᠳ ᠦᠬᠡᠢ ᠬᠦᠭ᠍ᠵᠢᠯᠳᠡ ᠵᠢᠨ ᠬᠤᠭᠤᠷᠤᠨᠳᠤᠬᠢ ᠵᠦᠷᠢᠴᠡᠯ ᠪᠤᠯᠵᠠᠢ ᠬᠡᠵᠦ ᠬᠦᠨᠵᠡᠬᠡᠢ ᠵᠢᠭᠠᠵᠦ ᠭᠠᠷᠭᠠᠪᠠ᠃

    《ᠬᠤᠪᠢᠷᠠᠬᠰᠠᠨ ᠨᠢ〈ᠭᠤᠤᠯ ᠵᠦᠷᠢᠴᠡᠯ〉᠂ ᠬᠤᠪᠢᠷᠠᠬᠰᠠᠨ ᠦᠬᠡᠢ ᠨᠢ ᠨᠡᠢᠢᠭᠡᠮ ᠵᠢᠷᠤᠮ ᠤᠨ ᠠᠩᠬᠠᠨ ᠤ ᠱᠠᠳᠤ ᠦᠶ᠎ᠠ ᠪᠠᠢᠢᠵᠤ᠂ ᠮᠦᠨ ᠬᠦ ᠪᠢᠳᠡᠨ ᠤ〈ᠬᠠᠮᠤᠬ ᠤᠨ ᠶ᠍ᠡᠬᠡ ᠦᠨᠡᠨ ᠪᠤᠳᠠᠳᠠᠢ〉ᠪᠦᠬᠡᠳ 〈ᠬᠠᠮᠤᠬ ᠤᠨ ᠶ᠍ᠡᠬᠡ ᠤᠯᠤᠰ ᠤᠨ ᠪᠠᠢᠢᠳᠠᠯ〉ᠪᠤᠯᠵᠦ ᠪᠤᠢ》ᠬᠡᠵᠦ ᠴᠢᠩᠬᠤᠸᠠ ᠶ᠍ᠡᠬᠡ ᠰᠤᠷᠭᠠᠭᠤᠯᠢ ᠵᠢᠨ ᠤᠯᠤᠰ ᠤᠨ ᠪᠠᠢᠢᠳᠠᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠤ ᠠᠨ ᠭᠠᠩ ᠵᠢᠭᠠᠵᠦ ᠭᠠᠷᠭᠠᠬᠰᠠᠨ ᠤ ᠬᠠᠮᠳᠤ᠂ ᠳᠤᠮᠳᠠᠳᠤ ᠤᠯᠤᠰ ᠤᠨ ᠤᠨᠴᠠᠯᠢᠬ ᠳᠠᠢ ᠨᠡᠢᠢᠭᠡᠮ ᠵᠢᠷᠤᠮ ᠰᠢᠨ᠎ᠠ ᠴᠠᠬ ᠦᠶ᠎ᠠ ᠳ᠋ᠤ ᠤᠷᠤᠬᠰᠠᠨ ᠤ ᠳᠠᠷᠠᠭ᠎ᠠ᠂ ᠡᠳᠡᠬᠡᠷ᠋《ᠬᠤᠪᠢᠷᠠᠬᠰᠠᠨ》ᠪᠠ《ᠬᠤᠪᠢᠷᠠᠬᠰᠠᠨ ᠦᠬᠡᠢ》 ᠨᠢ ᠨᠠᠮ ᠤᠨ ᠳᠦᠷᠦ ᠪᠠᠷᠢᠬᠤ ᠴᠢᠳᠠᠪᠤᠷᠢ ᠪᠤᠯᠤᠨ ᠳᠦᠷᠦ ᠶᠢ ᠵᠠᠰᠠᠵᠦ ᠵᠠᠰᠠᠬ ᠢ ᠡᠷᠬᠢᠯᠡᠬᠦ ᠳᠦᠪᠰᠢᠨ ᠢ ᠴᠢᠨᠠᠬᠰᠢᠳᠠ ᠰᠢᠯᠭᠠᠬᠤ ᠪᠤᠯᠤᠨ᠎ᠠ ᠬᠡᠵᠦ ᠬᠡᠯᠡᠯ᠎ᠠ᠃

    ᠠᠵᠦ ᠠᠬᠤᠢ ᠵᠢᠨ ᠶ᠍ᠡᠷᠦᠩᠬᠡᠢ ᠬᠡᠮᠵᠢᠶᠡᠨ ᠤ《ᠪᠤᠭᠤᠷᠰᠤᠬ》 ᠢ ᠳᠤᠮᠤ ᠬᠢᠬᠦ ᠳ᠋ᠦ᠂ ᠬᠦᠮᠦᠨ ᠠᠮᠠ ᠵᠢᠨ ᠰᠠᠭᠤᠷᠢ ᠳᠤᠭ᠎ᠠ ᠶ᠍ᠡᠬᠡ ᠪᠠᠢᠢᠭ᠎ᠠ᠂ ᠬᠦᠮᠦᠨ ᠳᠤᠮᠳᠠᠴᠢ ᠵᠢᠨ ᠡᠬᠢ ᠪᠠᠶᠠᠯᠢᠬ ᠤᠨ ᠡᠵᠡᠯᠡᠬᠦ ᠬᠡᠮᠵᠢᠶ᠎ᠠ ᠪᠠᠭ᠎ᠠ ᠪᠠᠢᠢᠭ᠎ᠠ ᠵᠦᠷᠢᠴᠡᠯ ᠮᠦᠨ ᠬᠦ ᠳᠤᠪᠤᠢᠢᠮ᠎ᠠ ᠤᠷᠤᠰᠢᠵᠦ ᠪᠠᠢᠢᠨ᠎ᠠ᠄ ᠪᠤᠬᠢᠷᠳᠤᠯ ᠦᠬᠡᠢ ᠬᠦᠭ᠍ᠵᠢᠯᠳᠡ ᠬᠡᠪ ᠤᠨ ᠪᠠᠢᠢᠳᠠᠯ ᠳ᠋ᠤ ᠤᠷᠤᠵᠦ᠂ ᠠᠮᠢ ᠠᠬᠤᠢ ᠵᠢᠨ ᠰᠠᠭᠤᠷᠢ ᠨᠢᠮᠬᠡᠨ᠂ ᠤᠷᠴᠢᠨ ᠳᠤᠭᠤᠷᠢᠨ ᠤ ᠶ᠍ᠠᠰᠤ ᠴᠢᠨᠠᠷ᠋ ᠬᠦᠯᠢᠶᠡᠰᠦᠯᠡᠭᠳᠡᠵᠦ ᠪᠠᠢᠢᠭ᠎ᠠ ᠳᠤᠳᠠᠭᠤᠳᠠᠯ ᠮᠦᠨ ᠭᠦ ᠢᠯᠡ ᠮᠡᠳᠡᠭᠳᠡᠮ᠎ᠠ ᠤᠷᠤᠰᠢᠵᠦ ᠪᠠᠢᠢᠨ᠎ᠠ; ᠭᠠᠵᠠᠷ᠋ ᠤᠷᠤᠨ ᠤ ᠬᠦᠭ᠍ᠵᠢᠯᠳᠡ ᠶᠢᠨ ᠵᠦᠷᠢᠶ᠎ᠠ᠂ ᠬᠤᠳᠠ ᠬᠦᠳᠡᠬᠡ ᠶᠢᠨ ᠤᠷᠤᠯᠭ᠎ᠠ ᠶᠢᠨ ᠵᠦᠷᠢᠶ᠎ᠠ ᠡᠦᠷᠬᠦᠯᠵᠢᠯᠡᠨ ᠪᠠᠭᠠᠰᠤᠬᠰᠠᠨ ᠤ ᠳᠠᠷᠠᠭ᠎ᠠ᠂ ᠶ᠍ᠠᠳᠠᠭᠤ ᠬᠦᠴᠢᠷᠳᠡᠯᠳᠠᠢ ᠬᠦᠮᠦᠨ ᠠᠮᠠ ᠬᠢᠬᠡᠳ ᠨᠠᠭᠠᠳᠤ ᠵᠠᠬ᠎ᠠ ᠵᠢᠨ ᠠᠮᠢᠲᠤᠷᠠᠯ ᠤᠨ ᠪᠠᠳᠤᠯᠠᠪᠤᠷᠢ ᠬᠦᠷᠳᠡᠵᠤ ᠪᠠᠢᠢᠭ᠎ᠠ ᠬᠦᠮᠦᠰ ᠳᠦ ᠤᠯᠭᠤᠬᠤ ᠤᠯᠠᠨ ᠨᠡᠢᠢᠳᠡ ᠵᠢᠨ ᠦᠢᠯᠡᠴᠢᠯᠡᠬᠡ ᠮᠦᠨ ᠬᠦ ᠬᠦᠷᠦᠯᠴᠡᠬᠦ ᠦᠬᠡᠢ ᠪᠠᠢᠢᠨ᠎ᠠ ᠁

    ᠳᠤᠮᠳᠠᠳᠤ ᠤᠯᠤᠰ ᠤᠨ ᠡᠪ ᠬᠠᠮᠳᠤ ᠨᠠᠮ ᠤᠨ ᠠᠶᠠᠯᠠᠯ ᠵᠢᠯᠤᠭᠤᠳᠤᠬᠰᠠᠨ《ᠳᠤᠮᠳᠠᠳᠤ ᠤᠯᠤᠰ ᠨᠡᠷᠡᠮᠵᠢᠳᠦ》 ᠶ᠋ᠢᠨ ᠡᠮᠤᠨ᠎ᠠ ᠦᠷᠬᠡᠨ ᠠᠭᠤᠳᠠᠮ ᠲᠠᠯᠠᠢ ᠶᠢᠨ ᠴᠠᠷᠠᠭ᠎ᠠ ᠪᠠᠢᠢᠨ᠎ᠠ ᠬᠡᠬᠦ ᠳ᠋ᠦ᠂ ᠪᠠᠰᠠ ᠳᠤᠬᠰᠢᠨ ᠤᠷᠤᠰᠬᠠᠯ ᠪᠠᠷᠳᠠᠭᠠᠳᠤ ᠭᠠᠵᠠᠷ᠋ ᠴᠤ ᠪᠠᠢᠢᠬᠤ ᠶ᠍ᠤᠮ; ᠭᠤᠤᠯ ᠮᠦᠷᠡᠨ ᠳᠠᠯᠠᠢ ᠳᠠᠩᠬᠢᠰ ᠲᠤ ᠴᠢᠳᠬᠤᠯᠠᠨ ᠤᠷᠤᠨ᠎ᠠ ᠬᠡᠬᠦ ᠳ᠋ᠦ᠂ ᠪᠠᠰᠠ ᠪᠠᠷᠠᠭᠠᠨ ᠡᠬᠦᠯᠡ ᠨᠡᠲᠦᠶᠢᠨ ᠡᠪᠬᠡᠷᠡᠯᠳᠦᠬᠦ ᠪᠠᠢᠢᠳᠠᠯ ᠴᠤ ᠭᠠᠷᠬᠤ ᠶ᠍ᠤᠮ᠃

    ᠰᠢ ᠵᠢᠨ ᠫᠢᠩ  ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ ᠤᠨ ᠤᠨᠴᠠᠯᠢᠬ ᠳᠠᠢ ᠨᠡᠢᠢᠭᠡᠮ ᠵᠢᠷᠤᠮ ᠤᠨ ᠦᠵᠡᠯ ᠰᠠᠨᠠᠭ᠎ᠠ ᠨᠢ ᠨᠠᠮ ᠪᠠ ᠠᠷᠠᠳ ᠲᠦᠮᠡᠨ ᠳᠤ ᠰᠢᠨ᠎ᠠ ᠳᠡᠤᠬᠡᠨ ᠱᠠᠳᠤ ᠦᠶ᠎ᠡ ᠶᠢᠨ ᠦᠵᠡᠯ ᠰᠠᠨᠠᠭ᠎ᠠ ᠨᠢ ᠨᠠᠮ ᠠᠷᠠᠳ ᠲᠦᠮᠡᠨ ᠳᠤ ᠰᠢᠨ᠎ᠠ ᠲᠡᠤᠬᠡᠨ ᠱᠠᠲᠤ ᠦᠶ᠎ᠠ ᠶᠢᠨ ᠦᠵᠡᠯ ᠰᠠᠨᠠᠭᠠᠨ ᠤ ᠵᠡᠪᠰᠡᠭ ᠪᠤᠯᠤᠨ ᠠᠵᠢᠯᠯᠠᠭᠠᠨ ᠤ ᠵᠦᠭᠯᠡᠭᠦᠷ ᠤᠯᠭᠤᠵᠠᠢ᠃

    《ᠭᠠᠬᠴᠠᠬᠦ ᠰᠢᠨ᠎ᠠ ᠵᠢ ᠡᠬᠦᠳᠬᠦ ᠤᠨᠤᠯ ᠪᠠᠢᠢᠮᠠᠨᠵᠢᠨ ᠰᠠᠶ᠊ᠢ ᠨᠠᠮ ᠤᠨ ᠡᠬᠦᠳᠦᠨ ᠪᠦᠳᠦᠬᠡᠬᠦ ᠴᠢᠳᠠᠪᠤᠷᠢ ᠶᠢ ᠪᠠᠳᠠᠷᠠᠭᠤᠯᠵᠦ ᠴᠢᠳᠠᠨ᠎ᠠ᠂ ᠬᠠᠭᠤᠴᠢᠨ ᠢᠶᠡᠨ ᠦᠬᠦᠨ ᠪᠠᠷᠢᠮᠳᠠᠯᠠᠭᠠᠳ ᠬᠦᠯ ᠢᠶᠡᠨ ᠳᠤᠱᠠᠬᠤ ᠦᠬᠡᠢ ᠪᠠᠢᠢᠵᠦ ᠴᠢᠳᠠᠨ᠎ᠠ᠂ ᠮᠦᠨᠴᠤ ᠴᠢᠭᠯᠡᠯ ᠵᠢᠡᠨ ᠠᠯᠳᠠᠵᠦ ᠳᠦᠬᠡᠷᠢᠬᠡᠳ ᠪᠤᠷᠤᠭᠤ ᠵᠠᠮ ᠵᠢᠡᠷ᠋ ᠵᠠᠮᠨᠠᠬᠤ ᠦᠬᠡᠢ ᠪᠠᠢᠢᠵᠦ ᠴᠢᠳᠠᠨ᠎ᠠ》ᠬᠡᠵᠦ ᠳᠤᠮᠳᠠᠳᠤ ᠤᠯᠤᠰ ᠤᠨ ᠠᠷᠠᠳ ᠤᠨ ᠶ᠍ᠡᠬᠡ ᠰᠤᠷᠭᠠᠭᠤᠯᠢ ᠶᠢᠨ ᠫᠷᠦᠹᠸᠰᠰᠤᠷ᠋ ᠴᠸᠠ ᠰᠢᠶᠠᠨ ᠳ᠋ᠠ ᠬᠡᠯᠡᠯ᠎ᠠ᠃

    ᠰᠢᠨ᠎ᠠ ᠲᠡᠤᠬᠡᠨ ᠤᠷᠤᠨ ᠪᠠᠶᠢᠷᠢ ᠰᠢᠨ᠎ᠠ ᠬᠦᠭ᠍ᠵᠢᠯ ᠤᠨ ᠬᠠᠷᠠᠴᠠ

    ᠤᠳᠤ ᠦᠶ᠎ᠡ ᠶᠢᠨ ᠠᠵᠤ ᠠᠬᠤᠢ ᠵᠢᠨ ᠰᠢᠰᠲ᠋ᠸᠮ ᠢ ᠪᠦᠲᠦᠭᠡᠨ ᠪᠠᠢᠢᠭᠤᠯᠵᠤ᠂ ᠠᠷᠠᠳ ᠲᠦᠮᠡᠨ ᠡᠷᠬᠡ ᠮᠡᠳᠡᠨ ᠡᠵᠡᠨ ᠰᠠᠭᠤᠬᠤ ᠪᠠᠢᠢᠭᠤᠯᠤᠯ ᠤᠨ ᠰᠢᠰᠲ᠋ᠸᠮ ᠢ ᠪᠦᠷᠢᠨᠰᠢᠭᠦᠯᠵᠦ᠂ ᠨᠡᠢᠢᠭᠡᠮ ᠵᠢᠷᠤᠮ ᠤᠨ ᠰᠤᠶᠤᠯ ᠤᠨ ᠴᠡᠴᠡᠭᠯᠡᠯ ᠬᠦᠭ᠍ᠵᠢᠯ ᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠢᠢᠵᠢᠷᠠᠭᠤᠯᠬᠤ ᠲᠦᠪᠰᠢᠨ ᠢ ᠳᠡᠭᠡᠭ᠍ᠰᠢᠯᠡᠭᠦᠯᠵᠦ᠂ ᠦᠵᠡᠰᠬᠦᠯᠡᠩᠲᠤ ᠰᠠᠢᠢᠬᠠᠨ ᠳᠤᠮᠳᠠᠳᠤ ᠤᠯᠤᠰ ᠢ ᠪᠦᠲᠦᠭᠡᠨ ᠪᠠᠢᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠶᠢ ᠪᠠᠢᠢᠭᠤᠯᠤᠨ᠎ᠠ ᠁

    ᠨᠠᠮ ᠤᠨ ᠠᠷᠪᠠ ᠶ᠍ᠢᠰᠦᠳᠦᠭᠡᠷ᠋ ᠶ᠍ᠡᠬᠡ ᠬᠤᠷᠠᠯ ᠤᠨ ᠢᠯᠡᠳᠬᠡᠯ ᠳ᠋ᠤ ᠵᠢᠷᠤᠬᠯᠠᠬᠰᠠᠨ ᠨᠡᠢᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠬᠡᠭ᠌ ᠤᠯᠤᠰ ᠤᠨ ᠪᠦᠲᠦᠭᠡᠨ ᠪᠠᠢᠢᠭᠤᠯᠤᠯᠲᠠ ᠶᠢᠨ ᠠᠷᠭ᠎ᠠ ᠵᠠᠮ ᠳ᠋ᠡᠬᠢ《ᠪᠠᠶᠠᠨ ᠬᠦᠴᠦᠷᠬᠡᠭ᠌᠂ ᠠᠷᠠᠳᠴᠢᠯᠠᠬᠰᠠᠨ᠂ ᠪᠤᠯᠪᠠᠰᠤᠨ᠂ ᠡᠶ᠎ᠠ ᠵᠤᠬᠢᠴᠠᠩᠭ᠋ᠤᠢ》ᠬᠢᠭᠡᠳ《ᠦᠵᠡᠰᠬᠦᠯᠡᠩᠲᠤ ᠰᠠᠢᠢᠬᠠᠨ》ᠵᠡᠷᠭᠡ ᠦᠭᠡᠰ ᠨᠢ ᠤᠨᠴᠠ ᠢᠯᠡᠲᠡᠢ ᠬᠠᠷᠠᠬᠳᠠᠨ᠎ᠠ᠃

    《ᠨᠢᠭᠡᠳᠦᠭᠡᠷ᠋ ᠵᠠᠭᠤᠨ ᠵᠢᠯ ᠤᠨ ᠬᠠᠷᠠᠯᠲᠠ ᠪᠡᠶᠡᠯᠡᠭᠳᠡᠬᠦ ᠡᠳᠦᠷ᠋ ᠪᠤᠯ ᠳᠠᠷᠤᠢ ᠬᠤᠶᠠᠳᠤᠭᠠᠷ᠋ ᠵᠠᠭᠤᠨ ᠵᠢᠯ ᠤᠨ ᠬᠠᠷᠠᠯᠲᠠ ᠡᠬᠢᠯᠡᠬᠦ ᠴᠠᠬ ᠪᠤᠯᠤᠨ᠎ᠠ》᠃ ᠤᠯᠤᠰ ᠤᠨ ᠪᠠᠲᠤᠯᠠᠨ ᠬᠠᠮᠠᠭᠠᠯᠠᠯᠲᠠ ᠵᠢᠨ ᠶ᠍ᠡᠬᠡ ᠰᠤᠷᠭᠠᠭᠤᠯᠢ ᠵᠢᠨ ᠮᠠᠷᠺᠰ ᠤᠨ ᠦᠵᠡᠯ ᠢ ᠰᠤᠳᠤᠯᠬᠤ ᠭᠠᠵᠠᠷ᠋ ᠤᠨ ᠰᠤᠳᠤᠯᠤᠬᠴᠢ ᠶ᠍ᠠᠨ ᠰᠢᠶᠤᠤ ᠹᠸᠩ᠂ ᠡᠨᠡᠬᠦ ᠲᠡᠤᠬᠡᠨ ᠱᠠᠲᠤ ᠦᠶ᠎ᠠ ᠪᠤᠯ ᠨᠢᠭᠡᠳᠦᠭᠡᠷ᠋ ᠵᠠᠭᠤᠨ ᠵᠢᠯ ᠤᠨ ᠬᠠᠷᠠᠯᠲᠠ ᠵᠢᠨ ᠰᠢᠪᠲᠤᠯᠤᠯᠲᠠ ᠶᠢᠨ ᠱᠠᠲᠤ ᠦᠶ᠎ᠠ ᠪᠤᠯᠤᠨ ᠬᠤᠶᠠᠳᠤᠭᠠᠷ᠋ ᠵᠠᠭᠤᠨ ᠵᠢᠯ ᠤᠨ ᠬᠠᠷᠠᠯᠲᠠ ᠵᠢᠨ ᠡᠬᠢᠯᠡᠯᠲᠡ ᠵᠢᠨ ᠱᠠᠲᠤ ᠦᠶ᠎ᠠ ᠵᠢ ᠵᠤᠯᠭᠠᠭᠤᠯᠬᠤ ᠰᠢᠯᠵᠢᠯᠲᠠ ᠵᠢᠨ ᠬᠤᠭᠤᠴᠠᠭ᠎ᠠ ᠪᠤᠯᠤᠨ᠎ᠠ᠂ ᠨᠢᠭᠡᠲᠦᠭᠡᠷ᠋ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠦᠭᠡᠳ ᠬᠤᠶᠠᠳᠤᠭᠠᠷ᠋ ᠵᠠᠭᠤᠨ ᠵᠢᠯ ᠤᠨ ᠬᠠᠷᠠᠯᠲᠠ ᠶᠢ ᠡᠬᠢᠯᠡᠭᠦᠯᠬᠦ ᠬᠤᠤᠰ ᠡᠭᠦᠷᠬᠡ ᠶᠢᠨ ᠬᠤᠭᠤᠴᠠᠭ᠎ᠠ ᠪᠤᠯᠤᠨ᠎ᠠ᠂ ᠪᠠᠢᠢᠭᠤᠯᠤᠯ ᠨᠡᠩ ᠪᠤᠯᠪᠠᠰᠤᠷᠠᠩᠭ᠋ᠤᠢ ᠪᠤᠯᠵᠤ ᠬᠡᠯᠪᠡᠷᠢᠵᠢᠵᠦ᠂ ᠬᠦᠭ᠍ᠵᠢᠯᠲᠡ ᠨᠡᠩ ᠶ᠍ᠠᠰᠤ ᠴᠢᠨᠠᠷ᠋ ᠲᠠᠢ᠂ ᠵᠠᠰᠠᠯᠲᠠ ᠨᠡᠩ ᠦᠨᠳᠦᠷ᠋ ᠬᠢᠷᠢ ᠬᠡᠮᠵᠢᠶ᠎ᠠ ᠲᠠᠢ᠂ ᠠᠷᠠᠳ ᠲᠦᠮᠡᠨ ᠨᠡᠩ ᠢᠯᠡᠭᠦᠦ ᠬᠦᠷᠲᠡᠮᠵᠢ ᠵᠢᠨ ᠲᠦᠷᠦᠭᠳᠡᠯ ᠲᠠᠢ ᠪᠤᠯᠬᠤ ᠶᠢ ᠲᠡᠭᠡᠭ᠍ᠰᠢᠯᠡᠬᠦᠯᠬᠦ ᠬᠤᠭᠤᠴᠠᠭ᠎ᠠ ᠪᠤᠯᠤᠨ᠎ᠠ ᠭᠡᠪᠡ᠃

