蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ APEC ᠳᠤ ᠤᠷᠤᠯᠴᠠᠨ ᠸᠢᠶᠧᠲ᠋ᠨᠠᠮ ᠯᠠᠤᠰ ᠲᠤ ᠳᠦᠷᠦ ᠶᠢᠨ ᠠᠶᠢᠯᠴᠢᠯᠠᠯ ᠬᠢᠬᠦ ᠪᠡᠷ ᠪᠡᠬᠡᠵᠢᠩ ᠡᠴᠡ ᠮᠤᠷᠳᠠᠪᠠ

2017-11-10 16:34

    ᠰᠢᠨᠬᠤᠧᠠ ᠬᠤᠷᠢᠶ᠎ᠠ   ᠪᠡᠭᠡᠵᠢᠩ ᠤᠨ 11 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ   ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ ᠰᠢ ᠵᠢᠨ ᠫᠢᠩ ᠸᠢᠶᠧᠲ᠋ᠨᠠᠮ ᠤᠨ ᠨᠡᠶᠢᠬᠡᠮ ᠵᠢᠷᠤᠮᠳᠤ ᠪᠦᠬᠦᠳᠡ ᠨᠠᠶᠢᠷᠠᠮᠳᠠᠬᠤ ᠤᠯᠤᠰ ᠤᠨ ᠳᠡᠷᠢᠬᠦᠯᠡᠭᠴᠢ ᠴᠧᠨ ᠳ᠋ᠠ ᠭᠤᠧᠠᠩ ᠤᠨ ᠤᠷᠢᠯᠭ᠎ᠠ ᠪᠡᠷ ᠠᠽᠢᠶ᠎ᠠ ᠨᠤᠮᠤᠬᠠᠨ ᠳᠠᠯᠠᠢ ᠶᠢᠨ ᠤᠷᠤᠨ ᠤ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠳᠠ ᠶᠢᠨ ᠬᠤᠷᠢᠨ ᠳᠠᠪᠤᠳᠡᠬᠢ ᠤᠳᠤᠷᠢᠳᠬᠤ ᠬᠦᠮᠦᠰ ᠤᠨ ᠠᠯᠪᠠᠨ ᠤ ᠪᠤᠰᠤ ᠬᠤᠷᠠᠯ ᠳᠤ ᠤᠷᠤᠯᠴᠠᠵᠤ᠂ ᠮᠦᠨ ᠸᠢᠶᠧᠲ᠋ᠨᠠᠮ ᠤᠨ ᠡᠪ ᠬᠠᠮᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠷᠤᠧᠠᠨ ᠹᠦ᠋ ᠵᠦᠩ᠂ ᠸᠢᠶᠧᠲ᠋ᠨᠠᠮ ᠤᠨ ᠨᠡᠶᠢᠬᠡᠮ ᠵᠢᠷᠤᠮᠳᠤ ᠪᠦᠬᠦᠳᠡ ᠨᠠᠶᠢᠷᠠᠮᠳᠠᠬᠤ ᠤᠯᠤᠰ ᠤᠨ ᠳᠡᠷᠢᠬᠦᠯᠡᠭᠴᠢ ᠴᠧᠨ ᠳ᠋ᠠ ᠭᠤᠧᠠᠩ ᠪᠤᠯᠤᠨ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠯᠠᠤᠰ ᠤᠨ ᠠᠷᠠᠳ ᠤᠨ ᠠᠷᠠᠳᠴᠢᠯᠠᠭᠰᠠᠨ ᠪᠦᠬᠦᠳᠡ ᠨᠠᠶᠢᠷᠠᠮᠳᠠᠬᠤ ᠤᠯᠤᠰ ᠤᠨ ᠳᠡᠷᠢᠬᠦᠯᠡᠭᠴᠢ ᠪᠧᠨᠶᠠᠩ ᠤᠨ ᠤᠷᠢᠯᠭ᠎ᠠ ᠪᠡᠷ ᠳᠤᠰ ᠬᠤᠶᠠᠷ ᠬᠦᠷᠦᠨ ᠳᠤ ᠳᠦᠷᠦ ᠶᠢᠨ ᠠᠶᠢᠯᠴᠢᠯᠠᠯ ᠬᠢᠬᠦ ᠪᠡᠷ 10 ᠤ ᠦᠳᠡ ᠡᠴᠡ ᠡᠮᠦᠨ᠎ᠡ ᠳᠤᠰᠬᠠᠢ ᠨᠢᠰᠬᠦ ᠤᠩᠭᠤᠴᠠ ᠪᠡᠷ ᠪᠡᠬᠡᠵᠢᠩ ᠡᠴᠡ ᠮᠤᠷᠳᠠᠪᠠ᠃

    ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ᠂ ᠳᠦᠪ ᠤᠨ ᠠᠯᠪᠠᠨ ᠳᠢᠩᠬᠢᠮ ᠤᠨ ᠡᠷᠬᠢᠯᠡᠭᠴᠢ ᠳ᠋ᠢᠩ ᠰᠢᠤᠧᠠᠢ ᠰᠢᠶᠠᠩ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠪ ᠤᠨ ᠡᠳ᠋ ᠤᠨ ᠵᠠᠰᠠᠭ ᠤᠨ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠯᠢᠦ ᠡᠾᠧ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠬᠡᠰᠢᠬᠦᠨ ᠶᠠᠩ ᠵᠢᠶᠧ ᡂᠢ ᠨᠠᠷ ᠰᠢ ᠵᠢᠨ ᠫᠢᠩ ᠳᠤ ᠪᠠᠷ᠎ᠠ ᠪᠤᠯᠵᠤ ᠮᠤᠷᠳᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121937108