ᠶᠡᠷᠦᠩᠭᠡᠢ ᠱᠦᠵᠢ ᠰᠢ ᠶᠢᠨ ᠫᠢᠩ ᠲᠦᠪᠡᠳ ᠤᠨ ᠯᠾᠢᠦ᠋ᠢᠨᠽᠧ ᠰᠢᠶᠠᠨ ᠤ ᠢᠦ᠋ᠢᠮᠠᠢ ᠰᠢᠶᠠᠩ ᠤᠨ ᠮᠠᠯᠴᠢᠨ ᠲᠤᠯᠭᠠᠷ ᠶᠠᠩᠽᠦᠮ ᠡᠭᠡᠴᠢ ᠦᠬᠢᠨ ᠲᠡᠬᠦᠦ ᠬᠤᠶᠠᠷ ᠲᠤ ᠵᠠᠬᠢᠳᠠᠯ ᠢᠯᠡᠬᠡᠵᠡᠢ 2017-10-30 17:10

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 28 ᠤ ᠡᠳᠦᠷ ᠲᠦᠪᠡᠳ ᠤᠨ ᠯᠾᠢᠦ᠋ᠢᠨᠽᠧ ᠰᠢᠶᠠᠨ ᠤ ᠢᠦ᠋ᠢᠮᠠᠢ ᠰᠢᠶᠠᠩ ᠤᠨ ᠮᠠᠯᠴᠢᠨ ᠲᠤᠯᠭᠠᠷ᠂ ᠶᠠᠩᠽᠦᠮ ᠡᠭᠡᠴᠢ ᠦᠬᠢᠨ ᠲᠡᠬᠦᠦ ᠬᠤᠶᠠᠷ ᠲᠤ ᠬᠠᠷᠢᠭᠤ ᠵᠠᠬᠢᠳᠠᠯ ᠢᠯᠡᠭᠡᠵᠦ᠂ ᠳᠡᠳᠡᠨ ᠤ ᠡᠴᠢᠭᠡ ᠭᠡᠦᠭᠡᠨ ᠬᠤᠶᠠᠷ ᠦᠶ᠎ᠠ ᠪᠠᠷ ᠢᠶᠠᠨ ᠪᠤᠤᠬᠢᠶ᠎ᠠ ᠵᠠᠯᠭᠠᠨ ᠡᠭᠡ ᠤᠯᠤᠰ ᠤᠨ ᠢᠶᠠᠨ ᠲᠦᠯᠦᠭᠡ ᠬᠢᠯᠢ ᠬᠢᠵᠠᠭᠠᠷ ᠢ ᠰᠠᠬᠢᠬᠰᠠᠨ ᠠᠵᠢᠯᠯᠠᠭ᠎ᠠ ᠶᠢ ᠨᠤᠳᠠᠯᠠᠵᠦ᠂ ᠤᠷᠳᠤ ᠬᠤᠭᠤᠴᠠᠭ᠎ᠠ ᠪᠠᠷ ᠬᠢᠯᠢ ᠬᠢᠵᠠᠭᠠᠷ ᠢ ᠰᠠᠬᠢᠵᠦ ᠬᠢᠯᠢ ᠬᠢᠵᠠᠭᠠᠷ ᠢ ᠪᠠᠬᠢᠵᠢᠬᠦᠯᠬᠦ ᠶᠢᠨ ᠲᠦᠯᠦᠭᠡ ᠦᠨᠡᠨᠴᠢ ᠰᠢᠳᠤᠷᠭᠤ ᠪᠠᠷ ᠵᠢᠳᠬᠦᠭᠰᠡᠨ ᠨᠦᠬᠦᠳ ᠲᠤ ᠳᠠᠯᠠᠷᠬᠠᠵᠦ᠂ ᠦᠷᠭᠡᠨ ᠤᠯᠠᠨ ᠲᠠᠷᠢᠶᠠᠴᠢᠨ ᠮᠠᠯᠴᠢᠨ ᠢ ᠬᠢᠯᠢ ᠬᠢᠵᠠᠭᠠᠷ ᠲᠤ ᠦᠨᠳᠦᠰᠦᠯᠡᠵᠦ᠂ ᠤᠯᠤᠰ ᠤᠨ ᠢᠶᠡᠨ ᠨᠤᠳᠤᠭ ᠲᠠᠪᠢᠰᠭᠡᠷ ᠢ ᠰᠠᠶᠢᠳᠤᠷ ᠰᠠᠬᠢᠨ ᠬᠠᠮᠠᠭᠠᠯᠠᠵᠦ᠂ ᠭᠡᠷ ᠤᠷᠤᠨ ᠢᠶᠠᠨ ᠪᠦᠳᠦᠭᠡᠨ ᠪᠠᠶᠢᠭᠤᠯᠳᠤᠭᠠᠢ ᠭᠡᠵᠦ ᠵᠤᠷᠢᠭᠵᠢᠭᠤᠯᠪᠠ᠃

    ᠰᠢ ᠶᠢᠨ ᠫᠢᠩ ᠵᠠᠬᠢᠳᠠᠯ ᠳᠠᠭᠠᠨ᠂ ᠲᠠᠯᠠᠢ ᠶᠢᠨ ᠲᠦᠪᠰᠢᠨ ᠠᠴᠠ ᠳᠡᠭᠡᠭᠰᠢ 3600 ᠭᠠᠷᠤᠢ ᠮᠧᠲ᠋ᠷ᠂ ᠵᠢᠯ ᠪᠦᠷᠢ ᠶᠡᠭᠡ ᠴᠠᠰᠤᠨ ᠳᠤ ᠬᠠᠭᠠᠰ ᠵᠢᠯ ᠭᠠᠷᠤᠢ ᠪᠢᠳᠡᠬᠦᠮᠵᠢᠯᠡᠭᠳᠡᠳᠡᠭ ᠬᠢᠯᠢ ᠶᠢᠨ ᠦᠨᠳᠦᠷᠯᠢᠭ ᠲᠤ᠂ ᠲᠠᠨ ᠤ ᠡᠴᠢᠭᠡ ᠭᠡᠦᠭᠡᠨ ᠬᠤᠶᠠᠷ ᠦᠶ᠎ᠠ ᠶᠢᠨ ᠬᠢᠨ ᠭᠡᠳᠦᠨ ᠠᠷᠪᠡᠨ ᠵᠢᠯ ᠢ ᠨᠢᠭᠡ ᠡᠳᠦᠷ ᠮᠡᠳᠦ ᠪᠠᠷ᠂ ᠡᠭᠡ ᠤᠯᠤᠰ ᠤᠨ ᠨᠤᠳᠤᠭ ᠲᠠᠪᠢᠰᠭᠡᠷ ᠢ ᠰᠠᠬᠢᠨ ᠬᠠᠮᠠᠭᠠᠯᠠᠵᠤ ᠪᠠᠶᠢᠨ᠎ᠠ᠂ ᠡᠨᠡᠬᠦ ᠵᠤᠷᠢᠭ ᠰᠠᠨᠠᠭ᠎ᠠ ᠴᠢᠨᠢ ᠪᠢᠰᠢᠷᠡᠬᠦᠰᠢᠳᠠᠢ ᠪᠠᠶᠢᠨ᠎ᠠ᠃ ᠪᠢ ᠲᠠᠨᠠᠷ ᠵᠢᠴᠢ ᠤᠷᠳᠤ ᠬᠤᠭᠤᠴᠠᠭ᠎ᠠ ᠪᠠᠷ ᠬᠢᠯᠢ ᠬᠢᠵᠠᠭᠠᠷ ᠢ ᠰᠠᠬᠢᠵᠦ ᠬᠢᠯᠢ ᠬᠢᠵᠠᠭᠠᠷ ᠢ ᠪᠠᠭᠢᠵᠢᠬᠦᠯᠬᠦ ᠪᠠᠷ ᠦᠨᠡᠨᠴᠢ ᠰᠢᠳᠤᠷᠭᠤ ᠪᠠᠷ ᠵᠢᠳᠬᠦᠭᠰᠡᠨ ᠨᠦᠬᠦᠳ ᠲᠤ ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠬᠢᠯ ᠤᠨ ᠳᠠᠯᠠᠷᠬᠠᠯ ᠢᠶᠠᠨ ᠲᠡᠪᠰᠢᠬᠦᠯᠵᠦ ᠪᠠᠶᠢᠨ᠎ᠠ ᠭᠡᠵᠠᠢ᠃

    ᠰᠢ ᠶᠢᠨ ᠫᠢᠩ᠂ ᠤᠯᠤᠰ ᠪᠠᠶᠢᠪᠠᠯ ᠰᠠᠶ᠊ᠢ ᠭᠡᠷ ᠪᠠᠶᠢᠵᠦ ᠴᠢᠳᠠᠨ᠎ᠠ᠂ ᠤᠯᠤᠰ ᠤᠨ ᠬᠢᠯᠢ ᠠᠮᠤᠷ ᠲᠤᠭᠳᠠᠭᠤᠨ ᠪᠢᠰᠢ ᠪᠤᠯ ᠲᠦᠭ ᠲᠦᠮᠡᠨ ᠡᠷᠦᠭᠡ ᠠᠮᠤᠷ ᠠᠮᠤᠭᠤᠯᠠᠩ ᠠᠮᠢᠳᠤᠷᠠᠵᠤ ᠴᠢᠳᠠᠬᠤ ᠦᠭᠡᠢ ᠶᠤᠮ᠃ ᠡᠭᠡ ᠤᠯᠤᠰ ᠤᠨ ᠬᠢᠯᠢ ᠬᠢᠵᠠᠭᠠᠷ ᠤᠨ ᠨᠢᠭᠡ ᠰᠢᠷᠭᠡᠭ ᠡᠪᠡᠰᠦ ᠨᠢᠭᠡ ᠰᠠᠭᠤᠷᠢ ᠮᠤᠳᠤ ᠶᠢ ᠬᠦᠷᠳᠡᠯ᠎ᠡ ᠪᠢᠳᠠ ᠰᠠᠶᠢᠳᠤᠷ ᠰᠠᠬᠢᠨ ᠬᠠᠷᠠᠬᠤ ᠭᠡᠷᠡᠭᠲᠡᠢ᠃ ᠲᠠᠨᠠᠷ ᠤᠯᠤᠰ ᠢᠶᠠᠨ ᠬᠠᠶᠢᠷᠠᠯᠠᠵᠦ ᠬᠢᠯᠢ ᠪᠠᠨ ᠰᠠᠬᠢᠬᠤ ᠵᠤᠷᠢᠭ ᠰᠠᠨᠠᠭ᠎ᠠ ᠶᠢ ᠦᠷᠬᠦᠯᠵᠢᠯᠡᠨ ᠵᠠᠯᠭᠠᠮᠵᠢᠯᠠᠵᠦ᠂ ᠨᠡᠩ ᠤᠯᠠᠨ ᠮᠠᠯᠴᠢᠨ ᠲᠦᠮᠡᠨ ᠢ ᠲᠠᠶᠢᠴᠢᠯᠠᠨ ᠵᠢᠷᠭᠠᠯ ᠤᠨ ᠴᠡᠴᠡᠭ ᠰᠢᠭ᠌ ᠢᠶᠠᠷ ᠴᠠᠰᠤᠳᠦ ᠦᠨᠳᠦᠷᠯᠢᠭ᠌ ᠤᠨ ᠬᠢᠯᠢ ᠬᠢᠵᠠᠭᠠᠷ ᠲᠤ ᠦᠨᠳᠦᠰᠦᠯᠡᠵᠦ᠂ ᠠᠷᠢᠭᠤᠨ ᠳᠠᠷᠬᠠᠨ ᠤᠯᠤᠰ ᠤᠨ ᠨᠤᠳᠤᠭ ᠲᠡᠪᠢᠰᠭᠡᠷ ᠤᠨ ᠰᠠᠬᠢᠨ ᠬᠠᠮᠠᠭᠠᠯᠠᠬᠴᠢ᠂ ᠵᠤᠯ ᠵᠢᠷᠭᠠᠯᠳᠦ ᠭᠡᠷ ᠤᠷᠤᠨ ᠤ ᠪᠠᠨ ᠪᠦᠳᠦᠭᠡᠨ ᠪᠠᠶᠢᠭᠤᠯᠤᠬᠴᠢ ᠪᠤᠯᠳᠤᠭᠠᠢ ᠭᠡᠵᠦ ᠵᠢᠭᠠᠵᠦ ᠭᠠᠷᠭᠠᠪᠠ᠃

    ᠰᠢ ᠶᠢᠨ ᠫᠢᠩ᠂ ᠠᠷᠪᠠ ᠶᠢᠰᠦᠳᠦᠭᠡᠷ ᠶᠡᠭᠡ ᠬᠤᠷᠠᠯ ᠰᠠᠶ᠊ᠢᠬᠠᠨ ᠬᠤᠷᠠᠯᠳᠤᠪᠠ᠂ ᠨᠠᠮ ᠠᠴᠠ ᠦᠨᠳᠦᠰᠦᠳᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ᠨᠡᠩ ᠰᠠᠶᠢᠨ ᠰᠠᠶᠢᠬᠠᠨ ᠠᠮᠢᠳᠤᠷᠠᠯ ᠢ ᠴᠤᠬᠴᠠᠯᠠᠨ᠎ᠠ᠃ ᠤᠯᠠᠨ ᠤ ᠬᠠᠮᠳᠤ ᠶᠢᠨ ᠴᠢᠷᠮᠠᠶᠢᠯᠭ᠎ᠠ ᠪᠠᠷ᠂ ᠢᠦ᠋ᠢᠮᠠᠢ ᠶᠢᠨ ᠡᠨᠡᠬᠦ ᠤᠤᠯ ᠳᠠᠭᠠᠨ《ᠭᠤᠷᠪᠡᠨ ᠬᠦᠮᠦᠨ ᠲᠠᠢ ᠰᠢᠶᠠᠩ》 ᠢ᠋ ᠯᠠᠪᠳᠠᠶ᠎ᠠ ᠠᠵᠠ ᠵᠢᠷᠭᠠᠯᠳᠦ᠂ ᠦᠵᠡᠰᠬᠦᠯᠡᠩᠳᠦ ᠰᠠᠶᠢᠬᠠᠨ ᠪᠠᠶᠠᠨ ᠴᠢᠨᠡᠭᠡᠯᠢᠭ᠌ ᠰᠢᠶᠠᠩ ᠪᠤᠯᠭᠠᠨ ᠪᠦᠳᠦᠭᠡᠨ ᠪᠠᠶᠢᠭᠤᠯᠵᠦ᠂ ᠨᠤᠳᠤᠭ ᠤᠨ ᠠᠬ᠎ᠠ ᠳᠡᠬᠦᠦ ᠨᠠᠷ ᠤᠨ ᠠᠮᠢᠳᠤᠷᠠᠯ ᠴᠦ ᠤᠯᠠᠮ ᠪᠠᠶᠠᠨ ᠴᠢᠨᠡᠭᠡᠯᠢᠭ᠌ ᠪᠤᠯᠬᠤ ᠶᠤᠮ ᠭᠡᠵᠦ ᠢᠯᠡᠳᠭᠡᠵᠡᠢ᠃

    ᠲᠦᠪᠡᠳ ᠤᠨ ᠯᠾᠢᠦ᠋ᠢᠨᠽᠧ ᠰᠢᠶᠠᠨ ᠤ ᠢᠦ᠋ᠢᠮᠠᠢ ᠰᠢᠶᠠᠩ ᠾᠧᠮᠠᠯᠢᠶ᠎ᠠ ᠨᠢᠷᠤᠭᠤ ᠶᠢᠨ ᠡᠮᠦᠨ᠎ᠠ ᠪᠡᠯ ᠳᠤ ᠪᠠᠶᠢᠷᠢᠯᠠᠵᠦ᠂ ᠠᠭᠤᠯᠨ ᠨᠢ ᠡᠭᠴᠡ ᠵᠠᠮ ᠨᠢ ᠪᠠᠷᠳᠠᠭ᠎ᠠ ᠲᠠᠢ᠂ ᠵᠠᠮ ᠬᠠᠷᠢᠯᠴᠠᠭ᠎ᠠ ᠪᠢᠳᠡᠬᠦᠮᠵᠢᠯᠡᠭᠳᠡᠵᠦ᠂ ᠤᠳᠤᠬᠠᠨ ᠳᠤ 9 ᠡᠷᠦᠭᠡ 32 ᠠᠷᠠᠳ ᠠᠮᠢᠳᠤᠷᠠᠵᠤ ᠪᠠᠶᠢᠨ᠎ᠠ᠂ ᠮᠠᠨ ᠤ ᠤᠯᠤᠰ ᠤᠨ ᠬᠦᠮᠦᠨ ᠠᠮᠠ ᠪᠠᠷ ᠬᠠᠮᠤᠭ ᠤᠨ ᠴᠦᠭᠡᠨ᠂ ᠬᠦᠮᠦᠨ ᠳᠤᠮᠳᠠᠴᠢ ᠶᠢᠨ ᠲᠠᠯᠠᠪᠠᠢ ᠬᠠᠮᠤᠬ ᠤᠨ ᠶᠡᠭᠡ ᠰᠢᠶᠠᠩ ᠪᠤᠯᠤᠨ᠎ᠠ᠃ ᠳᠡᠭᠡᠷ᠎ᠠ ᠵᠠᠭᠤᠨ ᠤ ᠮᠠᠰᠢ ᠤᠷᠳᠤ ᠬᠤᠭᠤᠴᠠᠭᠠᠨ ᠳᠤ᠂ ᠢᠦ᠋ᠢᠮᠠᠢ ᠰᠢᠶᠠᠩ ᠳᠤ ᠰᠠᠩᠵᠠᠶᠢᠴᠦ᠋ᠢᠪᠠ ᠶᠢᠨ ᠨᠢᠭᠡ ᠯᠡ ᠡᠷᠦᠭᠡ ᠰᠠᠭᠤᠷᠢᠰᠢᠵᠦ᠂ 《ᠭᠤᠷᠪᠡᠨ ᠬᠦᠮᠦᠨ ᠲᠠᠢ ᠰᠢᠶᠠᠩ》 ᠭᠡᠮᠡᠭᠳᠡᠪᠡ᠃ ᠭᠡᠳᠦᠨ ᠠᠷᠪᠡᠨ ᠵᠢᠯ ᠤᠨ ᠲᠤᠷᠰᠢ᠂ ᠰᠠᠩᠵᠠᠶᠢᠴᠦ᠋ᠢᠪᠠ ᠪᠠ ᠲᠡᠬᠦᠨ ᠤ ᠦᠬᠢᠨ ᠲᠤᠯᠭᠠᠷ᠂ ᠶᠠᠩᠽᠤᠮ ᠨᠠᠷ ᠢᠦ᠋ᠢᠮᠠᠢ ᠶᠢ ᠪᠤᠤᠬᠢᠶ᠎ᠠ ᠵᠠᠯᠭᠠᠨ ᠰᠠᠬᠢᠨ ᠬᠠᠮᠠᠭᠠᠯᠠᠵᠦ᠂ ᠤᠯᠤᠰ ᠢᠶᠠᠨ ᠬᠠᠶᠢᠷᠠᠯᠠᠵᠦ ᠬᠢᠯᠢ ᠪᠠᠨ ᠰᠠᠬᠢᠭᠰᠠᠨ ᠰᠡᠳᠬᠢᠯ ᠬᠦᠳᠡᠯᠭᠡᠮ᠎ᠠ ᠦᠯᠢᠭᠡᠷ ᠢ ᠪᠢᠴᠢᠭᠯᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠬᠤ ᠲᠠᠰᠢᠷᠠᠮ ᠢᠶᠠᠷ᠂ ᠲᠤᠯᠭᠠᠷ᠂ ᠶᠠᠩᠽᠤᠮ ᠡᠭᠡᠴᠢ ᠦᠬᠢᠨ ᠲᠡᠬᠦᠦ ᠬᠤᠶᠠᠭᠤᠯᠠ ᠪᠠᠨ ᠶᠡᠷᠦᠩᠭᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠡᠭᠡ ᠤᠯᠤᠰ ᠤᠨ ᠢᠶᠠᠨ ᠲᠦᠯᠦᠭᠡ ᠬᠢᠯᠢ ᠬᠢᠵᠠᠭᠠᠷ ᠢ ᠰᠠᠬᠢᠭᠰᠠᠨ ᠦᠩᠭᠡᠷᠡᠯᠳᠠ ᠤᠯᠤᠯᠳᠠ ᠪᠠ ᠭᠡᠷ ᠤᠷᠤᠨ ᠤ ᠪᠠᠨ ᠬᠦᠭᠵᠢᠯ ᠬᠤᠪᠢᠷᠠᠯ ᠢ ᠬᠠᠷᠢᠭᠤ ᠮᠡᠳᠡᠬᠦᠯᠵᠦ᠂ ᠨᠤᠳᠤᠭ ᠤᠨ ᠠᠬ᠎ᠠ ᠳᠡᠬᠦᠦ ᠨᠠᠷ ᠲᠠᠢ ᠪᠠᠨ ᠬᠠᠮᠳᠦ ᠦᠷᠬᠦᠯᠵᠢᠯᠡᠨ ᠮᠠᠯ ᠮᠠᠯᠵᠢᠵᠦ ᠬᠢᠯᠢ ᠬᠢᠵᠠᠭᠠᠷ ᠢᠶᠠᠨ ᠰᠠᠬᠢᠨ᠂ ᠨᠠᠮ ᠤᠨ ᠠᠴᠢ ᠶᠢ ᠬᠠᠷᠢᠭᠤᠯᠬᠤ ᠰᠡᠳᠬᠢᠯ ᠢᠶᠠᠨ ᠢᠯᠡᠳᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121878936