蒙古文网站Logo
ᠰᠢᠨᠬᠤᠸᠠ ᠮᠤᠩᠭ᠋ᠤᠯ ᠨᠧᠲ

ᠰᠢ ᠵᠢᠨ ᠫᠢᠩ ᠪᠤᠯᠵᠤᠭ᠎ᠠ ᠪᠡᠷ ᠠᠮᠧᠷᠢᠺᠠ ᠵᠢᠨ ᠶᠡᠷᠦᠩᠬᠡᠢᠢᠯᠡᠭᠴᠢ ᠲᠷᠠᠮᠫ ᠲᠠᠢ ᠤᠳᠠᠰᠤ ᠪᠡᠷ ᠶᠠᠷᠢᠯᠴᠠᠪᠠ

2017-11-30 12:26

    ᠰᠢᠨᠬᠤᠧᠡ ᠬᠤᠷᠢᠶ᠎ᠠ   ᠪᠡᠭᠡᠵᠢᠩ ᠤᠨ 11 ᠰᠠᠷ᠎ᠠ ᠵᠢᠨ 29 ᠤ ᠡᠳᠤᠷ ᠤᠨ ᠴᠠᠬᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠵᠢᠨ ᠫᠢᠩ 29 ᠤ ᠡᠳᠦᠷ ᠪᠤᠯᠵᠤᠭ᠎ᠠ ᠪᠡᠷ ᠠᠮᠧᠷᠢᠺᠠ ᠵᠢᠨ ᠶᠡᠷᠦᠩᠬᠡᠢᠢᠯᠡᠭᠴᠢ ᠲᠷᠠᠮᠫ ᠲᠠᠢ ᠤᠳᠠᠰᠤ ᠪᠡᠷ ᠶᠠᠷᠢᠯᠴᠠᠵᠠᠢ᠃

    ᠰᠢ ᠵᠢᠨ ᠫᠢᠩ᠂ ᠶᠡᠷᠦᠩᠬᠡᠢᠢᠯᠡᠭᠴᠢ ᠠᠪᠤᠭᠠᠢ ᠲᠦᠷᠦᠭᠦᠬᠡᠨ ᠳᠤᠮᠳᠠᠳᠤ ᠤᠯᠤᠰ ᠲᠦ ᠮᠠᠰᠢ ᠠᠮᠵᠢᠯᠳᠠ ᠳᠠᠢ ᠲᠦᠷᠦ ᠵᠢᠨ ᠠᠢᠢᠯᠴᠢᠯᠠᠯ ᠬᠢᠵᠠᠢ᠂ ᠪᠢᠳᠡ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠤᠯᠤᠨ ᠬᠠᠮᠲᠦᠪᠡᠷ ᠠᠩᠬᠠᠷᠴᠤ ᠪᠠᠢᠢᠭ᠎ᠠ ᠴᠢᠬᠤᠯᠠ ᠶᠡᠬᠡ ᠠᠰᠠᠭᠤᠳᠠᠯ ᠢᠶᠡᠷ ᠭᠤᠤᠯᠳᠠᠭᠤᠯᠤᠨ ᠰᠠᠨᠠᠯ ᠵᠢᠡᠨ ᠭᠦᠨᠵᠡᠭᠡᠢ ᠰᠤᠯᠢᠯᠴᠠᠵᠤ᠂ ᠤᠯᠠᠨ ᠲᠠᠯ᠎ᠠ ᠶᠢᠨ ᠴᠢᠬᠤᠯᠠ ᠬᠠᠮᠲᠦ ᠵᠢᠨ ᠲᠠᠨᠢᠯᠲᠠ ᠲᠠᠢ ᠪᠤᠯᠵᠠᠢ᠂ ᠡᠨᠡ ᠨᠢ ᠳᠤᠮᠳᠠᠳᠤ ᠠᠮᠧᠷᠢᠺᠠ ᠵᠢᠨ ᠬᠠᠷᠢᠯᠴᠠᠭᠠᠨ ᠤ ᠡᠷᠡᠭᠦᠯ ᠲᠤᠭᠳᠠᠭᠤᠨ ᠬᠦᠭ᠍ᠵᠢᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ ᠭᠡᠵᠤ ᠵᠢᠭᠠᠵᠤ ᠭᠠᠷᠭᠠᠪᠠ᠃