    ᠰᠢᠨ᠎ᠠ ᠲᠡᠤᠬᠡᠨ ᠤᠷᠤᠨ ᠪᠠᠶᠢᠷᠢ᠂ ᠰᠢᠨ᠎ᠠ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ᠃

    ᠠᠤᠭ᠎ᠠ ᠶ᠍ᠡᠬᠡ ᠵᠢᠷᠤᠬ ᠲᠦᠯᠦᠪᠯᠡᠭᠡ ᠳ᠋ᠤ ᠬᠤᠶᠠᠷ᠋ ᠠᠯᠬᠤᠮ ᠬᠤᠪᠢᠶᠠᠵᠤ᠂ ᠨᠡᠢᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠬᠡᠭ᠌ ᠤᠯᠤᠰ ᠢ ᠪᠦᠲᠦᠭᠡᠨ ᠪᠠᠢᠢᠭᠤᠯᠬᠤ ᠴᠠᠬ ᠤᠨ ᠬᠦᠰᠦᠨᠦᠭᠲᠤ ᠵᠢ ᠲᠤᠳᠤᠷᠬᠠᠢᠢᠯᠠᠪᠠ; ᠨᠢᠭᠡᠳᠦᠭᠡᠷ᠋ ᠱᠠᠲᠤ᠂ 2020 ᠤᠨ ᠡᠴᠡ2035 ᠤᠨ ᠬᠦᠷᠲᠡᠯ᠎ᠠ᠂ ᠨᠡᠢᠢᠭᠡᠮ ᠵᠢᠷᠤᠮ ᠤᠨ ᠤᠳᠤᠬᠢᠴᠢᠯᠠᠯᠲᠠ ᠵᠢ ᠦᠨᠳᠦᠰᠦᠨ ᠳ᠋ᠡᠭᠡᠨ ᠪᠡᠶᠡᠯᠡᠭᠦᠯᠦᠨ᠎ᠠ; ᠬᠤᠶᠠᠳᠤᠭᠠᠷ᠋ ᠱᠠᠲᠤ᠂ 2035 ᠤᠨ ᠡᠴᠡ ᠲᠤᠰ ᠵᠠᠭᠤᠨ ᠤ ᠳᠤᠮᠳᠠᠴᠢ ᠬᠦᠷᠲᠡᠯ᠎ᠠ᠂ ᠪᠠᠶᠠᠨ ᠬᠦᠴᠦᠷᠬᠡᠭ᠌ ᠠᠷᠠᠳᠴᠢᠯᠠᠬᠰᠠᠨ ᠪᠤᠯᠪᠠᠰᠤᠨ ᠡᠶ᠎ᠠ ᠵᠤᠬᠢᠴᠠᠩᠭ᠋ᠤᠢ ᠦᠵᠡᠰᠬᠦᠯᠡᠩᠲᠤ ᠰᠠᠢᠢᠬᠠᠨ ᠨᠡᠢᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠬᠡᠭ᠌ ᠤᠯᠤᠰ ᠢ ᠪᠦᠲᠦᠭᠡᠨ ᠪᠠᠢᠢᠭᠤᠯᠤᠨ᠎ᠠ᠃

    ᠡᠨᠡᠬᠦ ᠴᠠᠭ ᠮᠦᠴᠡ ᠨᠢ ᠶ᠍ᠠᠭ ᠳ᠋ᠸᠩ ᠰᠢᠶᠤᠤ ᠫᠢᠩ ᠤᠨ ᠨᠠᠮ ᠤᠨ ᠠᠷᠪᠠᠨ ᠭᠤᠷᠪᠠᠳᠤᠭᠠᠷ᠋ ᠶ᠍ᠡᠬᠡ ᠬᠤᠷᠠᠯ ᠳᠡᠭᠡᠷ᠎ᠠ ᠳᠤᠷᠠᠳᠤᠬᠰᠠᠨ ᠤᠳᠤᠬᠢᠴᠢᠯᠠᠯᠲᠠ ᠶᠢ ᠪᠡᠶᠡᠯᠡᠭᠦᠯᠬᠦ《ᠭᠤᠷᠪᠠᠨ ᠠᠯᠬᠤᠮ ᠢᠶᠡᠷ ᠶ᠍ᠠᠪᠤᠬᠤ》ᠪᠠᠢᠢᠯᠳᠤᠬᠤ ᠪᠤᠳᠤᠯᠭ᠎ᠠ ᠵᠢ ᠳᠤᠷᠠᠳᠤᠭᠰᠠᠠ ᠡᠴᠡ ᠨᠠᠰᠢ ᠶ᠍ᠠᠬ 30 ᠵᠢᠯ ᠤᠨ ᠲᠠᠷᠠᠭᠠᠬᠢ ᠴᠠᠭ ᠮᠦᠴᠡ ᠪᠠᠢᠢᠭ᠎ᠠ ᠪᠢᠯᠡ᠃ ᠦᠶ᠎ᠠ ᠦᠶ᠎ᠠ ᠵᠢᠨ ᠳᠤᠮᠳᠠᠳᠤ ᠤᠯᠤᠰ ᠤᠨ ᠡᠪ ᠬᠠᠮᠲᠤᠴᠤᠳ ᠤᠷᠢᠳᠤᠬᠢ ᠵᠢ ᠵᠠᠯᠭᠠᠮᠵᠢᠯᠠᠨ ᠬᠤᠢᠢᠳᠦᠬᠢ ᠵᠢ ᠰᠡᠩᠬᠡᠷᠡᠭᠦᠯᠵᠦ᠂ ᠵᠠᠯᠭ᠎ᠠ ᠵᠠᠯᠭᠠᠪᠠᠷ᠋ ᠪᠤᠤᠬᠢᠶ᠎ᠠ ᠲᠠᠮᠵᠢᠭᠤᠯᠤᠨ ᠳᠤᠮᠳᠠᠳᠤ ᠤᠯᠤᠰ ᠤᠨ ᠤᠳᠤᠬᠢᠴᠢᠯᠠᠯᠲᠠ ᠵᠢᠨ ᠲᠦᠯᠦᠭᠡ ᠲᠡᠮᠡᠴᠡᠯ᠎ᠠ᠃

