ᠰᠢ ᠵᠢᠨ ᠫᠢᠩ ᠤᠷᠤᠰ ᠤᠨ ᠶᠡᠷᠦᠩᠬᠡᠢ ᠰᠠᠶᠢᠳ ᠮᠧᠳ᠋ᠧᠧᠳ᠋ᠧᠪ ᠲᠠᠢ ᠠᠭᠤᠯᠵᠠᠪᠠ 2017-11-02 15:22

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠵᠦᠩ ᠹᠠ) 11 ᠰᠠᠷ᠎ᠠ ᠢᠢᠨ 1 ᠤ ᠡᠳᠤᠷ᠂ ᠤᠯᠤᠰ ᠤᠨ ᠲᠡᠷᠢᠬᠦᠯᠡᠭᠴᠢ ᠰᠢ ᠵᠢᠨ ᠫᠢᠩ ᠳ᠋ᠢᠶᠤᠤ ᠢᠤᠢ ᠲᠠᠢ ᠳ᠋ᠡᠬᠢ ᠲᠦᠷᠦ ᠢᠢᠨ ᠵᠤᠴᠢᠳ ᠪᠠᠭᠤᠳᠠᠯ ᠳ᠋ᠤ ᠤᠷᠤᠰ ᠤᠨ ᠶᠡᠷᠤᠩᠬᠡᠢ ᠰᠠᠢᠢᠳ ᠮᠧᠳ᠋ᠧᠧᠳ᠋ᠧᠪ ᠲᠠᠢ ᠠᠭᠤᠯᠵᠠᠪᠠ᠃ ᠰᠢ ᠵᠢᠨ ᠫᠢᠩ ᠮᠧᠳ᠋ᠧᠧᠳ᠋ᠧᠪ ᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠠᠮᠵᠢᠯᠳᠠ ᠲᠠᠢ ᠲᠡᠬᠦᠰᠦᠭᠰᠡᠡ ᠤ ᠲᠠᠷᠠᠭ᠎ᠠ ᠲᠠᠷᠤᠢᠢᠬᠠᠨ ᠲᠤᠮᠳᠠᠳᠤ ᠤᠯᠤᠰ ᠲᠥ ᠠᠢᠢᠯᠴᠢᠯᠠᠬᠤ ᠪᠡᠷ ᠢᠷᠡᠭᠰᠡᠡ ᠢ ᠤᠬᠳᠤᠵᠥ ᠪᠠᠢᠢᠬᠤ ᠪᠡᠨ ᠢᠯᠡᠳᠬᠡᠵᠥ᠂ ᠤᠷᠤᠰ ᠪᠤᠯ ᠲᠤᠮᠳᠠᠳᠤ ᠤᠯᠤᠰ ᠤᠨ ᠬᠠᠮᠤᠭ ᠤᠨ ᠶᠡᠬᠡ ᠬᠦᠷᠰᠢ ᠤᠯᠤᠰ ᠪᠠ ᠪᠦᠬᠦ ᠲᠠᠯ᠎ᠠ ᠢᠢᠨ ᠪᠠᠢᠢᠯᠳᠤᠬᠤ ᠪᠤᠳᠤᠯᠭ᠎ᠠ ᠢᠢᠨ ᠬᠠᠮᠳᠤ ᠶᠢᠨ ᠠᠵᠢᠯᠯᠠᠭᠠᠨ ᠤ ᠳᠦᠩᠰᠢ᠂ ᠲᠤᠮᠳᠠᠳᠤ ᠤᠯᠤᠰ ᠤᠨ ᠤᠷᠤᠰ ᠯᠤᠭ᠎ᠠ ᠢᠢᠨ ᠬᠠᠷᠢᠯᠴᠠᠭ᠎ᠠ ᠪᠠᠨ ᠬᠦᠭᠵᠢᠬᠦᠯᠬᠦ ᠪᠠ ᠬᠦᠨᠵᠡᠬᠡᠢᠢᠷᠡᠬᠦᠯᠬᠦ ᠲᠤᠳᠤᠷᠬᠠᠢ ᠬᠠᠷᠠᠯᠳᠡ ᠪᠤᠯᠤᠨ ᠡᠷᠡᠰ ᠵᠤᠷᠢᠭ ᠬᠤᠪᠢᠷᠠᠬᠤ ᠦᠭᠡᠢ ᠶᠤᠮ᠃ ᠲᠤᠮᠳᠠᠳᠤ ᠤᠯᠤᠰ ᠲᠤᠷᠠᠳᠠᠶ᠎ᠠ ᠤᠷᠤᠰ ᠯᠤᠭ᠎ᠠ ᠬᠠᠮᠳᠤ ᠪᠡᠷ ᠪᠦᠬᠦ ᠰᠠᠯᠪᠤᠷᠢ ᠶᠢᠨ᠂ ᠪᠦᠬᠦ ᠲᠠᠯ᠎ᠠ ᠢᠢᠨ ᠬᠠᠮᠳᠤ ᠶᠢᠨ ᠠᠵᠢᠯᠯᠠᠭ᠎ᠠ ᠪᠡᠨ ᠦᠷᠭᠡᠳᠭᠡᠵᠥ᠂ ᠲᠡᠯᠡᠬᠡᠢ ᠢᠢᠨ ᠬᠡᠷᠡᠭ ᠶᠠᠪᠤᠳᠠᠯ ᠳ᠋ᠡᠬᠢ ᠵᠤᠬᠢᠴᠠᠭᠤᠯᠭ᠎ᠠ ᠪᠤᠯᠤᠨ ᠬᠠᠮᠵᠢᠯᠴᠠᠭ᠎ᠠ ᠪᠡᠨ ᠨᠢᠬᠳᠠᠷᠠᠭᠤᠯᠵᠥ᠂ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠢᠢᠨ ᠴᠤᠭᠴᠠ ᠢᠢ ᠪᠠᠢᠢᠭᠤᠯᠬᠤ ᠢᠢ ᠠᠬᠢᠭᠤᠯᠤᠨ᠎ᠠ᠃ ᠲᠤᠮᠳᠠᠳᠤ ᠤᠷᠤᠰ ᠤᠨ ᠪᠦᠬᠦ ᠲᠠᠯ᠎ᠠ ᠢᠢᠨ ᠪᠠᠢᠢᠯᠳᠤᠬᠤ ᠪᠤᠳᠤᠯᠭ᠎ᠠ ᠢᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭ᠎ᠠ ᠰᠢᠨ᠎ᠠ ᠭᠠᠷᠤᠭ᠎ᠠ ᠲᠡᠭᠡᠷ᠎ᠠ ᠡᠴᠡ ᠰᠢᠨ᠎ᠠ ᠠᠵᠠ ᠲᠤᠬᠢᠶᠠᠯ ᠢ ᠠᠮᠵᠢᠵᠥ᠂ ᠰᠢᠨ᠎ᠠ ᠲᠦᠷᠰᠦ ᠪᠠᠢᠢᠳᠠᠯ ᠢᠶᠡᠨ ᠦᠵᠡᠬᠦᠯᠵᠥ᠂ ᠰᠢᠨ᠎ᠠ ᠦᠷ᠎ᠠ ᠪᠦᠳᠦᠭᠡᠯ ᠤᠯᠤᠨ᠎ᠠ ᠬᠡᠳᠡᠭ ᠲᠤ ᠢᠳᠡᠬᠡᠵᠥ ᠪᠠᠢᠢᠨ᠎ᠠ ᠬᠡᠵᠥ ᠴᠢᠬᠤᠯᠠᠴᠢᠯᠠᠪᠠ᠃

    ᠰᠢ ᠵᠢᠨ ᠫᠢᠩ᠂ ᠲᠤᠮᠳᠠᠳᠤ ᠤᠷᠤᠰ ᠤᠨ ᠬᠢᠨ ᠶᠡᠷᠤᠩᠬᠡᠢ ᠰᠠᠢᠢᠳ ᠤᠨ ᠲᠤᠭᠳᠠᠮᠠᠯ ᠬᠤᠭᠤᠴᠠᠭᠠᠳᠤ ᠠᠭᠤᠯᠵᠡᠯᠳᠠ ᠢᠢᠨ ᠲᠤᠭᠳᠠᠴᠠ ᠢᠢᠨ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠥ ᠡᠷᠴᠢᠮ ᠬᠦᠴᠦ᠂ ᠲᠤᠨᠤᠭ ᠲᠦᠬᠦᠭᠡᠷᠤᠮᠵᠢ ᠦᠢᠯᠡᠳᠬᠦ᠂ ᠬᠦᠳᠡᠭᠡ ᠠᠵᠥ ᠠᠬᠤᠢ᠂ ᠰᠠᠨᠰᠠᠷ ᠠᠶᠠᠯᠠᠯ ᠵᠡᠷᠬᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠪᠡᠨ ᠴᠢᠩᠭᠠᠳᠬᠠᠵᠥ᠂ ᠬᠤᠶᠠᠷ ᠲᠠᠯ᠎᠎ᠠ ᠢᠢᠨ ᠬᠠᠮᠳᠤ ᠶᠢᠨ ᠠᠵᠢᠯᠯᠠᠭᠠᠨ ᠤ ᠲᠤᠮᠳᠠᠬᠢ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠠ ᠠᠭᠤᠯᠬᠤᠨ ᠢ ᠦᠷᠬᠦᠯᠵᠢᠯᠡᠨ ᠲᠡᠭᠡᠭᠰᠢᠯᠡᠬᠦᠯᠵᠥ ᠲᠤᠮᠤ ᠳ᠋ᠠᠢᠢᠲ᠋ᠠ᠂ ᠪᠠᠷᠠᠭᠠᠨ ᠤ ᠰᠦᠯᠵᠢᠶ᠎ᠠ᠂ ᠤᠶᠤᠨᠴᠢ ᠬᠤᠲᠠ ᠵᠡᠷᠬᠡ ᠲᠤᠭᠠᠴᠢᠯᠠᠭᠰᠠᠠ ᠡᠳ᠋ ᠤᠨ ᠵᠠᠰᠠᠭ ᠤᠨ ᠰᠠᠯᠪᠤᠷᠢ ᠶᠢ ᠰᠢᠨ᠎ᠠ ᠬᠠᠮᠳᠤ ᠶᠢᠨ ᠠᠵᠢᠯᠯᠠᠭᠠᠨ ᠤ ᠨᠡᠮᠡᠭᠳᠡᠯ ᠴᠡᠭ ᠪᠤᠯᠭᠠᠨ᠎ᠠ᠃《ᠨᠢᠬᠡ ᠪᠦᠰᠡ ᠨᠢᠬᠡ ᠵᠠᠮ》 ᠤᠨ ᠪᠦᠳᠦᠭᠡᠨ ᠪᠠᠢᠢᠭᠤᠯᠤᠯᠳᠠ ᠢᠢ ᠡᠧᠦ᠋ᠷᠦᠫᠠ ᠠᠽᠢᠶ᠎ᠠ ᠢᠢᠨ ᠡᠳ᠋ ᠤᠨ ᠵᠠᠰᠠᠭ ᠤᠨ ᠬᠤᠯᠪᠤᠭ᠎ᠠ ᠲᠠᠢ ᠵᠤᠯᠭᠠᠭᠤᠯᠬᠤ ᠠᠵᠢᠯ ᠢ ᠰᠠᠢᠢᠳᠤᠷ ᠬᠢᠵᠥ᠂ ᠪᠢᠨ ᠬᠠᠢ ᠢᠢᠨ ᠤᠯᠠᠨ ᠤᠯᠤᠰ ᠤᠨ ᠵᠦᠬᠡᠬᠡᠪᠤᠷᠢ ᠢᠢᠨ ᠬᠤᠩᠬᠢᠯ ᠵᠡᠷᠬᠡ ᠲᠦᠷᠦᠯ ᠵᠦᠢᠯ ᠢ ᠨᠠᠢᠢᠳᠠᠪᠤᠷᠢᠵᠢᠭᠤᠯᠬᠤ ᠢᠢ ᠴᠢᠷᠮᠡᠢᠢᠨ ᠠᠬᠢᠭᠤᠯᠵᠥ᠂ ᠤᠮᠠᠷᠠᠳᠤ ᠲᠤᠢᠢᠯ ᠤᠨ ᠠᠶᠠᠯᠠᠯ ᠤᠨ ᠵᠠᠮ ᠢ ᠨᠡᠬᠡᠬᠡᠨ ᠬᠦᠭᠵᠢᠬᠦᠯᠬᠦ ᠪᠠ ᠠᠰᠢᠬᠯᠠᠬᠤ ᠬᠠᠮᠳᠤ ᠶᠢᠨ ᠠᠵᠢᠯᠯᠠᠭ᠎ᠠ ᠶᠢ ᠬᠠᠮᠳᠤ ᠪᠡᠷ ᠦᠷᠨᠢᠬᠦᠯᠵᠥ᠂ 《ᠮᠦᠰᠦᠨ ᠲᠡᠭᠡᠷᠡᠬᠢ ᠲᠤᠷᠭᠠᠨ ᠤ ᠵᠠᠮ》 ᠢ ᠪᠦᠳᠦᠭᠡᠨ ᠪᠠᠢᠢᠭᠤᠯᠤᠨ᠎ᠠ᠃ ᠳᠤᠮᠳᠠᠳᠤ ᠤᠷᠤᠰ ᠤᠨ ᠰᠤᠷᠭᠠᠨ ᠬᠦᠮᠦᠵᠢᠯ᠂ ᠵᠢᠭᠤᠯᠴᠢᠯᠠᠯ᠂ ᠬᠡᠪᠯᠡᠯ ᠮᠡᠳᠡᠬᠡᠯᠡᠯ ᠵᠡᠷᠭᠡ ᠰᠤᠶᠤᠯ ᠢᠷᠭᠡᠨᠰᠢᠯ ᠤᠨ ᠬᠠᠮᠲᠤ ᠶᠢᠨ ᠠᠵᠢᠯᠯᠠᠭ᠎ᠠ ᠮᠠᠰᠢ ᠬᠦᠭᠵᠢᠭᠡᠨ ᠲᠠᠢ ᠶᠠᠪᠤᠭᠲᠠᠵᠤ᠂《ᠨᠢᠭᠡ ᠪᠦᠰᠡ ᠨᠢᠭᠡ ᠵᠠᠮ》 ᠳᠠᠭᠠᠤ ᠵᠢᠨ ᠰᠤᠶᠤᠯ ᠢᠷᠭᠡᠨᠰᠢᠯ ᠤᠨ ᠬᠠᠷᠢᠯᠴᠠᠭ᠎ᠠ ᠶᠢ ᠬᠦᠭᠵᠢᠭᠡᠪᠡ᠂ ᠬᠤᠶᠠᠷ ᠲᠠᠯ᠎ᠠ ᠪᠡᠷ ᠵᠢᠡᠨ ᠦᠷᠭᠦᠯᠵᠢᠯᠡᠨ ᠶᠡᠬᠡ ᠬᠡᠪᠴᠢᠶᠠᠨ ᠤ ᠤᠯᠤᠰ ᠤᠨ ᠭᠤᠤᠯ ᠰᠡᠳᠦᠪᠲᠦ ᠤᠨ ᠤ ᠠᠵᠢᠯᠯᠠᠭ᠎ᠠ ᠦᠷᠨᠢᠭᠦᠯᠵᠤ᠂ ᠬᠤᠶᠠᠷ ᠤᠯᠤᠰ ᠤᠨ ᠤᠷᠤᠨ ᠨᠤᠲᠤᠭ ᠤᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠠᠬᠢᠭᠤᠯᠵᠤ᠂ ᠬᠤᠶᠠᠷ ᠤᠯᠤᠰ ᠤᠨ ᠬᠠᠷᠢᠯᠴᠠᠭᠠᠨ ᠤ ᠢᠷᠬᠡᠳ ᠤᠨ ᠰᠠᠨᠠᠭ᠎ᠠ ᠵᠢᠨ ᠰᠠᠭᠤᠷᠢ ᠵᠢ ᠤᠯᠠᠮ ᠴᠢᠨᠠᠭᠰᠢᠳᠠ ᠪᠡᠬᠢᠵᠢᠭᠦᠯᠦᠨ᠎ᠡ ᠭᠡᠵᠤ ᠵᠢᠭᠠᠵᠤ ᠭᠠᠷᠭᠠᠪᠠ᠃

    ᠮᠧᠳ᠋ᠧᠧᠳ᠋ᠧᠪ ᠤᠷᠤᠰ ᠤᠨ ᠶᠡᠷᠦᠩᠬᠡᠢᠢᠯᠡᠭᠴᠢ ᠫᠦᠲ᠋ᠢᠨ ᠤ ᠲᠡᠷᠢᠭᠦᠯᠡᠭᠴᠢ ᠰᠢ ᠵᠢᠨ ᠫᠢᠩ ᠳᠦ ᠳᠡᠪᠰᠢᠭᠦᠯᠦᠭᠰᠡᠨ ᠳᠤᠳᠤᠨᠤ ᠮᠡᠨᠳᠦᠴᠢᠯᠡᠯ ᠪᠤᠯᠤᠨ ᠰᠠᠢᠢᠨ ᠰᠠᠢᠢᠬᠠᠨ ᠵᠦᠩᠨᠡᠯ ᠢ ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠠᠮᠵᠢᠯᠲᠠ ᠲᠠᠢ ᠪᠡᠷ ᠲᠡᠭᠦᠰᠦᠭᠰᠡᠨ ᠪᠤᠯᠤᠨ ᠰᠢ ᠵᠢᠨ ᠫᠢᠩ ᠤᠨ ᠳᠠᠬᠢᠨᠳᠠ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭᠤᠭᠳᠠᠭᠰᠠᠨ ᠳᠦ ᠬᠠᠯᠠᠭᠤᠨ ᠪᠠᠶᠠᠷ ᠬᠦᠷᠭᠡᠵᠠᠢ᠃ ᠮᠧᠳ᠋ᠧᠧᠳ᠋ᠧᠪ᠂ ᠳᠤᠮᠳᠠᠳᠤ ᠤᠯᠤᠰ ᠤᠨ ᠡᠪ ᠬᠠᠮᠲᠦ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠳᠤᠮᠳᠠᠳᠤ ᠤᠯᠤᠰ ᠤᠨ ᠢᠷᠡᠭᠡᠳᠦᠢ ᠵᠢᠨ ᠬᠦᠭᠵᠢᠯᠲᠠ ᠵᠢᠨ ᠠᠤᠭ᠎ᠠ ᠲᠦᠰᠦᠪ ᠢ ᠵᠢᠷᠤᠭᠯᠠᠵᠠᠢ᠂ ᠳᠤᠮᠳᠠᠳᠤ ᠤᠯᠤᠰ ᠪᠤᠯᠤᠨ ᠳᠡᠯᠡᠬᠡᠢ ᠳ᠋ᠠᠬᠢᠨ ᠳᠦ ᠴᠦᠮ ᠴᠢᠬᠤᠯᠠ ᠶᠡᠬᠡ ᠠᠴᠢ ᠬᠤᠯᠪᠤᠭᠳᠠᠯ ᠲᠠᠢ ᠶᠤᠮ᠃ ᠤᠷᠤᠰ ᠤᠨ ᠬᠢᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠦᠢᠯᠡᠰ ᠲᠠᠰᠤᠷᠠᠯᠲᠠ ᠦᠭᠡᠢ ᠠᠮᠵᠢᠯᠲᠠ ᠤᠯᠬᠤ ᠵᠢ ᠴᠢᠩ ᠰᠡᠳᠭᠢᠯ ᠡᠴᠡ ᠪᠠᠨ ᠵᠦᠩᠨᠡᠵᠤ ᠪᠠᠢᠢᠨ᠎ᠠ᠂ ᠡᠨᠡᠬᠦ ᠶᠠᠪᠤᠴᠠ ᠳᠤᠮᠳᠠ ᠤᠷᠤᠰ ᠳᠤᠮᠳᠠᠳᠤ ᠵᠢᠨ ᠪᠦᠬᠦ ᠲᠠᠯ᠎ᠠ ᠵᠢᠨ ᠪᠠᠢᠢᠯᠳᠤᠬᠤ ᠪᠤᠳᠤᠯᠭ᠎ᠠ ᠵᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭ᠎ᠠ ᠨᠡᠩ ᠪᠦᠬᠦ ᠲᠠᠯ᠎ᠠ ᠵᠢᠨ ᠭᠦᠨᠵᠡᠭᠡᠢ ᠬᠦᠭᠵᠢᠯᠲᠠ ᠲᠠᠢ ᠪᠤᠯᠤᠨ᠎ᠠ ᠭᠡᠳᠡᠭ ᠲᠤ ᠢᠳᠡᠭᠡᠵᠤ ᠪᠠᠢᠢᠨ᠎ᠠ᠃ ᠲᠡᠷᠢᠭᠦᠯᠡᠭᠴᠢ ᠰᠢ ᠵᠢᠨ ᠫᠢᠩ ᠡᠨᠡ ᠵᠢᠯ ᠤᠨ 7 ᠰᠠᠷ᠎ᠠ ᠳᠦ ᠤᠷᠤᠰ ᠲᠦ ᠠᠮᠵᠢᠯᠲᠠ ᠲᠠᠢ ᠪᠡᠷ ᠠᠢᠢᠯᠴᠢᠯᠠᠭᠰᠠᠨ ᠤ ᠳᠠᠷᠠᠭ᠎ᠠ᠂ ᠤᠷᠤᠰ ᠳᠤᠮᠳᠠᠳᠤ ᠬᠤᠶᠠᠷ ᠲᠠᠯ᠎ᠠ ᠵᠢᠨ ᠡᠳ᠋ ᠤᠨ ᠵᠠᠰᠠᠭ᠂ ᠡᠷᠴᠢᠮ ᠬᠦᠴᠦ᠂ ᠬᠦᠷᠦᠩᠬᠡ ᠤᠷᠤᠭᠤᠯᠤᠯᠲᠠ᠂ ᠰᠢᠨ᠎ᠠ ᠡᠭᠦᠳᠦᠯᠳᠡ᠂ ᠰᠤᠶᠤᠯ ᠢᠷᠭᠡᠨᠰᠢᠯ᠂ ᠡᠧᠦ᠋ᠷᠦᠫᠠ ᠠᠽᠢᠶ᠎ᠠ ᠵᠢᠨ ᠡᠳ᠋ ᠤᠨ ᠵᠠᠰᠠᠭ ᠤᠨ ᠬᠤᠯᠪᠤᠭ᠎ᠠ ᠵᠢ《ᠨᠢᠭᠡ ᠪᠦᠰᠡ ᠨᠢᠭᠡ ᠵᠠᠮ》 ᠤᠨ ᠪᠦᠲᠦᠭᠡᠨ ᠪᠠᠢᠢᠭᠤᠯᠤᠯᠲᠠ ᠯᠤᠭ᠎ᠠ ᠵᠤᠯᠭᠠᠭᠤᠯᠬᠤ ᠵᠡᠷᠭᠡ ᠰᠠᠯᠪᠤᠷᠢ ᠶᠢᠨ ᠬᠠᠮᠳᠤ ᠶᠢᠨ ᠠᠵᠢᠯᠯᠠᠭ᠎ᠠ ᠨᠡᠩ ᠤᠯᠠᠨ ᠢᠳᠡᠪᠬᠢ ᠠᠬᠢᠴᠠ ᠲᠠᠢ ᠪᠤᠯᠵᠠᠢ᠃ ᠤᠷᠤᠰ ᠤᠨ ᠲᠠᠯ᠎ᠠ ᠵᠢᠨ ᠬᠢᠨ ᠡᠭᠦᠨ ᠳᠦ ᠲᠤᠩ ᠬᠠᠨᠤᠮᠵᠢᠲᠠᠢ ᠪᠠᠢᠢᠨ᠎ᠠ᠂ ᠳᠤᠷᠠᠳᠠᠶ᠎ᠠ ᠳᠤᠮᠳᠠᠳᠤ ᠤᠯᠤᠰ ᠯᠤᠭ᠎ᠠ ᠡᠯ᠎ᠠ ᠰᠠᠯᠪᠤᠷᠢ ᠶᠢᠨ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠪᠠᠨ ᠤᠯᠠᠮ ᠴᠢᠨᠠᠭᠰᠢᠳᠠ ᠨᠢᠭᠳᠠᠷᠠᠭᠤᠯᠵᠤ᠂ ᠳᠡᠯᠡᠬᠡᠢ ᠵᠢᠨ ᠪᠤᠯᠤᠨ ᠪᠦᠰᠡ ᠨᠤᠳᠤᠭ ᠤᠨ ᠬᠡᠷᠡᠭ ᠶᠠᠪᠤᠳᠠᠯ ᠤᠨ ᠳᠠᠯ᠎ᠠ ᠪᠡᠷ ᠬᠢ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠨ᠎ᠠ ᠭᠡᠵᠤ ᠢᠯᠡᠳᠭᠡᠪᠡ᠃

    ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶ᠎ᠠ ᠵᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ ᠤᠨ ᠡᠷᠬᠢᠯᠡᠭᠴᠢ ᠳ᠋ᠢᠩ ᠰᠢᠤᠧᠠᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠵᠢᠨ ᠲᠤᠪᠴᠢᠶ᠎ᠠ ᠵᠢᠨ ᠭᠡᠰᠢᠭᠦᠨ᠂ ᠲᠦᠷᠦ ᠵᠢᠨ ᠶᠠᠪᠤᠳᠠᠯ ᠤᠨ ᠭᠡᠰᠢᠭᠦᠨ ᠶᠠᠩ ᠵᠢᠶᠧ ᡂᠢ ᠨᠠᠷ ᠠᠭᠤᠯᠵᠠᠯᠲᠠ ᠳᠦ ᠤᠷᠤᠯᠴᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701121893575