    ᠰᠢ ᠵᠢᠨ ᠫᠢᠩ᠂ ᠳᠤᠮᠳᠠᠳᠤ ᠠᠮᠧᠷᠢᠺᠠ ᠬᠤᠶᠠᠷ ᠲᠠᠯ᠎ᠠ ᠪᠡᠷ ᠢᠶᠡᠨ ᠬᠤᠶᠠᠷ ᠤᠯᠤᠰ ᠤᠨ ᠲᠡᠷᠢᠭᠦᠨ ᠤ ᠲᠤᠬᠢᠷᠠᠯᠴᠠᠭᠰᠠᠨ ᠴᠢᠬᠤᠯᠠ ᠬᠠᠮᠲᠦ ᠶᠢᠨ ᠲᠠᠨᠢᠯᠲᠠ ᠶᠢ ᠰᠠᠢᠢᠲᠤᠷ ᠨᠠᠢᠢᠳᠠᠪᠤᠷᠢᠵᠢᠭᠤᠯᠵᠤ᠂ ᠬᠤᠶᠠᠷ ᠤᠯᠤᠰ  ᠤᠨ ᠳᠡᠭᠡᠳᠦ ᠳᠠᠪᠬᠤᠷᠭ᠎ᠠ ᠵᠢᠴᠢ ᠡᠯ᠎ᠠ ᠲᠡᠰ ᠤᠨ ᠶᠠᠪᠤᠯᠴᠠᠭ᠎ᠠ ᠶᠢ ᠨᠠᠷᠢᠨ ᠬᠢᠨᠠᠮᠠᠭᠠᠢ ᠲᠦᠯᠦᠪᠵᠢᠭᠦᠯᠦᠨ ᠲᠤᠬᠢᠷᠠᠭᠤᠯᠵᠤ᠂ ᠳᠤᠮᠳᠠᠳᠤ ᠠᠮᠧᠷᠢᠺᠠ ᠵᠢᠨ 4 ᠳᠡᠭᠡᠳᠦ ᠳᠡᠰ ᠤᠨ ᠶᠠᠷᠢᠯᠴᠠᠭᠠᠨ ᠤ ᠲᠤᠭᠳᠠᠴᠠ ᠶᠢᠨ ᠬᠤᠶᠠᠳᠤᠭᠠᠷ ᠡᠭᠡᠯᠵᠢ ᠶᠢᠨ ᠶᠠᠷᠢᠯᠴᠠᠭ᠎ᠠ ᠶᠢ ᠰᠠᠢᠢᠲᠤᠷ ᠡᠷᠬᠢᠯᠡᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠵᠦᠪᠯᠡᠯᠴᠡᠭᠡᠷ ᠪᠤᠯᠤᠨ ᠲᠦᠷᠦᠯ ᠵᠦᠢᠯ ᠢ ᠳᠠᠷᠤᠢᠢᠬᠠᠨ ᠨᠠᠢᠢᠳᠠᠪᠤᠷᠢᠵᠢᠭᠤᠯᠤᠶ᠎ᠠ᠃ ᠬᠤᠶᠠᠷ ᠲᠠᠯ᠎ᠠ ᠪᠡᠷ ᠢᠶᠡᠨ ᠳᠡᠯᠡᠬᠡᠢ ᠶᠢᠨ ᠪᠠ ᠭᠠᠵᠠᠷ ᠤᠷᠤᠨ ᠤ ᠴᠢᠬᠤᠯᠠ ᠶᠡᠬᠡ ᠠᠰᠠᠭᠤᠳᠠᠯ ᠤᠨ ᠲᠤᠬᠠᠢ ᠨᠢᠬᠳᠠ ᠤᠯᠤᠯᠴᠠᠵᠤ ᠵᠤᠬᠢᠴᠠᠭᠤᠯᠬᠤ ᠪᠠᠨ ᠪᠠᠲᠤᠯᠠᠶ᠎ᠠ ᠭᠡᠵᠤ ᠴᠢᠬᠤᠯᠠᠴᠢᠯᠠᠵᠠᠢ᠃

    ᠲᠷᠠᠮᠫ᠂ ᠮᠢᠨᠤ ᠪᠡᠶ᠎ᠡ ᠳᠤᠮᠳᠠᠳᠤ ᠤᠯᠤᠰ ᠲᠦ ᠠᠢᠢᠯᠴᠢᠯᠠᠬᠤ ᠳᠤ ᠲᠡᠷᠢᠬᠦᠯᠡᠭᠴᠢ ᠰᠢ ᠶᠢᠨ ᠫᠢᠩ ᠬᠠᠯᠠᠭᠤᠮᠰᠤᠬ ᠢᠶᠡᠷ ᠵᠤᠴᠢᠯᠠᠬᠰᠠᠨ ᠳ᠋ᠦ ᠲᠠᠬᠢᠨᠳᠠ ᠳᠠᠯᠠᠷᠬᠠᠵᠦ ᠪᠠᠢᠢᠨ᠎ᠠ᠂ ᠳᠤᠮᠳᠠᠳᠤ ᠤᠯᠤᠰ ᠤᠨ ᠦᠨᠢ ᠤᠳᠠᠭᠠᠨ ᠲᠡᠦᠭᠡ ᠲᠠᠢ ᠭᠡᠷᠡᠯ ᠰᠠᠴᠤᠷᠠᠩᠭ᠋ᠤᠢ ᠲᠡᠦᠭᠡ ᠰᠤᠶᠤᠯ ᠴᠦ ᠨᠠᠳᠠ ᠳᠤ ᠬᠦᠨ ᠰᠠᠭᠤᠭᠳᠠᠯ ᠦᠯᠡᠳᠡᠭᠡᠵᠡᠢ᠃ ᠪᠢ ᠲᠡᠷᠢᠬᠦᠯᠡᠭᠴᠢ ᠰᠢ ᠵᠢᠨ ᠫᠢᠩ ᠤᠨ ᠠᠢᠢᠯᠴᠢᠯᠠᠯ ᠤᠨ ᠦᠷ᠎ᠠ ᠪᠦᠳᠦᠭᠡᠯ ᠤᠨ ᠲᠤᠬᠠᠢ ᠢᠳᠡᠪᠬᠢᠳᠠᠢ ᠦᠨᠡᠯᠡᠯᠳᠠ ᠪᠠ ᠠᠮᠧᠷᠢᠺᠠ ᠳᠤᠮᠳᠠᠳᠤ ᠶᠢᠨ ᠬᠠᠷᠢᠯᠴᠠᠭ᠎ᠠ ᠵᠢ ᠠᠬᠢᠭᠤᠯᠬᠤ ᠦᠵᠡᠯᠳᠠ ᠶᠢ ᠵᠦᠪᠰᠢᠶᠡᠷᠡᠵᠦ ᠪᠠᠢᠢᠨ᠎ᠠ ᠭᠡᠵᠦ ᠢᠯᠡᠳᠭᠡᠵᠡᠢ᠃

    ᠲᠷᠠᠮᠫ᠂ ᠠᠮᠧᠷᠢᠺᠠ ᠶᠢᠨ ᠲᠠᠯ᠎ᠠ ᠰᠤᠯᠤᠩᠭ᠋ᠤᠰ ᠤᠨ ᠰᠤᠮᠤᠨ ᠵᠠᠮᠳᠦ ᠵᠠᠯᠠᠭᠤᠷᠳᠤ ᠰᠤᠮᠤ ᠲᠤᠷᠰᠢᠨ ᠬᠠᠷᠪᠤᠭᠰᠠᠨ ᠠᠵᠢᠯᠯᠠᠭ᠎ᠠ ᠵᠢᠨ ᠤᠯᠠᠨ ᠤᠯᠤᠰ ᠤᠨ ᠠᠶᠤᠯᠬᠦᠢ ᠳᠤ ᠦᠵᠡᠬᠦᠯᠬᠦ ᠨᠦᠯᠦᠭᠡ ᠵᠢᠨ ᠲᠠᠯ᠎ᠠ ᠪᠡᠷ ᠮᠠᠰᠢ ᠰᠠᠨᠠᠭᠠᠰᠢᠷᠠᠵᠦ ᠪᠤᠢ᠃ ᠠᠮᠧᠷᠢᠺᠠ ᠵᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠵᠢᠨ ᠬᠢᠨ ᠤ ᠰᠤᠯᠤᠩᠭ᠋ᠤᠰ ᠤᠨ ᠴᠦᠮ᠎ᠠ ᠶᠢᠨ ᠠᠰᠠᠭᠤᠳᠠᠯ ᠢ ᠰᠢᠢᠳᠪᠤᠷᠢᠯᠡᠬᠦ ᠲᠠᠯ᠎ᠠ ᠪᠡᠷ ᠬᠢ ᠦᠢᠯᠡᠳᠦᠯ ᠢ ᠴᠢᠬᠤᠯᠠᠴᠢᠯᠠᠵᠦ᠂ ᠳᠤᠷᠠᠳᠠᠶ᠎ᠠ ᠳᠤᠮᠳᠠᠳᠤ ᠶᠢᠨ ᠲᠠᠯ᠎ᠠ ᠲᠠᠢ ᠤᠯᠤᠯᠴᠠᠭ᠎ᠠ ᠪᠡᠨ ᠴᠢᠩᠭ᠋ᠠᠳᠬᠠᠵᠦ᠂ ᠰᠤᠯᠤᠩᠭ᠋ᠤᠰ ᠬᠤᠢᠢᠬ ᠤᠨ ᠴᠦᠮ᠎ᠠ ᠶᠢᠨ ᠠᠰᠠᠭᠤᠳᠠᠯ ᠢ ᠰᠢᠢᠳᠪᠤᠷᠢᠯᠡᠬᠦ ᠠᠷᠭ᠎ᠠ ᠵᠢ ᠰᠦᠪᠡᠭ᠍ᠴᠢᠯᠡᠵᠦ ᠤᠯᠤᠨ᠎ᠠ ᠭᠡᠵᠦ ᠢᠯᠡᠳᠭᠡᠪᠡ᠃

    ᠰᠢ ᠵᠢᠨ ᠫᠢᠩ᠂ ᠰᠤᠯᠤᠩᠭ᠋ᠤᠰ ᠬᠤᠢᠢᠬ ᠢ ᠴᠦᠮ᠎ᠠ ᠶᠢᠨ ᠵᠡᠪᠰᠡᠭ ᠦᠭᠡᠢ ᠤᠷᠤᠨ ᠪᠤᠯᠭᠠᠬᠤ ᠵᠢ ᠪᠡᠶᠡᠯᠡᠬᠦᠯᠬᠦ᠂ ᠤᠯᠠᠨ ᠤᠯᠤᠰ ᠤᠨ ᠴᠦᠮ᠎ᠠ ᠶᠢᠨ ᠵᠡᠪᠰᠡᠭ ᠢ ᠦᠯᠦ ᠳᠠᠷᠬᠠᠭᠠᠬᠤ ᠰᠢᠰᠲ᠋ᠧᠮ ᠢ ᠬᠠᠮᠠᠭᠠᠯᠠᠬᠤ᠂ ᠵᠡᠬᠦᠨ ᠬᠤᠢᠢᠳᠦ ᠠᠽᠢᠶ᠎ᠠ ᠶᠢᠨ ᠡᠩᠭᠡ ᠲᠠᠢᠢᠪᠤᠩ ᠲᠤᠭᠳᠠᠭᠤᠨ ᠪᠠᠢᠢᠳᠠᠯ ᠢ ᠬᠠᠮᠠᠭᠠᠯᠠᠬᠤ ᠪᠤᠯ ᠳᠤᠮᠳᠠᠳᠤ ᠶᠢᠨ ᠲᠠᠯ᠎ᠠ ᠶᠢᠨ ᠡᠷᠡᠰ ᠭᠤᠢᠢᠪᠢᠰᠢ ᠦᠭᠡᠢ ᠪᠠᠷᠢᠮᠳᠠᠯᠠᠬᠤ ᠬᠠᠷᠠᠯᠳᠠ ᠮᠦᠨ᠃ ᠳᠤᠮᠳᠠᠳᠤ ᠶᠢᠨ ᠲᠠᠯ᠎ᠠ ᠳᠤᠷᠠᠳᠠᠶ᠎ᠠ ᠠᠮᠧᠷᠢᠺᠠ ᠶᠢᠨ ᠲᠠᠯ᠎ᠠ ᠶᠢ ᠪᠠᠬᠳᠠᠭᠠᠭᠰᠠᠨ ᠬᠤᠯᠪᠤᠭᠳᠠᠯ ᠪᠦᠬᠦᠢ ᠲᠠᠯ᠎ᠠ ᠶᠢᠨ ᠬᠢᠨ ᠲᠠᠢ ᠦᠷᠬᠦᠯᠵᠢᠯᠡᠨ ᠤᠯᠤᠯᠴᠠᠭ᠎ᠠ ᠪᠡᠨ ᠪᠠᠳᠤᠯᠠᠵᠦ᠂ ᠰᠤᠯᠤᠩᠭ᠋ᠤᠰ ᠬᠤᠢᠢᠬ ᠤᠨ ᠴᠦᠮ᠎ᠠ ᠶᠢᠨ ᠠᠰᠠᠭᠤᠳᠠᠯ  ᠢ ᠶᠠᠷᠢᠯᠴᠠᠵᠦ ᠭᠡᠯᠡᠯᠴᠡᠭᠡ ᠬᠢᠬᠦ᠂ ᠨᠠᠢᠢᠷᠠᠮᠳᠠᠯ ᠢᠶᠡᠷ ᠰᠢᠢᠳᠪᠤᠷᠢᠯᠡᠬᠦ ᠴᠢᠭᠯᠡᠯ ᠲᠡᠰᠢ ᠬᠦᠭ᠍ᠵᠢᠬᠦ ᠵᠢ ᠬᠠᠮᠳᠤᠪᠡᠷ ᠠᠬᠢᠭᠤᠯᠤᠨ᠎ᠠ ᠭᠡᠵᠦ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122033773