    ᠨᠠᠮ ᠤᠨ ᠠᠷᠪᠠ ᠶ᠍ᠢᠰᠦᠳᠦᠭᠡᠷ᠋ ᠶ᠍ᠡᠬᠡ ᠬᠤᠷᠠᠯ ᠤᠨ ᠲᠦᠯᠦᠭᠡᠯᠡᠭᠴᠢ᠂ ᠨᠠᠨᠵᠢᠩ ᠶ᠍ᠡᠬᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠠᠩ ᠢ ᠪᠢᠨ᠄《30 ᠭᠠᠷᠤᠢ ᠵᠢᠯ ᠦᠭᠡᠷᠡᠴᠢᠯᠡᠯᠲᠠ ᠬᠢᠵᠦ ᠰᠢᠨ᠎ᠡ ᠶᠢ ᠡᠭᠦᠳᠬᠦ ᠪᠡᠷ᠋ ᠳᠠᠮᠵᠢᠨ᠂ ᠮᠠᠨ ᠤ ᠨᠠᠮ ᠤᠳᠤᠬᠢᠴᠢᠯᠠᠯᠲᠠ ᠵᠢ ᠦᠨᠳᠦᠰᠦᠨ ᠳ᠋ᠡᠭᠡᠨ ᠪᠡᠶᠡᠯᠡᠭᠦᠯᠬᠦ ᠬᠠᠷᠠᠯᠲᠠ ᠪᠡᠨ 15 ᠵᠢᠯ ᠤᠷᠢᠳᠴᠢᠯᠠᠭᠤᠯᠬᠤ ᠭᠦᠢᠴᠡᠳ ᠢᠳᠡ ᠬᠦᠴᠦᠨ ᠲᠠᠢ ᠪᠤᠯᠤᠭᠰᠠᠠ ᠪᠦᠭᠡᠳ 2050 ᠤᠨ ᠤ ᠰᠢᠨ᠎ᠠ ᠬᠠᠷᠠᠯᠲᠠ ᠵᠢ ᠢᠲᠡᠭᠡᠯ ᠲᠡᠭᠦᠯᠳᠡᠷ᠋ ᠵᠢᠨᠷ᠋ ᠳᠤᠷᠠᠳᠴᠠᠢ᠃ ᠡᠨᠡ ᠨᠢ ᠮᠠᠨ ᠤ ᠨᠠᠮ ᠤᠨ ᠦᠵᠡᠯ ᠰᠠᠨᠠᠭ᠎ᠠ᠂ ᠤᠨᠤᠯ᠂ ᠪᠠᠢᠢᠯᠳᠤᠬᠤ ᠪᠤᠳᠤᠯᠭ᠎ᠠ ᠪᠤᠯ ᠴᠠᠬ ᠡᠷᠡᠨ ᠤ ᠰᠢᠯᠭᠠᠯᠲᠠ ᠶᠢ ᠳᠠᠭᠠᠭᠠᠵᠤ᠂ ᠳᠤᠮᠳᠠᠳᠤ ᠤᠯᠤᠰ ᠤᠨ ᠤᠨᠴᠠᠯᠢᠬ ᠲᠡᠢ ᠨᠡᠢᠢᠭᠡᠮ ᠵᠢᠷᠤᠮ ᠤᠨ ᠪᠦᠲᠦᠭᠡᠨ ᠪᠠᠢᠢᠭᠤᠯᠤᠯᠲᠠ ᠶᠢᠨ ᠵᠢᠮ᠎ᠠ ᠬᠠᠤᠯᠢ ᠲᠠᠢ ᠨᠡᠢᠢᠴᠡᠵᠤ᠂ ᠤᠯᠤᠰ ᠪᠤᠯᠤᠨ ᠠᠷᠠᠳ ᠲᠦᠮᠡᠨ ᠳ᠋ᠤ ᠳᠡᠭᠡᠳᠦ ᠬᠡᠮᠵᠢᠶ᠎ᠠ ᠪᠡᠷ᠋ ᠬᠠᠷᠢᠭᠤᠴᠠᠵᠤ ᠪᠠᠢᠢᠬᠤ ᠵᠢ ᠭᠦᠢᠴᠡᠳ ᠲᠤᠳᠤᠷᠬᠠᠢᠢᠯᠠᠪᠠ》ᠭᠡᠪᠡ᠃

    ᠰᠢᠨ᠎ᠠ ᠲᠡᠤᠬᠡᠨ ᠪᠠᠶᠢᠷᠢ᠂ ᠰᠢᠨ᠎ᠠ ᠴᠠᠭ ᠦᠶ᠎ᠠ ᠶᠢᠨ ᠲᠡᠤᠬᠡᠲᠤ ᠡᠭᠦᠷᠭᠡ᠃

    ᠨᠠᠮ ᠤᠨ ᠠᠷᠪᠠᠨ ᠬᠤᠶᠠᠳᠤᠭᠠᠷ᠋ ᠶ᠍ᠡᠬᠡ ᠬᠤᠷᠠᠯ ᠳ᠋ᠤ《ᠳᠤᠮᠳᠠᠳᠤ ᠤᠯᠤᠰ ᠤᠨ ᠤᠨᠴᠠᠯᠢᠬ ᠲᠡᠢ ᠨᠡᠢᠢᠭᠡᠮ ᠵᠢᠷᠤᠮ ᠢ ᠪᠦᠲᠦᠭᠡᠨ ᠪᠠᠢᠢᠭᠤᠯᠬᠤ》 ᠶᠢ ᠳᠤᠷᠠᠳᠤᠬᠰᠠᠨ ᠡᠴᠡ ᠨᠠᠮ ᠤᠨ ᠠᠷᠪᠠᠨ ᠭᠤᠷᠪᠠᠳᠤᠭᠠᠷ᠋ ᠶ᠍ᠡᠬᠡ ᠬᠤᠷᠠᠯ ᠳ᠋ᠤ《ᠭᠤᠷᠪᠠᠨ ᠠᠯᠬᠤᠮ ᠵᠢᠨᠷ᠋ ᠶ᠍ᠠᠪᠤᠬᠤ》ᠪᠠᠢᠢᠯᠳᠤᠬᠤ ᠪᠤᠳᠤᠯᠭ᠎ᠠ ᠵᠢ ᠳᠤᠷᠠᠳᠤᠬᠰᠠᠨ ᠬᠦᠷᠲᠡᠯ᠎ᠠ᠂ ᠨᠠᠮ ᠤᠨ ᠠᠷᠪᠠᠨ ᠲᠠᠪᠤᠳᠤᠭᠠᠷ᠋ ᠶ᠍ᠡᠬᠡ ᠬᠤᠷᠠᠯ ᠳ᠋ᠤ《ᠬᠤᠤᠰ ᠵᠠᠭᠤᠨ ᠵᠢᠯ》 ᠤᠨ ᠲᠠᠮᠡᠴᠡᠬᠦ ᠬᠠᠷᠠᠯᠲᠠ ᠵᠢ ᠳᠤᠷᠠᠳᠤᠬᠰᠠᠨ ᠡᠴᠡ ᠨᠠᠮ ᠤᠨ ᠠᠷᠪᠠᠨ ᠵᠢᠷᠭᠤᠳᠤᠭᠠᠷ᠋ ᠶ᠍ᠡᠬᠡ ᠬᠤᠷᠠᠯ᠂ ᠨᠠᠮ ᠤᠨ ᠠᠷᠪᠠᠨ ᠳᠤᠯᠤᠳᠤᠭᠠᠷ᠋ ᠶ᠍ᠡᠬᠡ ᠬᠤᠷᠠᠯ᠂ ᠨᠠᠮ ᠤᠨ ᠠᠷᠪᠠᠨ ᠨᠠᠶ᠋ᠮᠠᠳᠤᠭᠠᠷ ᠶ᠍ᠡᠬᠡ ᠬᠤᠷᠠᠯ ᠳ᠋ᠤ ᠪᠦᠬᠦ ᠲᠠᠯ᠎ᠠ ᠪᠡᠷ᠋ ᠴᠢᠨᠡᠭᠡᠯᠢᠭ᠍ᠵᠢᠬᠦ ᠬᠠᠷᠠᠯᠲᠠ ᠳ᠋ᠤ ᠲᠠᠰᠤᠷᠠᠯᠲᠠ ᠦᠭᠡᠢ ᠰᠢᠨ᠎ᠠ ᠵᠢᠷᠤᠭ ᠲᠦᠯᠦᠪᠯᠡᠭᠡ ᠬᠢᠵᠦ᠂ ᠰᠢᠨ᠎ᠠ ᠱᠠᠭᠠᠷᠳᠠᠯᠭ᠎ᠠ ᠳᠤᠷᠠᠳᠤᠬᠰᠠᠨ ᠬᠦᠷᠲᠡᠯ᠎ᠠ ᠂ ᠮᠠᠷᠺᠰ ᠤᠨ ᠦᠵᠡᠯ ᠨᠡᠢᠢᠭᠡᠮ ᠵᠢᠷᠤᠮ ᠤᠨ ᠳᠤᠮᠳᠠᠳᠤ ᠤᠯᠤᠰ ᠤᠨ ᠦᠷᠭᠡᠨ ᠠᠭᠤᠳᠠᠮ ᠨᠤᠲᠤᠬ ᠳᠡᠪᠢᠰᠭᠡᠷ᠋ ᠲᠤ ᠠᠭᠤᠤ ᠶ᠍ᠡᠬᠡ ᠭᠠᠢᠢᠬᠠᠮᠰᠢᠬ ᠢ ᠲᠠᠰᠤᠷᠠᠯᠲᠠ ᠦᠭᠡᠢ ᠡᠭᠦᠳᠴᠤ ᠪᠤᠢ᠃

    ᠦᠨᠤᠳᠤᠷ᠋᠂《ᠬᠤᠤᠰ ᠵᠠᠭᠤᠨ ᠵᠢᠯ》 ᠤᠨ ᠲᠡᠤᠭᠡᠨ ᠠᠭᠤᠯᠵᠠᠷ᠋ ᠲᠤ ᠵᠤᠭᠰᠤᠵᠤ᠂ ᠨᠠᠮ ᠤᠨ ᠠᠷᠪᠡ ᠶ᠍ᠢᠰᠦᠳᠦᠭᠡᠷ᠋ ᠶ᠍ᠡᠭᠡ ᠬᠤᠷᠠᠯ ᠤᠨ ᠢᠯᠡᠳᠭᠡᠯ ᠨᠢ ᠰᠢᠨ᠎ᠠ ᠴᠠᠭ ᠦᠶ᠎ᠠ ᠵᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠭᠡᠳᠤ ᠡᠭᠦᠷᠭᠡ ᠵᠢ ᠲᠤᠳᠤᠷᠬᠠᠢᠢᠯᠠᠨ ᠦᠭᠦᠯᠡᠪᠠ᠄ ᠠᠭᠤᠤ ᠶ᠍ᠡᠭᠡ ᠲᠡᠮᠡᠴᠡᠯ ᠢ ᠬᠢᠵᠤ᠂ ᠠᠭᠤᠤ ᠶ᠍ᠡᠭᠡ ᠢᠨᠵᠸᠨ᠋ᠸᠷᠢᠩ ᠢ ᠪᠠᠢᠢᠭᠤᠯᠵᠤ᠂ ᠠᠭᠤᠤ ᠶ᠍ᠡᠭᠡ ᠦᠢᠯᠡᠰ ᠢ ᠠᠬᠢᠭᠤᠯᠵᠤ᠂ ᠲᠤᠮᠳᠠᠳᠤ ᠵᠢᠨ ᠦᠨᠳᠤᠰᠤᠳᠡᠨ ᠤ ᠠᠭᠤᠤ ᠶ᠍ᠡᠭᠡ ᠰᠡᠷᠭᠦᠨ ᠮᠠᠨᠳᠤᠯᠳᠡ ᠵᠢᠨ ᠠᠭᠤᠤ ᠶ᠍ᠡᠭᠡ ᠬᠦᠰᠡᠯ ᠵᠡᠭᠦᠳᠤ ᠵᠢ ᠲᠡᠷᠭᠡᠯᠰᠢᠭᠦᠯᠦᠨ᠎ᠠ᠃

