ᠰᠢ ᠵᠢᠨ ᠫᠢᠩ᠄《ᠲᠦᠷᠪᠡᠨ ᠰᠤᠷᠳᠠᠯ》 ᠢ ᠵᠠᠯᠠᠷᠠᠭᠤᠯᠬᠤ ᠢᠢ ᠵᠤᠭᠰᠤᠭᠠᠵᠥ ᠪᠤᠯᠬᠤ ᠦᠭᠡᠢ ᠰᠤᠷᠳᠠᠯ ᠤᠨ ᠪᠠᠢᠢᠭᠤᠯᠤᠯᠳᠠ ᠬᠡᠵᠢᠶᠡᠳᠡ ᠲᠠᠭᠤᠰᠤᠰᠢ ᠦᠭᠡᠢ 2017-12-12 10:25

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠢᠢᠨ 11 ᠤ ᠡᠳᠦᠷ ᠤᠨ ᠴᠠᠬᠢᠯᠭᠠᠨ ᠮᠡᠳᠡᠬᠡ   ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠵᠢᠨ ᠫᠢᠩ ᠤᠢᠢᠷ᠎ᠠ ᠢᠢᠨ ᠡᠳᠤᠷ ᠴᠢᠬᠤᠯᠠ ᠵᠢᠭᠠᠪᠤᠷᠢ ᠦᠭᠴᠦ᠂ 《ᠲᠦᠷᠪᠡᠨ ᠰᠤᠷᠳᠠᠯ》 ᠢ ᠵᠠᠯᠠᠷᠠᠭᠤᠯᠬᠤ ᠢᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠢᠢᠭᠤᠯᠤᠯᠳᠠ ᠬᠡᠵᠢᠶᠡᠳᠡ ᠲᠠᠭᠤᠰᠤᠰᠢ ᠦᠭᠡᠢ ᠶᠤᠮ ᠬᠡᠵᠥ ᠴᠢᠬᠤᠯᠠᠴᠢᠯᠠᠪᠠ᠃

    ᠰᠢ ᠵᠢᠨ ᠫᠢᠩ ᠰᠢᠨᠬᠤᠸᠠ ᠬᠤᠷᠢᠶᠠᠨ ᠤ《ᠬᠡᠯᠪᠡᠷᠢᠴᠢ ᠦᠵᠡᠯ ᠨᠤᠶᠠᠨᠴᠢ ᠰᠤᠷᠳᠠᠯ ᠤᠨ ᠰᠢᠨ᠎ᠠ ᠢᠯᠡᠷᠡᠯ ᠢ ᠰᠡᠷᠡᠮᠵᠢᠯᠡᠬᠦᠰᠢᠳᠠᠢ》ᠬᠡᠬᠦ ᠵᠤᠬᠢᠶᠠᠯ ᠳ᠋ᠤ ᠴᠢᠭᠯᠡᠬᠦᠯᠥᠨ ᠵᠢᠭᠠᠪᠤᠷᠢ ᠦᠭᠬᠦᠭᠰᠡᠡ ᠶᠤᠮ᠃ ᠲᠡᠷᠡ᠂ ᠵᠤᠬᠢᠶᠠᠯ ᠳ᠋ᠤ ᠲᠤᠰᠬᠠᠭᠰᠠᠠ ᠪᠠᠢᠢᠳᠠᠯ ᠢ ᠦᠵᠡᠬᠦ ᠳ᠋ᠤ ᠰᠢᠨ᠎ᠠ ᠢᠯᠡᠷᠡᠯ ᠰᠢᠭ᠌ ᠪᠤᠯᠪᠠᠴᠦ᠂ ᠦᠨᠡᠨ ᠳ᠋ᠡᠬᠡᠨ ᠬᠠᠭᠤᠴᠢᠨ ᠠᠰᠠᠭᠤᠳᠠᠯ ᠶᠤᠮ᠂ ᠡᠨᠡ ᠨᠢ《ᠲᠦᠷᠪᠡᠨ ᠰᠤᠷᠳᠠᠯ》 ᠤᠨ ᠠᠰᠠᠭᠤᠳᠠᠯ ᠤᠨ ᠮᠤᠵᠢᠭᠤᠳᠠ ᠴᠢᠨᠠᠷ ᠳᠠᠬᠢᠵᠤ ᠲᠠᠪᠳᠠᠬᠤ ᠴᠢᠨᠠᠷ ᠢ ᠲᠠᠬᠢᠨᠳᠠ ᠬᠠᠷᠠᠭᠤᠯᠤᠭᠰᠠᠠ ᠪᠠᠢᠢᠨ᠎ᠠ᠃《ᠲᠦᠷᠪᠡᠨ ᠰᠤᠷᠳᠠᠯ》 ᠢ ᠵᠠᠯᠠᠷᠠᠭᠤᠯᠬᠤ ᠢᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠢᠢᠭᠤᠯᠤᠯᠳᠠ ᠬᠡᠵᠢᠶᠡᠳᠡ ᠲᠠᠭᠤᠰᠤᠰᠢ ᠦᠭᠡᠢ ᠶᠤᠮ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠴᠦᠮ ᠦᠪᠡᠷ ᠤᠨ ᠢᠯᠡᠷᠡᠯ ᠢᠶᠡᠨ ᠲᠡᠯᠬᠡᠵᠥ ᠦᠵᠡᠨ᠂ ᠵᠦᠷᠢᠶ᠎ᠠ ᠪᠡᠨ ᠡᠷᠢᠵᠥ ᠦᠵᠡᠨ᠂ ᠭᠤᠤᠯ ᠵᠦᠷᠢᠴᠡᠯ ᠢ ᠡᠵᠡᠮᠳᠡᠵᠦ᠂ ᠤᠨᠴᠠᠭᠠᠢᠢᠯᠠᠨ ᠤᠪᠤᠷ ᠢᠶᠡᠨ ᠢᠯᠡᠳᠬᠡᠬᠦ ᠨᠢ ᠤᠯᠠᠨ᠂ ᠬᠡᠯᠡᠬᠦ ᠨᠢ ᠰᠠᠢᠢᠬᠠᠨ᠂ ᠠᠵᠢᠯᠯᠠᠭ᠎ᠠ ᠠᠪᠬᠤ ᠨᠢ ᠴᠦᠭᠡᠨ᠂ ᠨᠠᠢᠢᠳᠠᠪᠤᠷᠢᠵᠢᠭᠤᠯᠬᠤ ᠪᠡᠷ ᠠᠨᠠᠢ ᠵᠡᠷᠬᠡ ᠲᠤᠪᠤᠢᠢᠮ᠎ᠠ ᠠᠰᠠᠭᠤᠳᠠᠯ ᠳ᠋ᠤ ᠴᠢᠭᠯᠡᠬᠦᠯᠥᠨ᠂ ᠴᠢᠩᠭ᠎ᠠ ᠠᠷᠭ᠎ᠠ ᠬᠡᠮᠵᠢᠶ᠎ᠠ ᠠᠪᠴᠦ᠂ ᠯᠠᠪᠳᠠᠭᠤᠨ ᠪᠠᠳᠤᠳᠠᠢ ᠦᠭᠡᠷᠡᠴᠢᠯᠡᠬᠦ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷ ᠲᠦᠷᠦᠬᠦᠯᠡᠨ ᠰᠤᠷᠳᠠᠯ  ᠢᠶᠡᠨ ᠬᠤᠪᠢᠷᠠᠭᠤᠯᠵᠥ᠂ ᠪᠡᠶ᠎ᠠ ᠪᠡᠷ ᠢᠶᠡᠨ ᠬᠡᠷᠡᠭᠵᠢᠬᠦᠯᠵᠥ᠂ ᠳᠡᠭᠡᠳᠦ ᠱᠠᠳᠤ ᠨᠢ ᠳᠤᠤᠷᠠᠳᠦ ᠱᠠᠳᠤ ᠪᠡᠨ ᠲᠠᠭᠠᠭᠤᠯᠵᠥ᠂ 《ᠬᠤᠰᠢᠭᠤᠴᠢ ᠭᠠᠯᠠᠭᠤ ᠢᠢᠨ ᠦᠢᠯᠡᠳᠦᠯ》 ᠢ ᠪᠦᠷᠢᠯᠳᠦᠬᠦᠯᠬᠦ ᠬᠡᠷᠡᠭᠳᠡᠢ᠃ ᠤᠳᠠᠯ ᠦᠭᠡᠢ ᠦᠷᠨᠢᠬᠦᠯᠬᠦ ᠪᠡᠷ ᠪᠠᠢᠢᠭ᠎ᠠ《ᠤᠭ ᠰᠨᠨᠠᠭ᠎ᠠ ᠪᠡᠨ ᠦᠯᠥ ᠮᠠᠷᠳᠠᠵᠥ᠂ ᠡᠬᠦᠷᠬᠡ ᠬᠠᠷᠢᠭᠤᠴᠠᠯᠭ᠎ᠠ ᠪᠡᠨ ᠪᠠᠳᠤ ᠴᠡᠬᠡᠵᠢᠯᠡᠶ᠎ᠠ》ᠬᠡᠬᠦ ᠭᠤᠤᠯ ᠰᠡᠳᠤᠪᠳᠤ ᠬᠦᠮᠥᠵᠢᠯ ᠤᠨ ᠲᠤᠮᠳᠠ᠂ ᠬᠡᠯᠪᠡᠷᠢᠴᠢ ᠦᠵᠡᠯ ᠢ ᠬᠦᠴᠦᠯᠡᠨ ᠴᠡᠭᠡᠷᠯᠡᠵᠥ᠂ ᠰᠠᠢᠢᠨ ᠰᠤᠷᠳᠠᠯ ᠢᠶᠡᠷ ᠰᠠᠢᠢᠨ ᠦᠷ᠎ᠠ ᠪᠦᠳᠦᠮᠵᠢ ᠤᠯᠬᠤ ᠢᠢ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃

    ᠰᠢᠨᠬᠤᠸᠠ ᠬᠤᠷᠢᠶᠠᠨ ᠤ ᠵᠤᠬᠢᠶᠠᠯ ᠳᠤ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠲᠦᠪ ᠤᠨ ᠨᠠᠶ᠋ᠮᠠᠨ ᠲᠤᠭᠳᠠᠭᠠᠯ ᠢ ᠲᠤᠭᠳᠠᠭᠠᠵᠤ ᠬᠡᠷᠡᠭᠵᠢᠭᠦᠯᠦᠭᠰᠡᠨ ᠡᠴᠡ ᠡᠬᠢᠯᠡᠨ᠂ ᠪᠦᠬᠦ ᠨᠠᠮ ᠤᠨ ᠬᠢᠨ《ᠳᠦᠷᠪᠡᠨ ᠰᠤᠷᠳᠠᠯ》 ᠢ ᠵᠠᠯᠠᠷᠠᠭᠤᠯᠬᠤ ᠲᠠᠯ᠎ᠠ ᠪᠡᠷ ᠴᠢᠬᠤᠯᠠ ᠶᠡᠬᠡ ᠦᠷ᠎ᠠ ᠪᠦᠲᠦᠮᠵᠢ ᠤᠯᠵᠠᠢ᠂ ᠭᠡᠳᠡᠯ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠮᠦᠨᠬᠦ ᠵᠤᠬᠢᠬᠤ ᠬᠡᠮᠵᠢᠶ᠎ᠠ ᠪᠡᠷ ᠤᠷᠤᠰᠢᠵᠤ ᠪᠠᠢᠢᠨ᠎ᠠ᠂ ᠵᠢᠱᠢᠶᠡᠯᠡᠪᠡᠯ᠄ ᠵᠠᠷᠢᠮ ᠤᠳᠤᠷᠢᠳᠬᠤ ᠺᠠᠳ᠋ᠷ ᠪᠠᠢᠢᠴᠠᠭᠠᠨ ᠰᠤᠳᠤᠯᠤᠯᠲᠠ ᠬᠢᠬᠦ ᠳ᠋ᠡᠭᠡᠨ ᠠᠯᠪᠠ ᠬᠠᠰᠢᠵᠤ ᠦᠩᠭᠡ ᠵᠢᠨ ᠲᠡᠳᠦᠢ ᠶᠠᠪᠤᠵᠤ᠂ ᠬᠡᠯᠪᠡᠷᠢᠴᠢ ᠦᠵᠡᠯ ᠭᠠᠷᠭᠠᠵᠤ᠂ ᠪᠠᠢᠢᠴᠠᠭᠠᠨ ᠰᠤᠳᠤᠯᠤᠯᠲᠠ ᠬᠢᠬᠦ ᠭᠠᠵᠠᠷ ᠨᠢ《ᠲᠤᠭᠯᠠᠯᠲᠠ ᠵᠢᠨ ᠭᠠᠵᠠᠷ》ᠮᠡᠳᠦ ᠪᠤᠯᠵᠤ ᠪᠠᠢᠢᠨ᠎ᠠ; ᠵᠠᠷᠢᠮ ᠪᠠᠢᠢᠭᠤᠯᠤᠯᠭ᠎ᠠ ᠨᠢᠭᠡᠴᠡ ᠶᠢᠨ ᠬᠢᠨ《ᠡᠭᠦᠳᠡ ᠪᠡᠷ ᠨᠢ ᠤᠷᠤᠬᠤ ᠳᠦ ᠠᠮᠠᠷ᠂ ᠴᠢᠷᠠᠢ ᠨᠢ ᠦᠭᠡᠳᠡ》ᠪᠤᠯᠪᠠᠴᠤ《ᠤᠴᠢᠷ ᠶᠠᠪᠤᠳᠠᠯ ᠪᠦᠳᠦᠬᠡᠬᠦ ᠳᠦ ᠬᠦᠴᠢᠷ》ᠪᠠᠢᠢᠳᠠᠭ; ᠵᠠᠷᠢᠮ ᠭᠠᠵᠠᠷ ᠤᠨ ᠬᠢᠨ ᠤᠳᠤᠷᠢᠳᠤᠯᠭ᠎ᠠ ᠳᠠᠷᠤᠭ᠎ᠠ ᠨᠠᠷ ᠲᠤ《ᠠᠮᠠᠷᠬᠠᠨ ᠬᠠᠷᠠᠭᠳᠠᠬᠤ》ᠳᠦᠰᠦᠯ ᠪᠠᠢᠢᠭᠤᠯᠬᠤ ᠵᠢ ᠴᠢᠬᠤᠯᠠᠴᠢᠯᠠᠵᠤ᠂ 《ᠤᠯᠠᠨ ᠲᠦᠮᠡᠨ ᠳᠤᠷ᠎ᠠ ᠦᠭᠡᠢᠢᠴᠡᠬᠦ ᠡᠴᠡ ᠠᠶᠤᠬᠤ ᠦᠭᠡᠢ᠂ ᠳᠠᠷᠤᠭ᠎ᠠ ᠤᠯᠵᠤ ᠦᠵᠡᠬᠦ ᠦᠭᠡᠢ ᠡᠴᠡ ᠯᠠ ᠠᠶᠤᠨ᠎ᠠ》; ᠵᠠᠷᠢᠮ ᠭᠠᠵᠠᠷ ᠤᠷᠤᠨ ᠤ ᠬᠢᠨ ᠱᠠᠳᠤ ᠱᠠᠳᠤ ᠪᠡᠷ ᠳᠠᠬᠢᠨ ᠳᠠᠪᠳᠠᠨ ᠬᠤᠷᠠᠯ ᠬᠢᠵᠤ᠂ ᠬᠤᠷᠡᠯ ᠢᠶᠡᠷ ᠬᠤᠷᠠᠯ ᠢ ᠨᠠᠢᠢᠳᠠᠪᠤᠷᠢᠵᠢᠭᠤᠯᠵᠤ ᠪᠠᠢᠢᠨ᠎ᠠ; ᠬᠡᠰᠡᠭ ᠭᠠᠵᠠᠷ ᠤᠷᠤᠨ ᠤ ᠬᠢᠨ ᠪᠢᠴᠢᠭ᠌ ᠮᠠᠲ᠋ᠧᠷᠢᠶᠠᠯ ᠪᠢᠴᠢᠬᠦ ᠳ᠋ᠡᠭᠡᠨ ᠦᠬᠦᠮᠡᠯ ᠢᠶᠡᠷ ᠬᠠᠭᠤᠯᠵᠤ᠂ ᠳᠦᠷᠢᠮ ᠰᠢᠢᠳᠪᠤᠷᠢᠳᠦ ᠪᠤᠳᠤᠯᠭ᠎ᠠ ᠳᠤᠭᠳᠠᠭᠠᠬᠤ ᠳ᠋ᠠᠭᠠᠨ《ᠰᠤᠬᠤᠷ ᠪᠠᠯᠠᠢ ᠪᠡᠷ ᠳᠠᠭᠤᠷᠢᠶᠠᠵᠤ ᠪᠠᠢᠢᠨ᠎ᠠ》; ᠵᠠᠷᠢᠮ ᠺᠠᠳ᠋ᠷ ᠠᠵᠢᠯ ᠳᠠᠭᠠᠨ ᠬᠠᠰᠢ ᠶᠠᠰᠢ ᠬᠠᠨᠳᠤᠵᠤ᠂ ᠵᠠᠰᠠᠭ ᠤᠨ ᠶᠠᠪᠤᠳᠠᠯ ᠳᠦ ᠬᠤᠢᠢᠷᠭᠤ ᠨᠠᠵᠠᠭᠠᠢ ᠬᠠᠨᠳᠤᠵᠤ᠂ ᠬᠠᠷᠢᠭᠤᠴᠠᠯᠭ᠎ᠠ ᠵᠢ ᠳᠡᠭᠡᠭᠰᠢ ᠪᠡᠨ ᠲᠦᠯᠬᠢᠵᠤ ᠯᠡ ᠪᠠᠢᠢᠳᠠᠭ; ᠵᠠᠷᠢᠮ ᠭᠠᠵᠠᠷ ᠤᠨ ᠬᠢᠨ ᠪᠤᠳᠠᠳᠠᠢ ᠦᠷ᠎ᠠ ᠪᠦᠲᠦᠮᠵᠢ ᠵᠢ ᠴᠢᠬᠤᠯᠠᠴᠢᠯᠬᠠᠤ ᠦᠭᠡᠢ ᠦᠩᠭᠡᠨ ᠲᠠᠯ᠎ᠠ ᠵᠢ ᠯᠠ ᠴᠢᠬᠤᠯᠠᠴᠢᠯᠠᠵᠤ᠂《ᠪᠢᠴᠢᠭ᠌ ᠮᠠᠲ᠋ᠧᠷᠢᠶᠠᠯ ᠢ ᠭᠤᠶᠤᠯᠠᠬᠤ》ᠳᠡᠭᠡᠷ᠎ᠠ ᠢᠯᠡᠭᠦᠦ ᠬᠦᠴᠤ ᠲᠠᠯᠪᠢᠵᠤ᠂《ᠪᠢᠴᠢᠭ᠌ ᠮᠠᠲ᠋ᠧᠷᠢᠶᠠᠯ ᠢᠶᠡᠷ ᠠᠵᠢᠯ ᠤᠨ ᠠᠮᠵᠢᠯᠲᠠ ᠭᠠᠷᠭᠠᠬᠤ》ᠵᠢ ᠬᠦᠭᠡᠭᠡᠴᠡᠯᠳᠦᠵᠤ ᠪᠠᠢᠢᠨ᠎ᠠ; ᠵᠠᠷᠢᠮ ᠤᠳᠤᠷᠢᠳᠬᠤ ᠺᠠᠳ᠋ᠷ ᠨᠢ ᠬᠠᠷᠢᠭᠤᠴᠠᠯᠭ᠎ᠠ ᠵᠢ ᠳᠤᠷᠤᠭᠰᠢ ᠪᠠᠭᠤᠯᠭᠠᠬᠤ ᠳᠤᠷᠠᠳᠠᠢ ᠪᠠᠢᠢᠵᠤ᠂ 《ᠬᠠᠷᠢᠭᠤᠴᠠᠯᠭ᠎ᠠ ᠪᠠᠨ ᠭᠦᠢᠴᠡᠳᠭᠡᠬᠦ》ᠪᠢᠰᠢ《ᠬᠠᠷᠢᠭᠤᠴᠠᠯᠭ᠎ᠠ ᠪᠠᠨ ᠵᠠᠢᠢᠯᠠᠭᠤᠯᠬᠤ》ᠪᠤᠯᠵᠤ ᠪᠠᠢᠢᠨ᠎ᠠ; ᠵᠠᠷᠢᠮ ᠺᠠᠳ᠋ᠷ ᠨᠢ ᠪᠠᠢᠢᠳᠠᠯ ᠢ ᠮᠡᠳᠡᠵᠤ ᠪᠠᠢᠢᠪᠠᠴᠤ ᠮᠡᠳᠡᠭᠦᠯᠭᠦ ᠦᠭᠡᠢ᠂ ᠳᠤᠷ᠎ᠠ ᠪᠡᠷ ᠨᠢ ᠲᠠᠯᠪᠢᠵᠤ᠂ ᠦᠯᠦ ᠤᠢᠢᠰᠢᠶᠠᠬᠤ ᠤᠪᠤᠷ ᠠᠪᠳᠠᠭ; ᠵᠠᠷᠢᠮ ᠺᠠᠳ᠋ᠷ ᠬᠡᠯᠡᠬᠦ ᠨᠢ ᠨᠢᠭᠡ ᠬᠢᠬᠦ ᠨᠢ ᠨᠢᠭᠡ᠂ ᠲᠠᠢᠢᠰᠠᠨ ᠳᠡᠭᠡᠷ᠎ᠠ ᠲᠠᠢᠢᠰᠠᠨ ᠳᠤᠤᠷ᠎ᠠ ᠬᠤᠶᠠᠷ ᠶᠠᠩᠵᠤ ᠵᠢᠨ ᠪᠠᠢᠢᠳᠠᠭ ᠭᠡᠵᠤ ᠳᠤᠰᠬᠠᠵᠠᠢ᠃

    12 ᠰᠠᠷ᠎ᠠ ᠵᠢᠨ 9 ᠤ ᠡᠳᠦᠷ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠡᠴᠡ ᠮᠡᠳᠡᠭᠳᠡᠯ ᠳᠠᠷᠤᠮᠠᠯᠯᠠᠨ ᠲᠠᠷᠬᠠᠭᠠᠵᠤ᠂ ᠶᠡᠷᠦᠩᠬᠡᠢ ᠱᠦᠵᠢ ᠰᠢ ᠵᠢᠨ ᠫᠢᠩ ᠤᠨ ᠡᠨᠡᠬᠦ ᠴᠢᠬᠤᠯᠠ ᠵᠢᠭᠠᠪᠤᠷᠢ ᠨᠢ ᠴᠢᠪ ᠬᠡᠮᠡᠨ ᠤᠨᠤᠭᠠᠭᠰᠠᠨ᠂ ᠴᠠᠭ ᠦᠶ᠎ᠠ ᠵᠢᠨ ᠭᠡᠮ ᠠᠷᠬᠠᠭ ᠢ ᠳᠤᠭᠰᠢᠭᠰᠠᠨ᠂ ᠠᠭᠤᠯᠬᠤᠨ ᠨᠢ ᠡᠯᠪᠡᠭ᠌ ᠪᠠᠶᠠᠯᠢᠬ᠂ ᠱᠠᠭᠠᠷᠳᠠᠯᠭ᠎ᠠ ᠨᠢ ᠢᠯᠡ ᠳᠤᠳᠤᠷᠬᠠᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠪᠦᠬᠦ ᠲᠠᠯ᠎ᠠ ᠪᠡᠷ ᠨᠠᠮ ᠢ ᠴᠢᠩᠭ᠎ᠠ ᠵᠠᠰᠠᠬᠤ ᠶᠢ ᠭᠤᠢᠢᠪᠢᠰᠢ ᠦᠭᠡᠢ ᠪᠡᠷ ᠠᠬᠢᠭᠤᠯᠬᠤ᠂ ᠰᠤᠷᠲᠠᠯ ᠢ ᠴᠡᠭᠴᠡᠯᠡᠵᠦ ᠰᠠᠬᠢᠯᠭ᠎ᠠ ᠪᠠᠳᠤ ᠵᠢ ᠴᠢᠩᠳᠠᠯᠠᠬᠤ ᠵᠢ ᠤᠷᠲᠤ ᠬᠤᠭᠤᠴᠠᠭ᠎ᠠ ᠪᠡᠷ ᠪᠠᠷᠢᠮᠲᠠᠯᠠᠬᠤ ᠢᠯᠡ ᠳᠤᠳᠤ ᠤᠪᠤᠷ ᠪᠤᠯᠤᠨ ᠡᠷᠡᠰ ᠪᠠᠳᠤ ᠵᠤᠷᠢᠬ ᠢ ᠭᠦᠢᠴᠡᠳ ᠬᠠᠷᠠᠭᠤᠯᠵᠤ᠂ ᠪᠦᠬᠦ ᠨᠠᠮ ᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠬ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠤᠷᠲᠠᠯ ᠤᠨ ᠪᠦᠲᠦᠭᠡᠨ ᠪᠠᠢᠢᠭᠤᠯᠤᠯᠲᠠ ᠪᠡᠨ ᠴᠢᠩᠭᠠᠳᠬᠠᠬᠤ ᠳ᠋ᠤ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ ᠶᠤᠮ ᠭᠡᠵᠦ ᠵᠢᠭᠠᠵᠤ ᠭᠠᠷᠭᠠᠪᠠ᠃

    ᠮᠡᠳᠡᠭᠳᠡᠯ ᠳ᠋ᠤ᠂ ᠡᠯ᠎ᠠ ᠭᠠᠵᠠᠷ ᠤᠷᠤᠨ  ᠡᠯ᠎ᠠ ᠰᠠᠯᠠᠭ᠎ᠠ ᠮᠦᠴᠢᠷ ᠤᠨ ᠬᠢᠨ ᠦᠳᠳᠡᠷ ᠲᠦᠷᠭᠡᠨ ᠤᠯᠠᠮᠵᠢᠯᠠᠨ ᠰᠤᠷᠤᠯᠴᠠᠬᠤ ᠢᠢᠨ ᠬᠠᠮᠲᠤ ᠲᠤᠤᠱᠯᠠᠭᠤᠯᠤᠨ ᠨᠠᠢᠢᠳᠠᠪᠤᠷᠢᠵᠢᠭᠤᠯᠬᠤ ᠵᠢ ᠦᠨᠡᠨᠬᠦ ᠰᠠᠢᠢᠳᠤᠷ ᠠᠳᠬᠤᠬᠤ ᠬᠡᠷᠡᠭᠲᠡᠢ᠃ ᠨᠠᠮ ᠤᠨ ᠭᠡᠰᠢᠭᠦᠳ᠂ ᠺᠠᠳ᠋ᠷᠴᠤᠳ ᠢ ᠨᠠᠷᠢᠨ ᠬᠢᠨᠠᠮᠠᠭᠠᠢ ᠵᠤᠬᠢᠶᠠᠨ ᠪᠠᠢᠢᠭᠤᠯᠵᠤ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠵᠢᠭᠠᠪᠤᠷᠢ ᠵᠢ ᠰᠤᠷᠤᠯᠴᠠᠨ ᠶᠠᠷᠢᠯᠴᠠᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠬ ᠰᠠᠨᠠᠭ᠎ᠠ ᠪᠠ ᠰᠢ ᠵᠢᠨ ᠫᠢᠩ ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ ᠤᠨ ᠤᠨᠴᠠᠯᠢᠬ ᠲᠡᠢ ᠨᠡᠢᠢᠭᠡᠮ ᠵᠢᠷᠤᠮ ᠤᠨ ᠦᠵᠠᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠵᠢᠭᠠᠪᠤᠷᠢ ᠵᠢᠨ ᠠᠭᠤᠯᠭ᠎ᠠ ᠪᠠ ᠵᠤᠷᠢᠬ ᠰᠠᠨᠠᠭᠠᠨ ᠤ ᠮᠦᠨ ᠴᠢᠨᠠᠷ ᠢ ᠭᠦᠨᠵᠡᠭᠡᠢ ᠤᠢᠢᠯᠠᠭᠠᠵᠤ᠂《ᠲᠦᠷᠪᠡᠨ ᠤᠬᠠᠮᠰᠠᠷ》 ᠢ ᠪᠠᠳᠤ ᠪᠤᠢ ᠪᠤᠯᠭᠠᠵᠤ᠂ ᠤᠯᠤᠰ ᠲᠦᠷᠤ ᠢᠢᠨ ᠵᠤᠬᠰᠤᠯᠳᠠ ᠪᠤᠯᠤᠨ ᠤᠯᠤᠰ ᠲᠦᠷᠤ ᠢᠢᠨ ᠤᠬᠠᠮᠰᠠᠷ ᠢᠶᠡᠨ ᠲᠠᠰᠤᠷᠠᠯᠳᠠ ᠦᠬᠡᠢ ᠲᠡᠭᠡᠭᠰᠢᠯᠡᠬᠦᠯᠵᠤ᠂ ᠡᠭᠦᠷᠢᠳᠡ ᠵᠠᠮ ᠳᠠᠭᠠᠨ ᠪᠠᠢᠢᠬᠤ ᠡᠷᠡᠰ ᠪᠠᠳᠤ ᠴᠦᠬᠦᠷᠡᠰᠢ ᠦᠬᠡᠢ ᠲᠡᠮᠡᠴᠡᠬᠦ ᠵᠤᠷᠢᠬ ᠢᠶᠡᠷ ᠰᠤᠷᠳᠠᠯ ᠦᠨ ᠪᠠᠢᠢᠭᠤᠯᠤᠯᠳᠠ ᠢᠢ ᠰᠠᠢᠢᠳᠦᠷ ᠠᠳᠬᠤᠬᠤ ᠭᠡᠷᠡᠭᠳᠠᠢ; ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠦᠨ ᠬᠢᠨ ᠵᠢᠯ ᠦᠨ ᠡᠴᠤᠰ ᠲᠤ ᠠᠷᠠᠳᠴᠢᠯᠠᠯ ᠤᠨ ᠠᠮᠢᠳᠤᠷᠠᠯ ᠦᠨ ᠬᠤᠷᠠᠯ ᠪᠤᠯᠤᠨ ᠵᠤᠬᠢᠶᠠᠨ ᠪᠠᠢᠢᠭᠤᠯᠤᠯᠳᠠ ᠢᠢᠨ ᠠᠮᠢᠳᠤᠷᠠᠯ ᠤᠨ ᠬᠤᠷᠠᠯ ᠬᠢᠵᠤ᠂ ᠲᠦᠪ ᠤᠨ ᠨᠠᠶ᠋ᠮᠠᠨ ᠲᠤᠭᠳᠠᠭᠠᠯ ᠦᠨ ᠵᠤᠷᠢᠬ ᠰᠠᠨᠠᠭ᠎ᠠ ᠢᠢ ᠲᠤᠤᠱᠯᠠᠭᠤᠯᠤᠨ ᠨᠠᠢᠢᠳᠠᠪᠤᠷᠢᠵᠢᠭᠤᠯᠵᠤ᠂ ᠰᠤᠷᠳᠠᠯ ᠢᠶᠡᠨ ᠬᠤᠪᠢᠷᠠᠭᠤᠯᠵᠤ ᠰᠤᠷᠳᠠᠯ ᠢᠶᠡᠨ ᠰᠠᠢᠢᠵᠢᠷᠠᠭᠤᠯᠤᠭᠰᠠᠨ ᠪᠠᠢᠢᠳᠠᠯ ᠢ ᠬᠠᠷᠭᠤᠭᠤᠯᠤᠨ ᠪᠠᠢᠢᠴᠠᠭᠠᠬᠤ ᠠᠵᠢᠯ ᠤᠨ ᠴᠢᠬᠤᠯᠠ ᠠᠭᠤᠯᠭ᠎ᠠ ᠪᠤᠯᠭᠠᠵᠤ᠂ ᠦᠨᠡᠨᠬᠦ ᠶᠠᠷᠤᠩᠬᠡᠢ ᠱᠦᠵᠢ ᠰᠢ ᠵᠢᠨ ᠫᠢᠩ ᠦᠨ ᠴᠢᠬᠤᠯᠠ ᠵᠢᠭᠠᠪᠤᠷᠢ ᠢᠢᠨ ᠱᠠᠭᠠᠷᠳᠠᠯᠭ᠎ᠠ ᠪᠡᠷ᠂《ᠲᠦᠷᠪᠡᠨ ᠰᠤᠷᠳᠠᠯ》 ᠤᠨ ᠲᠤᠪᠤᠢᠢᠮ᠎ᠠ ᠠᠰᠠᠭᠤᠳᠠᠯ᠂ ᠤᠨᠴᠠᠭᠠᠢᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠦᠨ ᠰᠢᠨ᠎ᠠ ᠢᠯᠡᠷᠡᠯ ᠢ ᠨᠠᠷᠢᠨ ᠬᠢᠨᠠᠮᠠᠭᠠᠢ ᠡᠷᠢᠵᠦ ᠪᠠᠢᠢᠴᠠᠭᠠᠵᠤ᠂ ᠬᠠᠳᠠᠭᠤ ᠴᠢᠩᠭ᠎ᠠ ᠠᠷᠭ᠎ᠠ ᠠᠪᠴᠤ᠂ ᠡᠷᠡᠰ ᠴᠡᠭᠴᠡᠯᠡᠨ ᠵᠠᠰᠠᠵᠤ᠂ ᠪᠤᠳᠠᠳᠠᠢ ᠦᠷ᠎ᠠ ᠪᠦᠳᠦᠮᠵᠢ ᠤᠯᠬᠤ ᠪᠡᠷ ᠴᠢᠷᠮᠠᠢᠢᠬᠤ ᠭᠡᠷᠡᠭᠳᠠᠢ; ᠡᠯ᠎ᠠ ᠱᠠᠳᠤᠨ ᠦ ᠤᠳᠤᠷᠢᠳᠬᠤ ᠺᠠᠳ᠋ᠷ ᠡᠴᠡ ᠡᠬᠢᠯᠠᠨ ᠭᠡᠷᠡᠭᠵᠢᠬᠦᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠲᠠᠭᠠᠭᠤᠯᠵᠤ᠂ ᠱᠠᠳᠤ ᠱᠠᠳᠤ ᠪᠡᠷ ᠲᠠᠢᠢᠴᠢᠯᠠᠵᠤ᠂ ᠦᠷᠬᠦᠯᠵᠢᠯᠠᠨ ᠰᠢᠨ᠎ᠠ ᠵᠢᠯ᠂ ᠴᠠᠭᠠᠨ ᠰᠠᠷ᠎ᠠ ᠵᠡᠷᠬᠡ ᠵᠠᠩᠬᠢᠯᠠᠭ᠎ᠠ ᠢᠢᠨ ᠴᠠᠬ ᠦᠶ᠎ᠠ ᠵᠢ ᠴᠢᠩᠭ᠎ᠠ ᠠᠩᠬᠠᠷᠴᠤ᠂ ᠪᠠᠭ᠎ᠠ ᠶᠠᠪᠤᠳᠠᠯ ᠡᠴᠡ ᠠᠳᠬᠤᠵᠤ᠂ ᠮᠠᠭᠤ ᠮᠠᠭᠤᠬᠠᠢ ᠰᠤᠷᠳᠠᠯ ᠲᠠᠬᠢᠨ ᠢᠯᠡᠷᠡᠬᠦ ᠢᠢ ᠡᠷᠡᠰ ᠰᠡᠷᠬᠡᠢᠢᠯᠠᠵᠤ᠂ ᠲᠦᠪ ᠤᠨ ᠨᠠᠶ᠋ᠮᠠᠨ ᠲᠤᠭᠳᠠᠭᠠᠯ ᠦᠨ ᠵᠤᠷᠢᠬ ᠰᠠᠨᠠᠭ᠎ᠠ ᠢᠢᠨ ᠦᠷ᠎ᠠ ᠪᠦᠳᠤᠬᠡᠯ ᠢ ᠲᠠᠰᠤᠷᠠᠯᠳᠠ ᠦᠬᠡᠢ ᠪᠠᠳᠤᠳᠬᠠᠬᠤ ᠪᠠ ᠦᠷᠬᠡᠳᠬᠡᠬᠦ ᠭᠡᠷᠡᠭᠳᠠᠢ ᠬᠡᠵᠥ ᠱᠠᠭᠠᠷᠳᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122096886