    ᠨᠡᠢᠢᠭᠡᠮ ᠵᠢᠷᠤᠮ ᠤᠨ ᠭᠦᠳᠡᠯᠭᠡᠭᠡᠨ ᠤ ᠮᠠᠨᠳᠤᠯ ᠪᠠᠭᠤᠷᠠᠯ ᠢ ᠡᠷᠬᠢᠴᠡᠭᠦᠯᠵᠤ᠂ ᠲᠤᠮᠳᠠᠳᠤ ᠤᠯᠤᠰ ᠤᠨ ᠦᠭᠡᠷᠡᠴᠢᠯᠡᠯᠳᠡ ᠨᠡᠭᠡᠭᠡᠯᠳᠡ ᠶᠢᠨ ᠲᠤᠷᠰᠢᠯᠭ᠎ᠠ ᠶᠢᠨ ᠤᠯᠵᠤ ᠠᠯᠳᠠᠬᠰᠡᠨ ᠢ ᠳ᠋ᠦᠩᠨᠡᠭᠡᠳ᠂ ᠰᠢ ᠵᠢᠨ ᠫᠢᠩ ᠨᠦᠭᠦᠷ᠋ ᠡᠴᠡ《ᠨᠠᠮ ᠤᠨ ᠲᠡᠯᠡᠬᠡᠢ ᠶᠢᠨ ᠪᠠᠢᠢᠳᠠᠯ ᠭᠦᠨᠵᠡᠭᠡᠢ ᠬᠤᠪᠢᠷᠠᠯᠳᠡ ᠭᠠᠷᠴᠤ ᠪᠠᠢᠢᠭ᠎ᠠ ᠲᠡᠤᠭᠡᠨ ᠠᠬᠢᠴᠡ ᠵᠢᠨ ᠲᠤᠮᠳᠠ ᠢᠮᠡᠬᠳᠡ ᠴᠠᠭ ᠦᠶ᠎ᠠ ᠵᠢᠨ ᠡᠮᠤᠨ᠎ᠠ ᠡᠩᠨᠡᠭᠡᠨ ᠳ᠋ᠤ ᠶ᠍ᠠᠪᠤᠵᠤ᠂ ᠤᠯᠤᠰ ᠤᠨ ᠲᠤᠳᠤᠭᠠᠳᠤ ᠭᠠᠳᠠᠭᠠᠳᠤ ᠳ᠋ᠡᠬᠢ ᠡᠯ᠎ᠠ ᠵᠦᠢᠯ ᠤᠨ ᠠᠶᠤᠯ ᠲᠦᠭᠰᠢᠭᠦᠷᠢ ᠪᠡ ᠰᠢᠯᠭᠠᠯᠳᠡ ᠶᠢ ᠠᠷᠭᠠᠴᠠᠬᠤ ᠠᠬᠢᠴᠡ ᠶᠢᠨ ᠲᠤᠮᠳᠠ ᠢᠮᠠᠬᠳᠡ ᠪᠦᠭᠦ ᠤᠯᠤᠰ ᠤᠨ ᠠᠷᠠᠳ ᠲᠦᠮᠡᠨ ᠤ ᠲᠦᠰᠢᠭ ᠪᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠢ ᠪᠠᠷᠢᠮᠳᠠᠯᠠᠬᠤ ᠪᠡ ᠭᠦᠭ᠍ᠵᠢᠭᠦᠯᠭᠦ ᠠᠬᠢᠴᠡ ᠶᠢᠨ ᠲᠤᠮᠳᠠ ᠢᠮᠡᠬᠳᠡ ᠪᠠᠳᠤ ᠴᠢᠨᠭᠭ᠎ᠠ ᠤᠳᠤᠷᠢᠳᠬᠤ ᠭᠤᠤᠯᠯᠠᠭᠴᠢ ᠪᠤᠯᠬᠤ ᠶᠢ ᠪᠠᠲᠤᠯᠠᠬᠤ ᠭᠡᠷᠡᠭᠲᠠᠢ》ᠭᠡᠵᠤ ᠲᠤᠳᠤᠷᠬᠠᠢ ᠲᠤᠷᠠᠳᠪᠡ᠃

    ᠨᠠᠮ ᠤᠨ ᠠᠷᠪᠡ ᠶ᠍ᠢᠰᠦᠳᠦᠭᠡᠷ᠋ ᠶ᠍ᠡᠭᠡ ᠬᠤᠷᠠᠯ ᠤᠨ ᠲᠦᠯᠦᠭᠡᠯᠡᠭᠴᠢ᠂ ᠴᠦᠨ ᠵᠢᠶᠠᠩ ᠪᠦᠯᠦᠭᠯᠡᠯ ᠤᠨ ᠨᠠᠮ ᠤᠨ ᠬᠤᠷᠢᠶᠡᠨ ᠤ ᠱᠦᠵᠢ ᠫᠸᠢ ᠴᠦᠨ ᠯᠢᠶᠠᠨ᠄《ᠲᠤᠮᠳᠠᠳᠤ ᠵᠢᠨ ᠦᠨᠳᠤᠰᠤᠳᠡᠨ ᠤ ᠠᠭᠤᠤ ᠶ᠍ᠡᠭᠡ ᠰᠡᠷᠭᠦᠨ ᠮᠠᠨᠳᠤᠯᠳᠡ ᠶᠢ ᠲᠦᠬᠦᠮ ᠬᠢᠯᠪᠠᠷᠬᠠᠨ ᠢᠶᠡᠷ ᠪᠡᠶᠡᠯᠡᠭᠦᠯᠦᠭᠡᠳ ᠲᠡᠢᠢᠯᠴᠢᠬᠡᠳᠡᠭ ᠪᠢᠰᠢ᠃ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠲᠤᠤᠷ᠋᠎ᠡ᠂ ᠮᠠᠨ ᠤ ᠨᠠᠮ ᠡᠪ ᠬᠠᠮᠳᠤ ᠨᠠᠮ ᠤᠨ ᠲᠦᠷᠦ ᠪᠠᠷᠢᠬᠤ ᠵᠢᠮ᠎ᠠ ᠶ᠍ᠤᠰᠤ᠂ ᠨᠡᠢᠢᠬᠡᠮ ᠵᠢᠷᠤᠮ ᠤᠨ ᠪᠦᠲᠦᠭᠡᠨ ᠪᠠᠢᠢᠭᠤᠯᠤᠯᠲᠠ ᠶᠢᠨ ᠵᠢᠮ᠎ᠠ ᠶ᠍ᠤᠰᠤ᠂ ᠬᠦᠮᠤᠨ ᠲᠦᠷᠦᠯᠬᠢᠳᠡᠨ ᠤ ᠨᠡᠢᠢᠭᠡᠮ ᠤᠨ ᠭᠦᠭ᠍ᠵᠢᠯᠳᠡ ᠶᠢᠨ ᠵᠢᠮ᠎ᠠ ᠶ᠍ᠤᠰᠤ ᠵᠢᠨ ᠲᠤᠬᠠᠢ ᠲᠠᠨᠢᠯᠳᠡ ᠪᠠᠨ ᠴᠢᠨᠡᠬᠰᠢᠳᠡ ᠭᠦᠨᠵᠡᠭᠡᠢᠢᠷᠡᠬᠦᠯᠵᠤ᠂ ᠲᠤᠮᠳᠠᠳᠤ ᠶᠢᠨ ᠦᠨᠳᠤᠰᠤᠳᠡᠨ ᠤ ᠠᠭᠤᠤ ᠶ᠍ᠡᠭᠡ ᠰᠡᠷᠭᠦᠨ ᠮᠠᠨᠳᠤᠯᠳᠡ ᠵᠢ ᠪᠡᠶᠡᠯᠡᠭᠦᠯᠭᠦ ᠡᠭᠦᠷᠭᠡ ᠵᠢᠨ ᠪᠢᠴᠢᠭ᠌᠂ ᠱᠤᠭᠤᠮ ᠤᠨ ᠵᠢᠷᠤᠭ ᠨᠡᠩ ᠲᠤᠳᠤᠷᠬᠠᠢ ᠪᠤᠯᠵᠠᠢ᠃ ᠪᠢᠳᠡ ᠡᠷᠭᠡᠪᠰᠢ ᠢᠳᠡᠭᠡᠯ ᠵᠢᠨᠨ ᠪᠠᠳᠤᠳᠬᠠᠵᠤ᠂ ᠡᠷᠡᠯᠭᠡᠭ᠍ᠯᠡᠨ ᠲᠠᠮᠠᠴᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠨᠡᠩ ᠭᠦᠴᠦᠷᠭᠡᠭ ᠠᠮᠢᠵᠢᠷᠠᠯ ᠤᠨ ᠭᠦᠴᠤᠨ ᠢ ᠢᠯᠡᠷᠡᠭᠦᠯᠭᠦ ᠭᠡᠷᠡᠭᠲᠠᠢ》ᠭᠡᠪᠡ᠃

    ᠲᠦᠪ ᠶ᠍ᠤᠰᠤᠨ ᠢ ᠶᠠᠪᠤᠭᠤᠯᠪᠠᠯ ᠳᠡᠯᠡᠬᠡᠢ ᠳ᠋ᠠᠬᠢᠨ ᠢᠶᠡᠷ ᠡᠷᠬᠡ ᠲᠡᠭᠰᠢ ᠪᠤᠯᠤᠮᠤᠢ᠃

    《ᠡᠪ ᠬᠠᠮᠳᠤ ᠨᠠᠮ ᠤᠨ ᠲᠤᠩᠬᠠᠭ》ᠨᠡᠢᠢᠳᠡᠯᠡᠭᠳᠡᠭᠰᠡᠡ ᠨᠢᠭᠡ ᠵᠠᠭᠤ ᠲᠠᠯᠠ ᠭᠠᠷᠤᠢ ᠵᠢᠯ ᠤᠨ ᠦᠢᠯᠡᠳᠦᠯᠭᠡ ᠵᠢᠨ ᠭᠡᠷᠡᠴᠢᠯᠡᠭᠰᠡᠨ ᠵᠢᠨᠷ᠋᠂ ᠮᠠᠷᠺᠰ ᠤᠨ ᠦᠵᠡᠯ ᠢ ᠭᠠᠬᠴᠠᠭᠦ ᠲᠤᠰ ᠤᠯᠤᠰ ᠤᠨ ᠢᠶᠡᠨ ᠤᠯᠤᠰ ᠤᠨ ᠪᠠᠢᠢᠳᠠᠯ ᠲᠠᠢ ᠤᠶᠠᠯᠳᠤᠭᠤᠯᠵᠤ᠂ ᠴᠠᠭ ᠦᠶ᠎ᠠ ᠵᠢᠨ ᠭᠦᠭ᠍ᠵᠢᠯᠳᠡ ᠲᠠᠢ ᠵᠡᠷᠭᠡᠪᠡᠷ᠋ ᠤᠷᠤᠭᠰᠢᠯᠠᠭᠤᠯᠵᠤ᠂ ᠠᠷᠠᠳ ᠤᠯᠠᠨ ᠲᠠᠢ ᠬᠤᠪᠢ ᠵᠠᠶᠠᠭ᠎ᠠ ᠪᠡᠨ ᠬᠠᠮᠳᠤᠳᠬᠠᠪᠡᠯ ᠰᠠᠶ᠊ᠢ ᠭᠦᠴᠦᠷᠭᠡᠭ ᠶ᠍ᠡᠭᠡ ᠠᠮᠢᠵᠢᠷᠠᠯ ᠤᠨ ᠭᠦᠴᠤᠨ᠂ ᠪᠦᠳᠦᠭᠡᠯᠴᠢ ᠬᠦᠴᠦᠨ᠂ ᠤᠷᠢᠶᠠᠯᠠᠬᠤ ᠭᠦᠴᠤᠨ ᠲᠠᠢ ᠪᠤᠯᠵᠤ ᠴᠢᠲᠠᠬᠤ ᠪᠤᠯᠤᠨ᠎ᠠ᠃

    《ᠰᠢᠨ᠎ᠠ ᠵᠢ ᠡᠭᠦᠳᠦᠭᠴᠢ ᠯᠡ ᠤᠷᠤᠭᠰᠢᠯᠠᠵᠤ᠂ ᠰᠢᠨ᠎ᠠ ᠶᠢ ᠡᠭᠦᠳᠦᠭᠴᠢ ᠯᠡ ᠭᠦᠴᠦᠷᠭᠡᠭ᠍ᠵᠢᠵᠤ᠂ ᠰᠢᠨ᠎ᠠ ᠶᠢ ᠡᠭᠦᠳᠦᠭᠴᠢ ᠯᠡ ᠢᠯᠡᠯᠳᠡ ᠤᠯᠤᠮᠤᠢ 》᠃ ᠨᠠᠮ ᠤᠨ ᠠᠷᠪᠡ ᠶ᠍ᠢᠰᠦᠳᠦᠭᠡᠷ᠋ ᠶ᠍ᠡᠭᠡ ᠬᠤᠷᠠᠯ ᠤᠨ ᠲᠦᠯᠦᠭᠡᠯᠡᠭᠴᠢ᠂ ᠤᠯᠤᠰ ᠤᠨ ᠭᠡᠳᠤ ᠺᠤᠮᠫᠢᠦ᠋ᠲ᠋ᠸᠷ᠋ ᠤᠨ ᠲᠢᠶᠠᠨᠵᠢᠨ ᠤ ᠲᠦᠪ ᠤᠨ ᠨᠠᠮ ᠤᠨ ᠡᠭᠦᠷ᠋ ᠤᠨ ᠱᠦᠵᠢ ᠮᠸᠩ ᠰᠢᠶᠠᠩ ᠹᠸᠢ᠄《96 ᠵᠢᠯ ᠤᠨ ᠲᠤᠷᠰᠢ᠂ ᠮᠠᠨ  ᠤ ᠨᠠᠮ ᠪᠦᠭᠦ ᠤᠯᠤᠰ ᠤᠨ ᠠᠷᠠᠳ ᠲᠦᠮᠡᠨ ᠢ ᠲᠠᠭᠠᠭᠤᠯᠤᠨ ᠢᠯᠡᠯᠳᠡ ᠡᠴᠡ ᠢᠯᠡᠯᠳᠡ ᠳᠤ ᠬᠦᠷᠴᠤ ᠴᠢᠲᠠᠭᠰᠠᠠ ᠪ ᠵᠠᠩᠬᠢᠯᠠᠭ᠎ᠠ ᠪᠤᠯ ᠳᠠᠷᠤᠢ ᠢᠮᠡᠬᠳᠡ ᠤᠨᠤᠯ ᠢ ᠪᠤᠳᠠᠳᠠᠢ ᠲᠠᠢ ᠤᠶᠠᠯᠳᠤᠭᠤᠯᠵᠤ᠂ ᠤᠨᠤᠯ ᠵᠢᠨᠷ᠋ ᠦᠢᠯᠡᠳᠦᠯᠭᠡ ᠵᠢ ᠵᠢᠯᠤᠭᠤᠲᠤᠭᠤᠯᠤᠭᠰᠠᠠ ᠳ᠋ᠤ ᠪᠠᠢᠢᠨ᠎ᠠ᠃ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠵᠡᠯ ᠰᠠᠨᠠᠭᠠᠨ ᠪ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠮᠠᠨ ᠤ ᠤᠯᠤᠰ ᠯᠠᠪᠳᠠᠢ ᠰᠢᠨ᠎ᠠ ᠲᠡᠭᠦᠯᠢᠯᠲᠡ ᠲᠠᠢ ᠪᠤᠯᠵᠤ᠂ ᠰᠢᠨ᠎ᠠ ᠦᠰᠦᠷᠦᠯᠲᠡ ᠵᠢ ᠪᠡᠶᠡᠯᠡᠭᠦᠯᠭᠦ ᠪᠤᠯᠤᠨ᠎ᠠ》ᠭᠡᠪᠡ᠃ (ᠰᠤᠷᠪᠤᠯᠵᠢᠯᠠᠭᠴᠢ ᠄ ᠡᠦ ᠵᠢᠩ  ᠯᠢᠦ ᠶᠠ ᠮᠢᠩ  ᠶᠸ ᠴᠢᠶᠠᠨ  ᠵᠢᠶᠠᠩ ᠰᠢᠶᠤᠤ ᠬᠤᠧᠠᠩ  ᠰᠢᠶᠤᠤ ᠰᠢ)

 

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121836273